ᠲᠠᠩᠰᠤᠭ ᠰᠠᠶᠢᠬᠠᠨ ᠵᠤᠨ ᠤ ᠠᠮᠠᠷᠠᠯᠲᠠ ᠶᠢᠨ ᠬᠥᠳᠡᠯᠭᠡᠭᠡᠨ ᠨᠢ ᠬᠡᠦᠬᠡᠳ ᠢ ᠬᠠᠯᠠᠮᠵᠢᠯᠠᠨ᠎ᠠ
ᠨᠡᠶᠢᠲᠡᠯᠡᠭᠰᠡᠨ ᠴᠠᠭ᠄
2024/8/20
   ᠵᠣᠨ ᠤ ᠠᠮᠠᠷᠠᠯᠲᠠ ᠶᠢᠨ ᠬᠤᠭᠤᠴᠠᠭᠠᠨ ᠳᠤ᠂ ᠲᠦᠴᠢᠦᠸᠠᠨ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠬᠡᠦᠬᠡᠳ ᠢ ᠬᠠᠯᠠᠮᠵᠢᠯᠠᠨ ᠬᠠᠶᠢᠷᠠᠯᠠᠬᠤ ᠡᠯᠪᠡᠭ ᠪᠠᠶᠠᠯᠢᠭ ᠦᠶᠯᠡᠴᠢᠯᠡᠭᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠡᠦᠬᠡᠳ ᠤᠳ ᠢ ᠪᠠᠶᠠᠷ ᠬᠥᠷ ᠲᠠᠢ᠂ ᠤᠳᠬ᠎ᠠ ᠠᠭᠤᠯᠭ᠎ᠠ ᠲᠠᠢ ᠠᠮᠠᠷᠠᠯᠲᠠ ᠶᠢᠨ ᠬᠤᠭᠤᠴᠠᠭ᠎ᠠ ᠥᠩᠭᠡᠷᠡᠭᠦᠯᠪᠡ᠃
   8 ᠰᠠᠷ᠎ᠠ ᠶᠢᠨ 13 ᠤ ᠡᠳᠦᠷ᠂ ᠲᠦᠴᠢᠦᠸᠠᠨ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠬᠠᠷᠢᠶ᠎ᠠ ᠣᠷᠣᠨ ᠤ  ᠪᠠᠨ 80 ᠭᠠᠷᠤᠶ ᠬᠡᠦᠬᠡᠳ ᠪᠠ ᠬᠡᠷ ᠤᠨ ᠠᠬᠠᠮᠠᠳ ᠢ ᠵᠣᠬᠢᠶᠠᠨ ᠪᠠᠶᠢᠭᠤᠯᠵᠤ᠂ ᠲᠦᠴᠢᠦᠸᠠᠨ ᠰᠢᠶᠠᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠤᠯᠠᠭᠠᠨᠮᠥ᠋ᠴᠢᠷ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠲᠥᠪ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ ᠳᠤ ᠲᠣᠰ ᠲᠣᠰ ᠬᠦᠷᠴᠦ᠂ ᠲᠤᠬᠠᠶ ᠶᠢᠨ ᠲᠠᠯᠠᠪᠠᠶ ᠳᠤ ᠲᠣᠭᠤᠷᠢᠨ ᠦᠵᠡᠬᠦ᠂ ᠡᠴᠢᠭᠡ ᠡᠬᠡ ᠦᠷ᠎ᠡ ᠬᠡᠦᠬᠡᠳ ᠤᠨ ᠤᠩᠰᠢᠯᠭ᠎ᠠ ᠬᠢᠬᠦ᠂ ᠺᠢᠨᠣ᠋ ᠦᠵᠡᠬᠦ ᠠᠵᠢᠯᠯᠠᠭ᠎ᠠ ᠬᠢᠬᠦ᠂ ᠠᠮᠤᠷ ᠲᠦᠪᠰᠢᠨ ᠢᠶᠠᠷ ᠰᠤᠷᠤᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠪᠠᠭᠠᠴᠤᠳ ᠬᠡᠦᠬᠡᠳ ᠢ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ᠂ ᠪᠡᠶ᠎ᠡ ᠪᠠᠨ ᠳᠠᠭᠠᠭᠠᠵᠤ ᠥᠪᠡᠷ ᠢ  ᠪᠠᠨ ᠬᠦᠴᠦᠷᠬᠡᠭᠵᠢᠭᠦᠯᠬᠦ᠂ ᠥᠭᠡᠳᠡᠯᠡᠨ ᠳᠠᠪᠰᠢᠬᠤ ᠪᠠᠷ ᠬᠦᠴᠦᠯᠡᠨ ᠴᠢᠷᠮᠠᠶᠢᠬᠤ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠪᠣᠯᠬᠤ ᠪᠠᠷ ᠴᠢᠷᠮᠠᠶᠢᠬᠤ ᠬᠡᠷᠡᠭᠲᠡᠶ ᠭᠡᠵᠦ ᠬᠥᠮᠦᠵᠢᠭᠦᠯᠪᠡ᠃
   ᠵᠣᠨ ᠤ ᠠᠮᠠᠷᠠᠯᠲᠠ ᠶᠢᠨ ᠬᠤᠭᠤᠴᠠᠭᠠᠨ ᠳᠤ᠂ ᠲᠦᠴᠢᠦᠸᠠᠨ ᠰᠢᠶᠠᠨ ᠤ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠵᠣᠬᠢᠶᠠᠨ ᠪᠠᠶᠢᠭᠤᠯᠤᠯᠲᠠ ᠨᠢ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠤᠯᠪᠣᠭᠠᠯᠠᠨ ᠬᠥᠳᠡᠯᠦᠯᠴᠡᠵᠦ᠂ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠭᠤᠤᠯ ᠰᠡᠳᠦᠪ ᠢ ᠳᠣᠪᠣᠶᠢᠯᠭᠠᠵᠤ᠂ ᠠᠮᠠᠷᠠᠯᠲᠠ ᠶᠢᠨ ᠬᠤᠭᠤᠴᠠᠭᠠᠨ ᠤ ᠠᠮᠤᠷ ᠲᠦᠪᠰᠢᠨ ᠢ ᠰᠠᠬᠢᠨ ᠬᠠᠮᠠᠭᠠᠯᠠᠬᠤ ᠶᠢ ᠳᠣᠪᠣᠶᠢᠯᠭᠠᠵᠤ᠂ ᠬᠡᠷ ᠪᠦᠯᠢ ᠶᠢᠨ ᠬᠥᠮᠦᠵᠢᠯ ᠵᠢᠯᠣᠭᠤᠳᠣᠯᠭ᠎ᠠ ᠶᠢ ᠳᠣᠪᠣᠶᠢᠯᠭᠠᠵᠤ᠂ ᠣᠨᠴᠠᠭᠠᠶ ᠬᠥᠮᠦᠰ ᠢ ᠬᠠᠪᠰᠤᠷᠤᠨ ᠲᠡᠳᠬᠦᠬᠦ ᠶᠢ ᠳᠣᠪᠣᠶᠢᠯᠭᠠᠵᠤ᠂ ᠵᠣᠨ ᠤ ᠠᠮᠠᠷᠠᠯᠲᠠ ᠶᠢᠨ ᠬᠤᠭᠤᠴᠠᠭᠠᠨ ᠤ ᠬᠡᠦᠬᠡᠳ ᠢ ᠬᠠᠯᠠᠮᠵᠢᠯᠠᠨ ᠬᠠᠶᠢᠷᠠᠯᠠᠬᠤ ᠡᠯᠪᠡᠭ ᠪᠠᠶᠠᠯᠢᠭ ᠦᠶᠯᠡᠴᠢᠯᠡᠭᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃
   ᠣᠶᠢᠯᠠᠭᠠᠭᠰᠠᠨ ᠢᠶᠠᠷ᠂ ᠳᠣᠯᠣᠳᠤᠭᠠᠷ ᠰᠠᠷ᠎ᠠ ᠶᠢᠨ ᠡᠬᠢᠨ ᠠᠴᠠ ᠡᠬᠢᠯᠡᠨ᠂ ᠲᠦᠴᠢᠦᠸᠠᠨ ᠰᠢᠶᠠᠨ ᠤ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠤᠭ᠎ᠠ ᠶᠢᠨ ᠵᠣᠬᠢᠶᠠᠨ ᠪᠠᠶᠢᠭᠤᠯᠤᠯᠲᠠ ᠡᠯᠪᠡᠭ ᠪᠠᠶᠠᠯᠢᠭ ᠠᠭᠤᠯᠭ᠎ᠠ ᠲᠠᠢ ᠬᠡᠦᠬᠡᠳ ᠤᠨ ᠵᠣᠨ ᠤ ᠠᠮᠠᠷᠠᠯᠲᠠ ᠶᠢᠨ ᠬᠤᠭᠤᠴᠠᠭᠠᠨ ᠳᠠᠬᠢ ᠬᠠᠯᠠᠮᠵᠢᠯᠠᠨ ᠬᠠᠶᠢᠷᠠᠯᠠᠬᠤ ᠦᠶᠯᠡᠴᠢᠯᠡᠭᠡᠨ ᠤ ᠠᠵᠢᠯᠯᠠᠭ᠎ᠠ ᠶᠢ ᠬᠤᠶᠢᠨ᠎ᠠ ᠬᠤᠶᠢᠨ᠎ᠠ ᠠᠴᠠ ᠪᠠᠨ ᠥᠷᠨᠢᠭᠦᠯᠪᠡ᠃ 2022 ᠣᠨ ᠠᠴᠠ ᠨᠠᠰᠢ᠂ ᠲᠦᠴᠢᠦᠸᠠᠨ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠡᠪᠦᠯ ᠤᠨ ᠠᠮᠠᠷᠠᠯᠲᠠ ᠵᠣᠨ ᠤ ᠬᠤᠭᠤᠴᠠᠭᠠᠨ ᠤ ᠬᠡᠦᠬᠡᠳ  ᠢ ᠬᠠᠯᠠᠮᠵᠢᠯᠠᠨ ᠬᠠᠶᠢᠷᠠᠯᠠᠬᠤ ᠦᠶᠯᠡᠴᠢᠯᠡᠭᠡᠨ ᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ ᠥᠷᠨᠢᠭᠦᠯᠵᠦ᠂ ᠡᠪᠦᠯ ᠤᠨ ᠠᠮᠠᠷᠠᠯᠲᠠ ᠵᠣᠨ ᠤ ᠠᠮᠠᠷᠠᠯᠳᠠ ᠶᠢᠨ ᠬᠤᠭᠤᠴᠠᠭᠠᠨ ᠤ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠶᠯᠡᠴᠢᠯᠡᠭᠡᠨ ᠤ ᠠᠵᠢᠯᠯᠠᠭ᠎ᠠ ᠶᠢ ᠨᠡᠶᠢᠲᠡ 2000 ᠭᠠᠷᠤᠶ ᠤᠳᠠᠭ᠎ᠠ ᠥᠷᠨᠢᠭᠦᠯᠵᠦ᠂ 1489 ᠬᠡᠦᠬᠡᠳ ᠢ ᠲᠣᠬᠤᠨᠢᠭᠤᠯᠵᠤ᠂ 2 ᠲᠦᠮᠡ ᠭᠠᠷᠤᠶ ᠬᠡᠦᠬᠡᠳ ᠪᠠ ᠬᠡᠷ ᠤᠨ ᠠᠬᠠᠮᠠᠳ ᠲᠤ ᠠᠰᠢᠭ ᠬᠦᠷᠲᠡᠭᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号