ᠱᠦᠶ ᠴᠢᠤᠸᠠᠨ ᠪᠠᠯᠭᠠᠰᠤ ᠲᠠᠯ᠎ᠠ ᠨᠤᠲᠤᠭ ᠤᠨ ᠨᠣᠮ ᠤᠨ ᠥᠷᠥᠭᠡ ᠣᠯᠠᠨ ᠲᠦᠮᠡᠨ ᠤ ᠣᠶᠤᠨ ᠰᠠᠨᠠᠭ᠎ᠠ ᠶᠢ ᠤᠯᠠᠮ ᠪᠠᠶᠠᠯᠢᠭᠵᠢᠭᠤᠯᠤᠨ᠎ᠠ
ᠨᠡᠶᠢᠲᠡᠯᠡᠭᠰᠡᠨ ᠴᠠᠭ᠄
2024/8/21
   ᠱᠦᠢ ᠴᠢᠤᠸᠠᠨ ᠪᠠᠯᠭᠠᠰᠤᠨ ᠤ ᠯᠦᠩ ᠴᠢᠤᠸᠠᠨ ᠲᠣᠰᠬᠤᠨ ᠤ ᠲᠠᠯ᠎ᠠ ᠨᠤᠲᠤᠭ ᠤᠨ ᠨᠣᠮ ᠤᠨ ᠦᠷᠦᠭᠡ ᠳᠤ ᠣᠷᠣᠬᠤ ᠳᠤ᠂ ᠡᠯ᠎ᠡ ᠵᠦᠢᠯ ᠤᠨ ᠨᠣᠮ ᠪᠢᠴᠢᠭ᠂ ᠲᠠᠭᠠᠯᠠᠮᠵᠢᠲᠠᠢ ᠣᠷᠴᠢᠨ ᠲᠣᠭᠤᠷᠢᠨ ᠨᠢ ᠬᠥᠮᠦᠰ ᠢ ᠭᠠᠶᠢᠬᠠᠰᠢ ᠠᠯᠳᠠᠭᠤᠯᠤᠨ᠎ᠠ᠂ ᠲᠣᠰᠬᠤᠨ ᠤ ᠠᠷᠠᠳ ᠶᠠᠭ ᠨᠣᠮ ᠪᠢᠴᠢᠭ ᠰᠣᠩᠭᠤᠵᠤ᠂ ᠮᠠᠲ᠋ᠧᠷᠢᠶᠠᠯ ᠡᠷᠢᠵᠦ᠂ ᠤᠯᠠᠨ ᠢᠶᠠᠷ ᠢᠶᠠᠨ ᠰᠠᠨᠠᠯ ᠢᠶᠠᠨ ᠰᠣᠯᠢᠯᠴᠠᠨ᠂ ᠪᠠᠶᠠᠷ ᠬᠦᠷ ᠲᠠᠢ ᠪᠠᠶᠢᠵᠤ᠂ ᠲᠠᠯ᠎ᠠ ᠨᠤᠲᠤᠭ ᠤᠨ ᠨᠣᠮ ᠤᠨ ᠦᠷᠦᠭᠡ ᠨᠢ ᠲᠣᠰᠬᠤᠨ ᠤ ᠠᠷᠠᠳ ᠤᠨ ᠰᠤᠷᠤᠯᠴᠠᠵᠤ ᠰᠡᠯᠡᠭᠦᠴᠡᠬᠦ ᠰᠠᠶᠢᠨ ᠭᠠᠵᠠᠷ ᠪᠣᠯᠵᠠᠢ᠃    ᠣᠶᠢᠷ᠎ᠠ ᠶᠢᠨ ᠵᠢᠯ ᠤᠳ ᠲᠤ᠂ ᠱᠦᠶ ᠴᠢᠤᠸᠠᠨ ᠪᠠᠯᠭᠠᠰᠤ ᠰᠣᠶᠣᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ︽ᠦᠨᠳᠦᠰᠦ︾ ᠪᠠ ︽ᠰᠦᠨᠡᠰᠦ︾ ᠪᠣᠯᠭᠠᠬᠤ ᠶᠢ ᠪᠠᠷᠢᠮᠲᠠᠯᠠᠵᠤ᠂ ᠨᠣᠮ ᠤᠨ ᠥᠷᠥᠭᠡ ᠶᠢᠨ ᠬᠠᠲᠠᠭᠤ ᠲᠣᠨᠤᠭ ᠤᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠨᠣᠮ ᠤᠨ ᠥᠷᠥᠭᠡ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢ ᠴᠢᠨᠠᠷ ᠰᠠᠶᠢᠲᠠᠶ ᠰᠢᠯᠢᠳᠡᠭᠵᠢᠭᠦᠯᠵᠦ᠂ ᠥᠨᠳᠥᠷ ᠱᠠᠭᠠᠷᠳᠠᠯᠭ᠎ᠠ ᠪᠠᠷ ᠨᠣᠮ ᠤᠨ ᠥᠷᠥᠭᠡ ᠶᠢᠨ ᠡᠵᠡᠩᠨᠡᠯᠲᠡ ᠳᠡᠯᠭᠡᠷᠡᠭᠦᠯᠦᠯᠲᠡ ᠶᠢ ᠠᠬᠢᠭᠤᠯᠵᠤ᠂ ︽ᠲᠠᠯ᠎ᠠ ᠨᠤᠲᠤᠭ ᠤᠨ ᠨᠣᠮ ᠤᠨ ᠥᠷᠥᠭᠡ +︾ ᠬᠥᠭᠵᠢᠯᠲᠡ ᠶᠢᠨ ᠠᠵᠢᠯ ᠤᠨ ᠠᠷᠭ᠎ᠠ ᠵᠠᠮ ᠪᠠ ᠰᠢᠨ᠎ᠡ ᠶᠢ ᠡᠭᠦᠳᠬᠦ ᠵᠠᠭᠪᠤᠷ ᠢ ᠢᠳᠡᠪᠬᠢᠲᠡᠶ ᠰᠦᠪᠡᠭᠴᠢᠯᠡᠵᠦ᠂ ᠲᠠᠯ᠎ᠠ ᠨᠤᠲᠤᠭ ᠤᠨ ᠨᠣᠮ ᠤᠨ ᠥᠷᠥᠭᠡ ᠶᠢᠨ ᠴᠢᠳᠠᠮᠵᠢ ᠶᠢᠨ ᠠᠭᠤᠯᠤᠭᠳᠠᠬᠤᠨ ᠪᠠ ᠠᠭᠤᠯᠬᠤᠨ ᠢ ᠲᠠᠰᠤᠷᠠᠯᠲᠠ ᠥᠬᠡᠶ ᠥᠷᠭᠡᠳᠬᠡᠵᠦ᠂ ︽ᠬᠠᠷᠮᠠᠨ ᠢᠶᠠᠨ ᠪᠠᠶᠠᠯᠢᠭᠵᠢᠭᠤᠯᠬᠤ︾ ᠪᠠ ︽ᠲᠣᠯᠣᠭᠠᠶ ᠪᠠᠨ ᠪᠠᠶᠠᠵᠢᠭᠤᠯᠬᠤ︾ ᠶᠢ ᠵᠡᠷᠭᠡ  ᠪᠠᠷ ᠶᠠᠪᠤᠭᠳᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃
   ᠵᠢᠭᠰᠠᠭᠠᠯ ᠤᠨ ᠭᠠᠵᠠᠷ ᠢ ᠨᠡᠶᠢᠳᠡᠮ ᠪᠥᠷᠬᠦᠭᠦᠯᠵᠦ᠂ ᠣᠯᠠᠨ ᠲᠦᠮᠡᠨ ᠳᠤ ᠦᠶᠯᠡᠴᠢᠯᠡᠬᠦ ︽ᠰᠢᠵᠢᠷ ᠠᠯᠲᠠᠨ ᠬᠡᠷ ᠪᠠᠶᠢᠰᠢᠩ︾ ᠢ ᠴᠣᠭᠴᠠᠯᠠᠨ ᠪᠠᠶᠢᠭᠤᠯᠤᠨ᠎ᠠ    ᠪᠦᠲᠦᠭᠡᠨ ᠪᠠᠶᠢᠭᠤᠯᠬᠤ ᠠᠴᠠ ᠡᠬᠢᠯᠡᠨ᠂ ᠱᠦᠶ ᠴᠢᠤᠸᠠᠨ ᠪᠠᠯᠭᠠᠰᠤ ᠨᠢ ᠲᠣᠰᠬᠤᠨ ᠪᠣᠯᠭᠠᠨ ᠳᠤ ᠲᠠᠯ᠎ᠠ ᠨᠤᠲᠤᠭ ᠤᠨ ᠨᠣᠮ ᠤᠨ ᠥᠷᠥᠭᠡ ᠲᠣᠬᠢᠷᠠᠭᠤᠯᠵᠤ᠂ ᠨᠣᠮ ᠤᠨ ᠬᠤᠷᠭᠤ᠂ ᠨᠣᠮ ᠤᠨ ᠲᠠᠯᠪᠢᠭᠤᠷ᠂ ᠰᠢᠷᠡᠭᠡ ᠰᠠᠨᠳᠠᠯᠢ ᠂ ᠺᠣᠮᠫᠢᠦ᠋ᠲ᠋ᠧᠷ ᠵᠡᠷᠭᠡ ᠬᠠᠲᠠᠭᠤ ᠲᠣᠨᠤᠭ ᠲᠥᠬᠦᠭᠡᠷᠦᠮᠵᠢ ᠶᠢ ᠪᠦᠷᠢᠨ ᠲᠣᠬᠢᠷᠠᠭᠤᠯᠵᠤ᠂ ᠰᠣᠶᠣᠯ ᠮᠡᠳᠡᠯᠭᠡ ᠲᠠᠢ ᠴᠢᠳᠠᠪᠤᠷᠢᠲᠠᠨ ᠢ ᠰᠣᠩᠭᠤᠨ ᠲᠣᠬᠢᠷᠠᠭᠤᠯᠵᠤ᠂ ᠨᠣᠮ ᠤᠨ ᠥᠷᠥᠭᠡ ᠶᠢᠨ ᠬᠠᠮᠢᠶᠠᠷᠤᠭᠴᠢ ᠪᠣᠯᠭᠠᠵᠤ᠂ ︽ᠠᠷᠠᠳ ᠢᠷᠭᠡᠳ ᠵᠠᠬᠢᠶᠠᠯᠠᠬᠤ︾ ᠶᠢ ᠬᠡᠷᠡᠭᠵᠢᠭᠦᠯᠵᠦ᠂ ᠣᠯᠠᠨ ᠲᠦᠮᠡᠨ ᠰᠦᠯᠵᠢᠶᠡᠨ ᠳᠡᠭᠡᠷ᠎ᠡ ᠨᠣᠮ ᠵᠠᠬᠢᠶᠠᠯᠠᠵᠤ᠂ ᠰᠦᠯᠵᠢᠶᠡᠨ ᠭᠠᠳᠠᠨ᠎ᠠ ᠨᠣᠮ ᠪᠢᠴᠢᠭ ᠲᠣᠬᠢᠷᠠᠭᠤᠯᠤᠨ ᠬᠦᠷᠭᠡᠵᠦ᠂ ᠨᠣᠮ ᠰᠣᠩᠭᠤᠬᠤ ᠡᠷᠬᠡ ᠪᠠᠨ ᠣᠯᠠᠨ ᠲᠦᠮᠡᠨ  ᠳᠤ ᠲᠤᠰᠢᠶᠠᠨ᠎ᠠ᠃ ᠡᠭᠦᠨ ᠤ ᠬᠠᠮᠲᠤ ︽ᠲᠠᠯ᠎ᠠ ᠨᠤᠲᠤᠭ ᠤᠨ ᠵᠢᠭᠡᠯᠡᠨ ᠤᠩᠰᠢᠬᠤ +︾ ᠵᠢᠵᠢᠭ ᠫᠷᠤᠭ᠍ᠷᠠᠮ ᠢ ᠢᠳᠡᠪᠬᠢᠲᠡᠶ ᠳᠡᠯᠭᠡᠷᠡᠭᠦᠯᠵᠦ᠂ ᠣᠯᠠᠨ ᠲᠦᠮᠡᠨ ᠢ ᠬᠡᠷ ᠠᠴᠠ ᠪᠠᠨ ᠭᠠᠷᠬᠤ ᠥᠬᠡᠶ ᠪᠠᠷ ᠨᠣᠮ ᠤᠩᠰᠢᠭᠤᠯᠵᠤ᠂ ᠨᠣᠮ ᠤᠩᠰᠢᠬᠤ ᠪᠠ ᠰᠤᠷᠤᠯᠴᠠᠬᠤ ᠳᠤᠷᠠᠲᠠᠶ ᠰᠠᠶᠢᠨ ᠲᠤᠷᠠᠴᠤᠳ ᠢ ᠥᠷᠭᠡᠨ ᠢᠶᠠᠷ ᠲᠡᠳᠡᠨ ᠣᠷᠣᠯᠴᠠᠭᠤᠯᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠢ ᠴᠠᠭ ᠢᠮᠠᠭᠲᠠ ᠰᠤᠯᠠ ᠰᠡᠯᠡᠭᠦᠦ ᠴᠠᠭ ᠢᠶᠠᠨ ᠠᠰᠢᠭᠯᠠᠨ ᠨᠣᠮ ᠤᠩᠰᠢᠵᠤ᠂ ᠨᠣᠮ ᠤᠩᠰᠢᠬᠤ ᠰᠠᠶᠢᠨ ᠰᠠᠶᠢᠬᠠᠨ ᠳᠠᠳᠬᠠᠯ ᠢ ᠪᠣᠶ ᠪᠣᠯᠭᠠᠬᠤ ᠶᠢ ᠵᠣᠷᠢᠭᠵᠢᠭᠤᠯᠵᠤ᠂ ᠦᠨᠳᠦᠰᠦᠨ ᠱᠠᠲᠤᠨ ᠤ ᠣᠯᠠᠨ ᠲᠦᠮᠡᠨ ᠤ ᠨᠣᠮ ᠤᠩᠰᠢᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠪᠥᠬᠦ ᠠᠷᠠᠳ ᠤᠨ ᠨᠣᠮ ᠤᠩᠰᠢᠬᠤ ᠶᠢ ᠭᠦᠨᠵᠡᠭᠡᠶᠢᠷᠡᠭᠦᠯᠦᠨ ᠠᠬᠢᠭᠤᠯᠵᠤ᠂ ᠲᠠᠯ᠎ᠠ ᠨᠤᠲᠤᠭ ᠤᠨ ᠨᠣᠮ ᠤᠨ ᠥᠷᠥᠭᠡ ᠶᠢ ᠦᠨᠡᠨ ᠬᠦ ᠰᠣᠶᠣᠯ  ᠢᠶᠠᠷ ᠠᠷᠠᠳ ᠲᠤ ᠠᠰᠢᠭ ᠬᠦᠷᠲᠡᠭᠡᠬᠦ ︽ᠭᠤᠤᠯ ᠵᠢᠭᠰᠠᠭᠠᠯ ᠤᠨ ᠭᠠᠵᠠᠷ︾᠂ ᠬᠥᠳᠡᠭᠡ ᠲᠣᠰᠬᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ︽ᠭᠤᠤᠯ ᠲᠡᠶᠢᠨ ᠤ ᠲᠠᠯᠠᠪᠤᠷ︾ ᠪᠣᠯᠭᠠᠨ᠎ᠠ᠃ ᠣᠳᠣᠬᠠᠨ ᠪᠣᠯᠲᠠᠯ᠎ᠠ᠂ ᠪᠥᠬᠦ ᠪᠠᠯᠭᠠᠰᠤᠨ ᠳᠤ ᠲᠠᠯ᠎ᠠ ᠨᠤᠲᠤᠭ ᠤᠨ ᠨᠣᠮ ᠤᠨ ᠥᠷᠥᠭᠡ 13᠂ ᠭᠤᠤᠯ ᠨᠣᠮ ᠤᠨ ᠥᠷᠥᠭᠡ 1 ᠪᠠᠶᠢᠭᠤᠯᠵᠠᠶ᠃
   ᠡᠬᠢ ᠪᠠᠶᠠᠯᠢᠭ ᠪᠦᠷᠢᠨ ᠬᠢᠷᠢ ᠲᠡᠩᠴᠡᠵᠦ᠂ ᠬᠥᠳᠡᠭᠡ ᠲᠣᠰᠬᠤᠨ ᠤ ᠪᠣᠯᠪᠠᠰᠤᠨ ᠤ ︽ᠲᠣᠰᠣ ᠨᠡᠮᠡᠬᠦ ᠥᠷᠲᠡᠭᠡ︾ ᠶᠢ ᠲᠡᠭᠦᠯᠳᠡᠷᠵᠢᠭᠦᠯᠪᠡ    ︽ᠲᠠᠯ᠎ᠠ ᠨᠤᠲᠤᠭ ᠤᠨ ᠨᠣᠮ ᠤᠨ ᠥᠷᠥᠭᠡ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠬᠢᠭᠡᠳ ᠬᠠᠮᠢᠶᠠᠷᠤᠯᠲᠠ ᠶᠢᠨ ᠱᠠᠭᠠᠷᠳᠠᠯᠭ᠎ᠠ︾ ᠪᠠᠷ ᠦᠨᠳᠦᠰᠦᠯᠡᠯ ᠪᠣᠯᠭᠠᠨ᠂ ᠨᠣᠮ ᠤᠨ ᠥᠷᠥᠭᠡ ᠶᠢᠨ ᠬᠠᠮᠢᠶᠠᠷᠤᠯᠲᠠ ᠶᠢᠨ ᠳᠦᠷᠢᠮ᠂ ᠨᠣᠮ ᠤᠨ ᠥᠷᠥᠭᠡ ᠶᠢᠨ ᠬᠠᠮᠢᠶᠠᠷᠤᠭᠴᠢ ᠶᠢᠨ ᠳᠦᠷᠢᠮ᠂ ᠨᠣᠮ ᠤᠨ ᠥᠷᠥᠭᠡ ᠶᠢᠨ ᠵᠢᠭᠡᠯᠡᠨ ᠤᠩᠰᠢᠬᠤ ᠳᠦᠷᠢᠮ᠂ ᠨᠣᠮ ᠤᠨ ᠥᠷᠥᠭᠡ ᠶᠢ ᠪᠣᠯᠪᠠᠰᠤᠨ ᠪᠠᠷ ᠬᠡᠷᠡᠭᠯᠡᠬᠦ ᠨᠡᠶᠢᠲᠡ ᠶᠢᠨ ᠭᠡᠷ᠎ᠡ ᠵᠡᠷᠭᠡ ᠣᠯᠠᠨ ᠵᠦᠢᠯ ᠤᠨ ᠳᠦᠷᠢᠮ ᠲᠣᠭᠲᠠᠭᠠᠯ ᠢ ᠲᠣᠭᠲᠠᠭᠠᠨ ᠲᠡᠭᠦᠯᠳᠡᠷᠵᠢᠭᠦᠯᠵᠦ᠂ ᠨᠣᠮ ᠤᠨ ᠥᠷᠥᠭᠡ ᠶᠢᠨ ᠬᠠᠮᠢᠶᠠᠷᠤᠯᠲᠠ ᠶᠢᠨ ᠵᠢᠷᠤᠮᠵᠢᠯ  ᠲᠠᠢ ᠪᠥᠭᠡᠳ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠪᠠ᠃ ᠣᠯᠠᠨ ᠶᠠᠩᠵᠤ ᠶᠢᠨ ᠨᠣᠮ ᠪᠢᠴᠢᠭ ᠤᠨ ᠲᠥᠷᠥᠯ ᠵᠦᠢᠯ ᠳᠤ ᠤᠯᠤᠰ ᠲᠥᠷᠥ ᠠᠵᠤ ᠠᠬᠤᠶ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ᠂ ᠠᠮᠢᠳᠤᠷᠠᠯ᠂ ᠪᠠᠭᠠᠴᠤᠳ ᠬᠡᠦᠬᠡᠳ᠂ ᠶᠡᠷᠦᠩᠬᠡᠶᠢᠯᠡᠭᠰᠡᠨ ᠵᠢᠷᠭᠤᠭᠠᠨ ᠶᠡᠭᠡ ᠲᠥᠷᠥᠯ ᠢ ᠬᠠᠮᠤᠷᠴᠤ᠂ ᠡᠯ᠎ᠡ ᠲᠠᠯ᠎ᠠ ᠨᠤᠲᠤᠭ ᠤᠨ ᠨᠣᠮ ᠤᠨ ᠥᠷᠥᠭᠡ ᠨᠢ ᠲᠣᠭᠲᠠᠮᠠᠯ ᠬᠤᠭᠤᠴᠠᠭ᠎ᠠ ᠲᠠᠢ ᠪᠠᠷ ᠨᠣᠮ ᠪᠢᠴᠢᠭ ᠤᠨ ᠥᠪᠡᠷ ᠤᠨ ᠪᠠᠶᠢᠴᠠᠭᠠᠯᠲᠠ ᠶᠢ ᠥᠷᠨᠢᠭᠦᠯᠵᠦ᠂ ᠬᠠᠭᠤᠴᠢᠷᠬᠠᠰᠠᠨ᠂ ᠠᠭᠤᠯᠭ᠎ᠠ ᠨᠢ ᠴᠠᠭ ᠠᠴᠠ ᠥᠩᠭᠡᠷᠡᠭᠰᠡᠨ ᠨᠣᠮ ᠪᠢᠴᠢᠭ ᠳᠠᠭᠤ ᠳᠦᠷᠰᠦ ᠰᠢᠩᠭᠡᠭᠡᠯᠲᠡ ᠶᠢᠨ ᠡᠬᠢ ᠪᠠᠶᠠᠯᠢᠭ ᠢ ᠴᠡᠪᠡᠷᠯᠡᠨ ᠵᠠᠬ᠎ᠠ ᠳᠡᠯᠭᠡᠭᠦᠷ ᠠᠴᠠ ᠪᠠᠭᠤᠯᠭᠠᠵᠤ᠂ ᠰᠢᠯᠢᠨ ᠰᠣᠩᠭᠤᠭᠰᠠᠨ ᠤ ᠳᠠᠷᠠᠭᠠᠬᠢ ᠡᠷᠡᠭᠦᠯ ᠰᠠᠷᠠᠭᠤᠯ ᠴᠢᠨᠠᠷ ᠰᠠᠶᠢᠲᠠᠶ ᠨᠣᠮ ᠪᠢᠴᠢᠭ ᠢ ᠡᠮᠬᠢᠯᠡᠨ ᠳᠠᠩᠰᠠᠯᠠᠵᠤ᠂ ᠣᠯᠠᠨ ᠲᠦᠮᠡᠨ ᠤ ᠣᠯᠠᠨ ᠶᠠᠩᠵᠤᠴᠢᠯᠠᠭᠰᠠᠨ ᠨᠣᠮ ᠤᠩᠰᠢᠬᠤ ᠬᠡᠷᠡᠭᠴᠡᠭᠡ ᠱᠠᠭᠠᠷᠳᠠᠯᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠵᠤ᠂ ᠣᠯᠠᠨ ᠲᠦᠮᠡᠨ ᠳᠤ ᠨᠣᠮ ᠪᠢᠴᠢᠭ ᠲᠠᠢ ᠪᠣᠯᠭᠠᠵᠤ ᠰᠠᠶᠢᠨ ᠨᠣᠮ ᠦᠵᠡᠭᠦᠯᠦᠨ᠎ᠡ᠃
   ᠠᠵᠢᠯᠯᠠᠭ᠎ᠠ ᠶᠢ ᠳᠡᠯᠭᠡᠷᠡᠭᠦᠯᠬᠦ ᠶᠢ ᠴᠢᠬᠤᠯᠠᠴᠢᠯᠠᠵᠤ᠂ ᠣᠯᠠᠨ ᠲᠦᠮᠡᠨ ᠤ ᠨᠤᠮ ᠤᠩᠰᠢᠬᠤ ᠤᠴᠢᠬᠤ ᠳᠤᠷᠠᠲᠠᠶ ᠭᠠᠵᠠᠷ ᠢ ᠪᠣᠶ ᠪᠣᠯᠭᠠᠪᠠ    ᠡᠯ᠎ᠡ ᠲᠣᠰᠬᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠥᠷᠲᠡᠭᠡ ᠪᠠᠷ ᠲᠦᠰᠢᠭ ᠪᠣᠯᠭᠠᠵᠤ᠂ ᠲᠠᠯ᠎ᠠ ᠨᠤᠲᠤᠭ ᠤᠨ ᠨᠣᠮ ᠤᠨ ᠥᠷᠥᠭᠡ ᠪᠠᠷ ᠲᠠᠪᠴᠠᠩ ᠪᠣᠯᠭᠠᠵᠤ᠂ ᠣᠶᠢᠯᠠᠭᠠᠭᠳᠠᠬᠤᠨ ᠤ ᠰᠢᠨ᠎ᠡ ᠶᠢ ᠡᠭᠦᠳᠬᠦ᠂ ᠠᠭᠤᠯᠭ᠎ᠠ ᠶᠢᠨ ᠰᠢᠨ᠎ᠡ ᠶᠢ ᠡᠭᠦᠳᠬᠦ᠂ ᠬᠡᠯᠪᠡᠷᠢ ᠶᠢᠨ ᠰᠢᠨ᠎ᠡ ᠶᠢ ᠡᠭᠦᠳᠬᠦ ᠶᠢ ᠴᠢᠬᠤᠯᠠᠴᠢᠯᠠᠵᠤ᠂ ︽ᠲᠠᠯ᠎ᠠ ᠨᠤᠲᠤᠭ ᠤᠨ ᠨᠣᠮ ᠤᠨ ᠥᠷᠥᠭᠡ +︾ ᠠᠭᠤᠰᠤᠯᠴᠠᠭᠰᠠᠨ ᠵᠠᠭᠪᠤᠷ ᠢ ᠪᠦᠷᠢᠯᠳᠦᠭᠦᠯᠵᠦ᠂ ᠪᠥᠬᠦ ᠠᠷᠠᠳ ᠤᠨ ᠤᠩᠰᠢᠵᠤ ᠳᠡᠯᠭᠡᠷᠡᠭᠦᠯᠬᠦ ᠠᠵᠢᠯᠯᠠᠭ᠎ᠠ ᠶᠢ ᠥᠷᠭᠡᠨ ᠢᠶᠠᠷ ᠥᠷᠨᠢᠭᠦᠯᠪᠡ᠃ ︽ᠲᠠᠯ᠎ᠠ ᠨᠤᠲᠤᠭ ᠤᠨ ᠨᠣᠮ ᠤᠨ ᠦᠷᠦᠭᠡ + ᠤᠬᠠᠭᠤᠯᠤᠨ ᠲᠠᠶᠢᠯᠪᠤᠷᠢᠯᠠᠬᠤ︾ ᠨᠢ ᠨᠠᠮ ᠤᠨ ᠰᠢᠨ᠎ᠡ ᠶᠢ ᠡᠭᠦᠳᠬᠦ ᠤᠨᠤᠯ ᠢ ᠡᠭᠡᠯ ᠠᠷᠠᠳ ᠤᠨ ᠭᠡᠷ ᠲᠤ ᠣᠷᠣᠭᠤᠯᠪᠠ︔ ︽ᠲᠠᠯ᠎ᠠ ᠨᠤᠲᠤᠭ ᠤᠨ ᠨᠣᠮ ᠤᠨ ᠥᠷᠥᠭᠡ + ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ︾  ᠨᠢ ᠲᠠᠷᠢᠶᠠᠴᠢᠳ ᠤᠨ ᠦᠶᠯᠡᠳᠪᠦᠷᠢᠯᠡᠯ ᠠᠮᠢᠳᠤᠷᠠᠯ ᠤᠨ ᠪᠣᠳᠠᠲᠤ ᠬᠡᠷᠡᠭᠴᠡᠭᠡ ᠶᠢ ᠬᠠᠩᠭᠠᠪᠠ︔ ︽ᠲᠠᠯ᠎ᠠ ᠨᠤᠲᠤᠭ  ᠤᠨ ᠨᠣᠮ ᠤᠨ ᠥᠷᠥᠭᠡ + ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ︾ ᠨᠢ ᠣᠯᠠᠨ ᠲᠦᠮᠡᠨ ᠤ ᠬᠡᠷᠡᠭ ᠪᠣᠳᠠᠰ ᠢ ᠰᠢᠨᠵᠢᠯᠡᠬᠦ ᠤᠬᠠᠭᠠᠨᠴᠢ ᠪᠠᠷ ᠮᠠᠭᠠᠳᠯᠠᠬᠤ ᠴᠢᠳᠠᠪᠤᠷᠢ ᠶᠢ ᠳᠡᠭᠡᠭᠰᠢᠯᠡᠭᠦᠯᠪᠡ︔ ︽ᠲᠠᠯ᠎ᠠ ᠨᠤᠲᠤᠭ ᠤᠨ ᠨᠣᠮ ᠤᠨ ᠥᠷᠥᠭᠡ + ᠡᠴᠢᠭᠡ ᠡᠬᠡ ᠦᠷ᠎ᠡ ᠬᠡᠦᠬᠡᠳ ᠤᠨ ᠤᠩᠰᠢᠯᠭ᠎ᠠ︾ ᠨᠢ ᠬᠡᠷ ᠤᠨ ᠰᠤᠷᠲᠠᠯ ᠬᠡᠷ ᠤᠨ ᠰᠤᠷᠭᠠᠯ ᠢ ᠬᠥᠮᠦᠵᠢᠭᠦᠯᠬᠦ ᠳᠤ ᠲᠠᠪᠴᠠᠩ ᠬᠠᠩᠭᠠᠪᠠ︔ ︽ᠲᠠᠯ᠎ᠠ ᠨᠤᠲᠤᠭ ᠤᠨ ᠨᠣᠮ ᠤᠨ ᠥᠷᠥᠭᠡ + ᠪᠢᠳᠡᠨ ᠤ ᠪᠠᠶᠠᠷ ᠤᠨ ᠡᠳᠦᠷ︾ ᠨᠢ ᠤᠮᠠᠷᠠᠲᠤ ᠬᠢᠯᠢ ᠶᠢᠨ ᠰᠣᠶᠣᠯ ᠢ ᠦᠨᠳᠦᠰᠦᠨ ᠱᠠᠲᠤᠨ ᠤ ᠣᠯᠠᠨ ᠲᠦᠮᠡᠨ ᠳᠤ ᠲᠠᠪᠴᠠᠩ ᠬᠠᠩᠭᠠᠵᠤ᠂ ᠰᠢᠨ᠎ᠡ ᠰᠡᠪᠡᠭᠦᠨ ᠪᠡᠶᠡᠴᠢᠯᠡᠨ ᠣᠶᠢᠯᠠᠭᠠᠬᠤ ᠠᠷᠭ᠎ᠠ ᠬᠡᠯᠪᠡᠷᠢ ᠪᠠ ᠠᠵᠢᠯᠯᠠᠭ᠎ᠠ ᠶᠢᠨ ᠬᠡᠯᠪᠡᠷᠢ ᠶᠢ ᠬᠠᠩᠭᠠᠵᠤ᠂ ᠲᠠᠯ᠎ᠠ ᠨᠤᠲᠤᠭ ᠤᠨ ᠨᠣᠮ ᠤᠨ ᠥᠷᠥᠭᠡ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ︽ᠵᠢᠵᠢᠭ︾ ᠨᠣᠮ ᠤᠨ ᠥᠷᠥᠭᠡ ᠶᠢᠨ ︽ᠲᠣᠮᠣ︾ ᠪᠣᠯᠪᠠᠰᠤᠨ ᠢ ᠦᠨᠡᠨ ᠬᠦ ᠪᠠᠳᠠᠷᠠᠭᠤᠯᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号