ᠵᠠᠩ ᠱᠤᠸᠠᠩ ᠴᠧᠩ ᠪᠤᠤ ᠱᠢ ᠪᠠᠯᠭᠠᠰᠤᠨ ᠤ ᠪᠤᠤ ᠴᠧᠩ ᠲᠣᠰᠬᠤᠨ ᠳᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2024/8/21
  8 ᠰᠠᠷ᠎ᠠ ᠶᠢᠨ 21 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠱᠤᠸᠠᠩ ᠴᠧᠩ ᠪᠤᠤ ᠱᠢ ᠪᠠᠯᠭᠠᠰᠤᠨ ᠤ ᠪᠤᠤ ᠴᠧᠩ ᠲᠣᠰᠬᠤᠨ ᠳᠤ ᠬᠦᠷᠴᠦ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠠᠴᠠ ᠨᠠᠭᠠᠰᠢᠬᠢ ᠨᠠᠮ ᠪᠠ ᠤᠯᠤᠰ ᠤᠨ ᠠᠵᠢᠯ ᠦᠶᠯᠡᠰ ᠤᠨ ᠣᠯᠤᠭᠰᠠᠨ ᠴᠢᠬᠤᠯᠠ ᠶᠡᠭᠡ ᠠᠮᠵᠢᠯᠲᠠ ᠪᠦᠲᠦᠮᠵᠢ ᠶᠢ ᠭᠦᠨᠵᠡᠭᠡᠶ ᠲᠠᠨᠢᠬᠤ᠂ ᠪᠥᠬᠦᠳᠡ ᠬᠤᠷᠠᠯ  ᠤᠨ ᠭᠤᠤᠯ ᠰᠡᠳᠦᠪ ᠢ ᠭᠦᠨᠵᠡᠭᠡᠶ ᠲᠠᠨᠢᠬᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠴᠢᠬᠤᠯᠠ ᠴᠢᠨᠠᠷ ᠪᠠ ᠵᠠᠶᠢᠯᠠᠰᠢ ᠥᠬᠡᠶ ᠴᠢᠨᠠᠷ ᠢ ᠭᠦᠨᠵᠡᠭᠡᠶ ᠲᠠᠨᠢᠬᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠴᠢᠬᠤᠯᠠ ᠶᠡᠭᠡ ᠵᠠᠷᠴᠢᠮ ᠢ ᠭᠦᠨᠵᠡᠭᠡᠶ ᠲᠠᠨᠢᠬᠤ ᠵᠡᠷᠭᠡ ᠲᠤᠯᠤᠭᠠᠨ ᠲᠠᠯ᠎ᠠ ᠪᠠᠷ ᠭᠦᠨᠵᠡᠭᠡᠶ ᠲᠠᠶᠢᠯᠤᠮᠵᠢ ᠬᠢᠪᠠ  ᠃ ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ ᠰᠠᠶᠢᠲᠤᠷ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠠ ᠲᠡᠷᠢᠭᠦᠨ ᠴᠢᠬᠤᠯᠠ ᠶᠠᠪᠤᠳᠠᠯ ᠪᠣᠯᠭᠠᠵᠤ᠂ ᠰᠤᠷᠤᠯᠴᠠᠯᠭ᠎ᠠ ᠪᠣᠯᠪᠠᠰᠤᠷᠠᠯ᠂ ᠤᠬᠠᠭᠤᠯᠭ᠎ᠠ ᠲᠠᠶᠢᠯᠪᠤᠷᠢᠯᠠᠯᠲᠠ ᠳᠡᠭᠡᠷ᠎ᠡ ᠦᠷᠭᠦᠯᠵᠢᠯᠡᠨ ᠬᠦᠴᠦ ᠣᠷᠣᠭᠤᠯᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠣᠳᠠᠲᠠᠶ ᠠᠵᠢᠯ ᠤᠨ ᠳᠤᠮᠳᠠ ᠪᠠᠨ ᠦᠨᠡᠨ ᠬᠦ ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠳᠡᠭᠡᠷ᠎ᠡ ᠪᠠᠨ ᠢᠯᠡᠷᠡᠭᠦᠯᠵᠦ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠳᠠᠶᠠᠭᠠᠷ ᠢᠶᠠᠨ ᠮᠡᠳᠡᠬᠦ᠂ ᠬᠥᠮᠦᠰ ᠤᠨ ᠰᠡᠳᠬᠢᠯ ᠳᠤ ᠬᠠᠳᠠᠩᠰᠢᠭᠤᠯᠬᠤ᠂ ᠪᠣᠳᠠᠲᠤ ᠦᠷ᠎ᠡ ᠪᠦᠲᠦᠮᠵᠢ ᠤᠯᠬᠤ ᠶᠢ ᠬᠦᠴᠦᠲᠡᠶ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ  ᠃   ᠬᠤᠷᠠᠯ ᠠᠴᠠ ᠴᠢᠩᠭᠠᠳᠬᠠᠭᠰᠠᠨ ᠨᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ  ᠢ ᠪᠠᠲᠤ ᠴᠣᠭᠴᠠᠯᠠᠬᠤ 《 ᠭᠤᠣᠯ ᠱᠤᠭᠤᠮ 》 ᠢ ᠲᠣᠳᠣᠷᠬᠠᠶᠢᠯᠠᠬᠤ ᠬᠡᠷᠡᠭᠲᠡᠢ  ᠃ 《 ᠬᠤᠭᠤᠰᠣᠨ ᠪᠦᠳᠦᠭᠦᠯᠢᠭ 》 ᠠᠰᠠᠭᠤᠳᠠᠯ ᠢ ᠴᠡᠭᠴᠡᠯᠡᠨ ᠪᠠᠬᠢᠵᠢᠭᠦᠯᠬᠦ ᠲᠤᠷᠰᠢᠯᠲᠠ ᠶᠢᠨ ᠠᠵᠢᠯ ᠢ ᠭᠦᠨᠵᠡᠭᠡᠢ ᠥᠷᠨᠢᠭᠦᠯᠬᠦ ᠬᠡᠷᠡᠭᠲᠡᠢ᠂ ᠭᠤᠤᠯ ᠱᠤᠭᠤᠮ ᠤᠨ ᠠᠷᠭ᠎ᠠ ᠬᠡᠮᠵᠢᠶ᠎ᠡ ᠨᠢᠭᠡᠪᠦᠷᠢ ᠶᠢ ᠲᠡᠷᠡ ᠬᠡᠪ ᠢᠶᠠᠷ ᠨᠢ ᠲᠤᠤᠱᠯᠠᠭᠤᠯᠬᠤ ᠬᠡᠷᠡᠭᠲᠡᠶ᠂ ᠱᠠᠭᠠᠷᠳᠠᠯᠭ᠎ᠠ ᠪᠦᠷᠢ  ᠶᠢ ᠨᠠᠢᠳᠠᠪᠤᠷᠢᠵᠢᠭᠤᠯᠬᠤ ᠬᠡᠷᠡᠭᠲᠡᠶ᠂ ᠪᠠᠶᠢᠭᠤᠯᠤᠮᠵᠢ ᠶᠢᠨ ᠠᠵᠢᠯᠯᠠᠭᠠᠨ ᠢ ᠪᠣᠳᠠᠲᠤ ᠴᠣᠭᠴᠠᠵᠢᠭᠤᠯᠬᠤ ᠶᠢ ᠪᠠᠲᠤᠯᠠᠬᠤ ᠬᠡᠷᠡᠭᠲᠡᠶ᠂ ᠳᠦᠷᠢᠮ ᠤᠨ ᠬᠡᠷᠡᠭᠵᠢᠭᠦᠯᠦᠯᠲᠡ ᠶᠢ ᠵᠢᠷᠤᠮᠵᠢᠭᠤᠯᠬᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠨᠠᠷᠢᠯᠢᠭ ᠣᠨᠣᠴᠠᠲᠠᠶ ᠪᠣᠯᠭᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠠᠪᠤᠳᠠᠯ ᠢ ᠪᠦᠬᠦ ᠰᠢᠶᠠᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠳᠤ ᠦᠨᠡᠨ ᠬᠦ ᠲᠤᠭᠤᠰᠢᠯᠠᠭᠤᠯᠬᠤ ᠬᠡᠷᠡᠭᠲᠡᠢ᠂ ᠤᠯᠤᠰ ᠲᠦᠷᠦ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠠ ᠨᠠᠮ ᠤᠨ ᠪᠠᠶᠢᠭᠤᠯᠤᠯᠲᠠ ᠶᠢᠨ ᠪᠦᠬᠦ ᠶᠠᠪᠤᠴᠠ᠂ ᠡᠯ᠎ᠡ ᠵᠦᠶᠯ ᠤᠨ ᠠᠵᠢᠯ ᠢ ᠪᠥᠬᠦ ᠲᠠᠯ᠎ᠠ ᠪᠠᠷ ᠳᠥᠯᠭᠢᠨ ᠠᠬᠢᠭᠤᠯᠵᠤ ᠬᠢᠯᠠᠰ ᠴᠡᠭ ᠭᠠᠷᠭᠠᠪᠠ᠂ ᠨᠡᠶᠢᠲᠡᠯᠢᠭ ᠵᠢᠱᠢᠶ᠎ᠡ ᠭᠠᠷᠭᠠᠬᠤ᠂ ᠦᠷ᠎ᠡ ᠪᠦᠲᠦᠭᠡᠯ ᠭᠠᠷᠭᠠᠬᠤ᠂ ᠦᠷ᠎ᠡ ᠪᠦᠲᠦᠮᠵᠢ ᠭᠠᠷᠭᠠᠬᠤ᠂ ᠵᠢᠯ ᠤᠨ ᠳᠣᠲᠣᠷ᠎ᠠ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠶᠢ ᠪᠠᠲᠤᠯᠠᠨ᠎ᠠ᠃ ᠬᠥᠭᠵᠢᠯᠲᠡ ᠪᠣᠯᠤᠨ ᠠᠮᠢ ᠠᠬᠤᠢ ᠶᠢᠨ《 ᠬᠤᠶᠠᠷ ᠬᠤᠷᠢᠭ᠎ᠠ ᠱᠤᠭᠤᠮ 》 ᠢ ᠰᠠᠬᠢᠬᠤ ᠬᠡᠷᠡᠭᠲᠡᠢ᠃ ᠪᠦᠬᠦ ᠰᠢᠶᠠᠨ ᠳᠠᠶᠠᠭᠠᠷ ᠠᠵᠤ ᠠᠬᠤᠢ ᠶᠢᠨ ᠨᠡᠮᠡᠭᠳᠡᠯ ᠤᠨ ᠤᠬᠠᠮᠰᠠᠷ᠂ ᠬᠢᠷᠢ ᠪᠦᠲᠦᠮᠵᠢ ᠶᠢᠨ ᠤᠬᠠᠮᠰᠠᠷ ᠢ ᠪᠠᠲᠤ ᠪᠤᠢ ᠪᠣᠯᠭᠠᠵᠤ᠂ ᠲᠠᠪᠤᠨ ᠶᠡᠭᠡ ᠡᠭᠦᠷᠭᠡ ᠶᠢ ᠪᠦᠬᠦ ᠬᠦᠴᠦᠨ  ᠢᠶᠠᠷ ᠢᠶᠠᠨ ᠰᠠᠶᠢᠲᠤᠷ ᠪᠡᠶᠡᠯᠡᠭᠦᠯᠵᠦ᠂《 ᠵᠢᠷᠭᠤᠭᠠᠨ ᠢᠨᠵᠧᠨᠧᠷᠢᠩ 》 ᠢ ᠰᠠᠶᠢᠲᠤᠷ ᠬᠢᠵᠦ᠂ ᠵᠢᠯ ᠤᠨ ᠡᠬᠢᠨ ᠳᠤ ᠲᠣᠭᠲᠠᠭᠠᠭᠰᠠᠨ ᠬᠠᠷᠠᠯᠲᠠ ᠡᠭᠦᠷᠭᠡ ᠪᠠᠨ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠠᠷ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ  ᠃ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠦᠷᠢᠶᠡᠨ ᠳᠠᠬᠢ ᠬᠡᠮ ᠰᠣᠭᠤᠭ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠢᠯᠡᠷᠡᠭᠦᠯᠦᠭᠰᠡᠨ ᠠᠰᠠᠭᠤᠳᠠᠯ ᠢ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠵᠤ᠂ ᠪᠥᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠬᠡᠷᠡᠭᠲᠡᠶ᠃ ᠠᠵᠢᠯ ᠤᠨ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠠᠰᠠᠭᠤᠳᠠᠯ ᠢ ᠣᠨᠣᠪᠴᠢᠲᠠᠶ ᠡᠷᠢᠵᠦ᠂ ᠬᠡᠮ ᠰᠣᠭᠤᠭ ᠢ ᠲᠣᠳᠣᠷᠬᠠᠶ ᠣᠶᠢᠯᠠᠭᠠᠵᠤ᠂ ᠠᠶᠤᠯ ᠲᠦᠭᠰᠢᠭᠦᠷᠢ ᠶᠢ ᠠᠷᠢᠯᠭᠠᠬᠤ ᠬᠡᠷᠡᠭᠲᠡᠶ  ᠃ ᠠᠷᠠᠳ ᠤᠨ ᠠᠮᠢᠳᠤᠷᠠᠯ ᠤᠨ ᠤᠯᠠᠭᠠᠨ ᠱᠤᠭᠤᠮ᠂ ᠠᠮᠤᠷ ᠲᠦᠪᠰᠢᠨ ᠤ ᠤᠯᠠᠭᠠᠨ ᠱᠤᠭᠤᠮ᠂ ᠠᠷᠢᠭᠤᠨ ᠴᠢᠬᠡᠴᠢ ᠶᠢᠨ ᠤᠯᠠᠭᠠᠨ ᠱᠤᠭᠤᠮ  ᠤᠨ《 ᠭᠤᠷᠪᠠᠨ ᠤᠯᠠᠭᠠᠨ ᠱᠤᠭᠤᠮ 》 ᠢ ᠴᠢᠩᠭ᠎ᠠ ᠰᠠᠬᠢᠬᠤ ᠬᠡᠷᠡᠭᠲᠡᠢ  ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠰᠤᠷᠭᠠᠨ ᠬᠥᠮᠦᠵᠢᠯ ᠡᠮ ᠡᠮᠨᠡᠯᠭᠡ᠂ ᠨᠡᠶᠢᠭᠡᠮ ᠤᠨ ᠪᠠᠲᠤᠯᠠᠭ᠎ᠠ ᠨᠠᠰᠤᠵᠢᠯ ᠤᠨ ᠠᠰᠠᠷᠠᠮᠵᠢ᠂ ᠠᠵᠢᠯ ᠣᠯᠭᠤᠬᠤ ᠦᠢᠯᠡᠰ ᠪᠤᠰᠬᠠᠬᠤ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠤ ᠠᠵᠢᠯ ᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ  ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠭᠦᠶᠴᠡᠳᠬᠡᠵᠦ᠂ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠰᠠᠶᠢᠲᠤᠷ ᠥᠷᠭᠡᠳᠬᠡᠨ᠂ ᠠᠮᠢ ᠠᠬᠤᠶ ᠰᠢᠯᠢᠳᠡᠭ᠂ ᠠᠵᠤ ᠦᠶᠯᠡᠰ ᠬᠦᠴᠦᠷᠬᠡᠭ᠂ ᠣᠷᠣᠯᠭ᠎ᠠ ᠥᠨᠳᠥᠷ᠂ ᠠᠮᠢᠳᠤᠷᠠᠯ ᠰᠠᠶᠢᠨ᠂ ᠣᠷᠣᠰᠢᠨ ᠰᠠᠭᠤᠬᠤ ᠳᠤ ᠲᠣᠬᠢᠷᠠᠮᠵᠢᠲᠠᠶ ᠦᠶᠯᠡᠰ ᠪᠦᠲᠦᠭᠡᠬᠦ ᠳᠤ ᠲᠣᠬᠢᠷᠠᠮᠵᠢᠲᠠᠶ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠴᠢᠷᠮᠠᠶᠢᠨ ᠪᠥᠲᠥᠭᠡᠨ ᠪᠠᠶᠢᠭᠤᠯᠬᠤ ᠬᠡᠷᠡᠭᠲᠡᠶ  ᠃ ᠦᠵᠡᠯ ᠤᠬᠠᠮᠰᠠᠷ ᠤᠨ ᠬᠡᠯᠪᠡᠷᠢ᠂ ᠠᠶᠤᠯᠭᠦᠢ ᠦᠢᠯᠡᠳᠪᠦᠷᠢᠯᠡᠯ᠂ ᠨᠡᠶᠢᠭᠡᠮ ᠤᠨ ᠵᠠᠰᠠᠯᠲᠠ ᠵᠡᠷᠭᠡ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠦᠬᠦ ᠰᠢᠶᠠᠨ ᠤ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠪᠠᠶᠢᠬᠤ  ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ  ᠃ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠲᠠᠢ ᠤᠶᠠᠯᠳᠤᠭᠤᠯᠤᠨ᠂ ᠤᠯᠠᠨ ᠲᠦᠮᠡᠨ  ᠤ ᠪᠠᠴᠢᠮ ᠲᠤᠯᠭᠠᠮ᠂ ᠬᠦᠴᠢᠷ ᠵᠣᠪᠠᠭᠤᠷᠢ᠂ ᠬᠦᠰᠡᠯ ᠡᠷᠡᠮᠡᠯᠵᠡᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠤᠯᠠᠨ ᠲᠦᠮᠡᠨ ᠳᠤ ᠲᠥᠪ ᠭᠤᠣᠯᠴᠢ ᠰᠢᠳᠤᠷᠭᠤ ᠶᠣᠰᠣ ᠶᠢ ᠦᠨᠡᠨ ᠬᠦ ᠮᠡᠳᠡᠷᠡᠭᠦᠯᠵᠦ᠂ ᠲᠥᠪ ᠴᠢᠬᠡᠴᠢ ᠰᠤᠷᠲᠠᠯ ᠢ ᠮᠡᠳᠡᠷᠡᠭᠦᠯᠬᠦ ᠬᠡᠷᠡᠭᠲᠡᠢ  ᠃ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠨᠠᠮ ᠨᠢ ᠨᠠᠮ ᠢᠶᠠᠨ ᠬᠠᠮᠢᠶᠠᠷᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠪᠠᠷᠢᠮᠲᠠᠯᠠᠬᠤ ᠬᠡᠷᠡᠭᠲᠡᠢ  ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠵᠡᠷᠭᠡ ᠠᠵᠢᠯ ᠢ ᠯᠠᠪᠳᠠᠭᠤᠨ ᠪᠠᠲᠤᠲᠠᠶ ᠰᠠᠶᠢᠲᠤᠷ ᠥᠷᠨᠢᠭᠦᠯᠵᠦ᠂ ᠨᠠᠮ ᠤᠨ ᠤᠯᠤᠰ ᠲᠥᠷᠥ ᠶᠢᠨ ᠪᠠᠶᠢᠭᠤᠯᠤᠯᠲᠠ᠂ ᠦᠵᠡᠯ ᠰᠠᠨᠠᠭᠠᠨ ᠤ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠰᠤᠷᠲᠠᠯ ᠤᠨ ᠪᠠᠶᠢᠭᠤᠯᠤᠯᠲᠠ᠂ ᠰᠠᠬᠢᠯᠭ᠎ᠠ ᠪᠠᠲᠤ ᠶᠢᠨ ᠪᠠᠶᠢᠭᠤᠯᠤᠯᠲᠠ᠂ ᠲᠦᠷᠢᠮ ᠤᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠢᠯᠠᠩᠭᠤᠶ᠎ᠠ ᠲᠣᠰᠬᠤᠨ ᠤ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠩ ᠡᠭᠦᠷᠭᠡᠯᠡᠯ ᠲᠠᠢ᠂ ᠨᠠᠩ ᠨᠢᠭᠲᠠᠷᠠᠯ ᠤᠨ ᠬᠦᠴᠦᠨ ᠲᠠᠢ ᠪᠠᠶᠢᠬᠤ ᠶᠢ ᠠᠬᠢᠭᠤᠯᠵᠤ᠂ ᠴᠢᠨᠠᠷ ᠰᠠᠶᠢᠲᠠᠶ ᠨᠠᠮ ᠤᠨ ᠪᠠᠶᠢᠭᠤᠯᠤᠯᠲᠠ ᠪᠠᠷ ᠴᠢᠨᠠᠷ ᠰᠠᠶᠢᠲᠠᠶ ᠬᠥᠭᠵᠢᠯᠲᠡ ᠶᠢ ᠦᠨᠡᠨ ᠬᠦ ᠬᠥᠲᠥᠯᠥᠨ ᠳᠠᠭᠠᠭᠤᠯᠬᠤ ᠬᠡᠷᠡᠭᠲᠡᠶ  ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号