ᠥᠪᠥᠷ ᠮᠣᠩᠭᠤᠯ 3.71 ᠳ᠋ᠦᠩᠰᠢᠭᠤᠷ ᠲᠥᠭᠦᠷᠢᠭ ᠢᠶᠠᠷ ︽ᠬᠤᠶᠠᠷ ᠲᠥᠯᠥᠪᠯᠡᠭᠡ ︾ ᠶᠢᠨ ᠬᠡᠷᠡᠭᠵᠢᠭᠦᠯᠦᠯᠲᠡ ᠶᠢ ᠳᠡᠮᠵᠢᠪᠡ
ᠨᠡᠶᠢᠲᠡᠯᠡᠭᠰᠡᠨ ᠴᠠᠭ᠄
2024/8/21
   ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠣᠶᠢᠯᠠᠭᠠᠭᠰᠠᠨ ᠢᠶᠠᠷ᠄ 2024 ᠣᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ ︾ ᠲᠥᠯᠥᠪᠯᠡᠭᠡ ︵ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠰᠣᠩᠭᠤᠨ ᠲᠣᠮᠢᠯᠠᠵᠤ ᠦᠨᠳᠦᠰᠦᠨ ᠱᠠᠲᠤᠨ ᠳᠤ ᠣᠴᠢᠭᠤᠯᠤᠨ ᠰᠤᠷᠭᠠᠨ ᠬᠥᠮᠦᠵᠢᠯ ᠢ ᠳᠡᠮᠵᠢᠬᠦ᠂ ᠲᠠᠷᠢᠶᠠᠯᠠᠩ ᠢ ᠳᠡᠮᠵᠢᠬᠦ᠂ ᠡᠮᠴᠢᠯᠡᠭᠡ ᠶᠢ ᠳᠡᠮᠵᠢᠬᠦ ᠪᠠ ᠬᠥᠳᠡᠭᠡ ᠲᠣᠰᠬᠤᠨ ᠢᠶᠠᠨ ᠬᠥᠭᠵᠢᠭᠦᠯᠦᠨ ᠮᠠᠨᠳᠤᠭᠤᠯᠬᠤ ᠶᠢ ᠬᠠᠪᠰᠤᠷᠤᠨ ᠲᠡᠳᠬᠦᠬᠦ ᠵᠡᠷᠭᠡ ᠦᠢᠯᠡᠴᠢᠯᠡᠭᠡᠨ ᠤ ᠨᠢᠭᠡ ᠵᠦᠢᠯ ᠤᠨ ᠲᠥᠷᠥ ᠶᠢᠨ ᠪᠣᠳᠣᠯᠭ᠎ᠠ ︶ ᠶᠢᠨ ᠨᠥᠬᠦᠪᠥᠷᠢ ᠶᠢᠨ ᠪᠠᠯᠠ ᠮᠥᠩᠭᠦ ᠶᠢ 1.67 ᠳ᠋ᠦᠩᠰᠢᠭᠤᠷ ᠲᠥᠭᠦᠷᠢᠭ᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠠᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠯᠥᠪᠯᠡᠭᠡ ᠶᠢᠨ ᠨᠥᠬᠦᠪᠥᠷᠢ ᠶᠢᠨ ᠪᠠᠯᠠ ᠮᠥᠩᠭᠦ 2.04 ᠳ᠋ᠦᠩᠰᠢᠭᠤᠷ ᠲᠥᠭᠦᠷᠢᠭ ᠪᠠᠭᠤᠯᠭᠠᠵᠤ᠂ ︽ᠬᠤᠶᠠᠷ ᠲᠥᠯᠥᠪᠯᠡᠭᠡ ︾ ᠶᠢᠨ ᠠᠵᠢᠯ ᠳᠤ ᠣᠷᠣᠯᠴᠠᠵᠤ ᠪᠠᠶᠢᠭ᠎ᠠ ᠬᠥᠮᠦᠰ ᠲᠤ ᠴᠠᠭ ᠲᠤᠬᠠᠶ ᠳᠤ ᠨᠢ ᠲᠤᠭ᠎ᠠ ᠶᠣᠰᠣᠭᠠᠷ ᠠᠵᠢᠯ ᠠᠮᠢᠳᠤᠷᠠᠯ ᠤᠨ ᠨᠦᠬᠦᠪᠦᠷᠢ᠂ ᠠᠶᠢᠯ ᠡᠷᠦᠬᠡ ᠪᠠᠨ ᠳᠦᠪᠬᠢᠨᠡᠭᠦᠯᠬᠦ ᠰᠦᠢᠳᠭᠡᠯ ᠣᠯᠭᠤᠬᠤ ᠵᠢᠴᠢ ᠨᠡᠶᠢᠭᠡᠮ ᠤᠨ ᠳᠠᠭᠠᠳᠬᠠᠯ ᠲᠤᠰᠢᠶᠠᠬᠤ ᠶᠢ ᠨᠢ ᠪᠠᠲᠤᠯᠠᠪᠠ᠃ 2024 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ︽ᠬᠤᠶᠠᠷ ᠲᠥᠯᠥᠪᠯᠡᠭᠡ ︾ ᠳᠤ ᠣᠷᠣᠯᠴᠠᠭᠰᠠᠳ ᠤᠨ ᠠᠵᠢᠯ ᠠᠮᠢᠳᠤᠷᠠᠯ ᠤᠨ ᠨᠥᠬᠦᠪᠥᠷᠢ ᠶᠢ ᠬᠥᠮᠦᠨ ᠪᠦᠷᠢ ᠰᠠᠷ᠎ᠠ ᠳᠤ 3650 ᠲᠥᠭᠦᠷᠢᠭ ᠪᠣᠯᠲᠠᠯ᠎ᠠ ᠳᠡᠭᠡᠭᠰᠢᠯᠡᠭᠦᠯᠪᠡ᠃    ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠮᠢᠶ᠎ᠠ ᠪᠥᠬᠦᠶ ᠠᠵᠢᠯ ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ 2024 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ ︾ ᠲᠥᠯᠥᠪᠯᠡᠭᠡ᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠠᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠯᠥᠪᠯᠡᠭᠡ ᠶᠢᠨ ᠲᠥᠷᠥᠯ ᠵᠦᠢᠯ ᠢ ᠦᠷᠭᠦᠯᠵᠢᠯᠡᠨ ᠬᠡᠷᠡᠭᠵᠢᠭᠦᠯᠪᠡ᠃ 2024 ᠣᠨ ᠳᠤ᠂ ᠥᠪᠡᠷᠲᠡᠭᠡᠨ ᠵᠠᠰᠠᠬᠤ ᠣᠷᠣᠨ ︽ᠬᠤᠶᠠᠷ ᠲᠥᠯᠥᠪᠯᠡᠭᠡ ︾ ᠳᠤ ᠣᠷᠣᠯᠴᠠᠭᠰᠠᠳ ᠢ 7700 ᠬᠥᠮᠦᠨ ᠡᠯᠰᠡᠬᠦ ᠪᠠᠷ ᠲᠥᠯᠥᠪᠯᠡᠵᠦ᠂ ᠳᠡᠭᠡᠷ᠎ᠡ ᠵᠢᠯ ᠤᠨ ᠬᠢ ᠠᠴᠠ 200 ᠬᠥᠮᠦᠨ ᠨᠡᠮᠡᠭᠳᠡᠭᠦᠯᠪᠡ᠃ ᠡᠭᠦᠨ ᠳᠤ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ ︾ ᠲᠥᠯᠥᠪᠯᠡᠭᠡ ᠳᠤ ᠣᠷᠣᠯᠴᠠᠭᠰᠠᠳ ᠢ 2700 ᠬᠥᠮᠦᠨ ᠡᠯᠰᠡᠵᠦ᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠠᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠳᠤ ᠣᠷᠣᠯᠴᠠᠭᠰᠠᠳ ᠢ 5000 ᠬᠥᠮᠦᠨ ᠡᠯᠰᠡᠬᠦ ᠪᠠᠷ ᠲᠥᠯᠥᠪᠯᠡᠵᠦ ᠪᠣᠶ᠃    ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠤᠬᠠᠶᠢᠯᠠᠭᠰᠠᠨ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠯᠦᠭᠡ ᠬᠠᠮᠲᠤᠷᠠᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ ᠠᠵᠢᠯ ᠣᠯᠵᠤ ᠦᠢᠯᠡᠰ ᠪᠤᠰᠬᠠᠬᠤ ᠠᠵᠢᠯ ᠢ ᠨᠠᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ ᠠᠵᠢᠯ ᠣᠯᠵᠤ ᠦᠢᠯᠡᠰ ᠪᠤᠰᠬᠠᠬᠤ ᠶᠢ ᠠᠬᠢᠭᠤᠯᠬᠤ ᠲᠥᠷᠥ ᠶᠢᠨ ᠪᠣᠳᠣᠯᠭ᠎ᠠ ᠪᠠᠨ ᠲᠡᠭᠦᠯᠳᠡᠷᠵᠢᠭᠦᠯᠦᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠤᠯᠬᠤ ᠠᠷᠭ᠎ᠠ ᠵᠠᠮ ᠢ ᠦᠷᠭᠦᠯᠵᠢᠯᠡᠨ ᠠᠭᠤᠳᠠᠯᠵᠤ ᠥᠷᠭᠡᠳᠬᠡᠨ᠂ ᠲᠥᠷᠥ ᠶᠢᠨ ᠪᠣᠳᠣᠯᠭ᠎ᠠ ᠶᠢᠨ ᠴᠢᠨᠠᠷᠲᠠᠶ ᠠᠵᠢᠯ ᠤᠨ ᠪᠠᠶᠢᠷᠢ ᠶᠢᠨ ᠠᠵᠢᠯ ᠣᠯᠭᠤᠬᠤ ᠦᠢᠯᠡᠳᠦᠯ ᠢ ᠨᠠᠩ ᠰᠠᠶᠢᠲᠤᠷ ᠪᠠᠳᠠᠷᠠᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ ᠲᠣᠭᠲᠠᠭᠤᠨ ᠢᠶᠠᠷ ᠠᠵᠢᠯ ᠤᠯᠬᠤ ᠶᠢ ᠦᠨᠡᠨ ᠬᠦ ᠪᠠᠲᠤᠯᠠᠬᠤ ᠪᠣᠯᠣᠨ᠎ᠠ᠃
 
ᠢᠷᠡᠯᠲᠡ᠄ ᠦᠪᠦᠷ ᠮᠤᠩᠭᠤᠯ ‍ᠤᠨ‌ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠦᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号