ᠰᠢ ᠶᠢᠨ ᠫᠢᠩ ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠤᠯᠤᠰ ᠤᠨ ᠲᠡᠷᠢᠭᠦᠯᠡᠭᠴᠢ ᠰᠤ᠋ ᠯᠢᠨ ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2024/8/21
   ᠰᠢᠨᠬᠤᠸᠠ ᠬᠤᠷᠢᠶ᠎ᠠ ᠶᠢᠨ ᠪᠡᠭᠡᠵᠢᠩ ᠤᠨ 8 ᠰᠠᠷ᠎ᠠ ᠶᠢᠨ 19 ᠤ ᠴᠠᠭᠢᠯᠭᠠᠨ ᠮᠡᠳᠡᠭᠡ 8 ᠰᠠᠷ᠎ᠠ ᠶᠢᠨ 19 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠤ᠋ ᠯᠢᠨ ᠲᠠᠢ ᠬᠡᠯᠡᠯᠴᠡᠭᠡ ᠬᠢᠪᠡ᠃
   8 ᠰᠠᠷ᠎ᠠ ᠶᠢᠨ 19 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠦ ᠯᠢᠨ ᠲᠠᠢ ᠬᠡᠯᠡᠯᠴᠡᠭᠡ ᠬᠢᠪᠡ᠃ ᠵᠢᠷᠤᠭ ᠪᠣᠯ ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠰᠤ᠋ ᠯᠢᠨ ᠪᠣᠯᠣᠨ ᠲᠡᠭᠦᠨ ᠤ ᠬᠠᠳᠤᠨ ᠦ᠋ ᠹᠠᠩ ᠯᠢ ᠲᠠᠢ ᠬᠠᠮᠲᠤ ᠭᠡᠷᠡᠯ ᠵᠢᠷᠤᠭ ᠲᠠᠲᠠᠭᠤᠯᠵᠤ ᠪᠠᠶᠢᠭ᠎ᠠ ᠨᠢ᠃ ︵ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ ︶    ᠰᠢ ᠶᠢᠨ ᠫᠢᠩ ᠰᠤ᠋ ᠯᠢᠨ ᠤ ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠪᠠᠷ ᠰᠣᠩᠭᠤᠭᠳᠠᠭᠰᠠᠨ ᠳᠤ ᠳᠠᠬᠢᠨᠲᠠ ᠪᠠᠶᠠᠷ ᠬᠦᠷᠭᠡᠪᠡ᠃ ᠰᠢ ᠶᠢᠨ ᠫᠢᠩ᠂ ᠲᠠ ᠶᠡᠷᠦᠩᠬᠡᠢ ᠱᠦᠵᠢ ᠶᠢᠨ ᠲᠤᠰᠢᠶᠠᠯ ᠢ ᠡᠭᠦᠷᠭᠡᠯᠡᠭᠰᠡᠨ ᠤ ᠳᠠᠷᠠᠭ᠎ᠠ ᠠᠩᠬ᠎ᠠ ᠤᠳᠠᠭ᠎ᠠ ᠠᠶᠢᠯᠴᠢᠯᠠᠯᠳᠠ ᠬᠢᠬᠦ ᠳᠡᠭᠡᠨ ᠳᠤᠮᠳᠠᠳᠤ ᠤᠯᠤᠰ ᠲᠤ ᠢᠷᠡᠭᠰᠡᠨ ᠨᠢ ᠬᠤᠶᠠᠷ ᠨᠠᠮ ᠬᠤᠶᠠᠷ ᠤᠯᠤᠰ ᠤᠨ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠭᠦᠢᠴᠡᠳ ᠬᠠᠷᠠᠭᠤᠯᠵᠤ᠂ ᠪᠠᠰᠠ ᠳᠤᠮᠳᠠᠳᠤ ᠸᠢᠶᠧᠳ᠋ᠨᠠᠮ ᠤᠨ ᠬᠠᠷᠢᠯᠴᠠᠭ᠎ᠠ ᠶᠢᠨ ᠥᠨᠳᠥᠷ ᠲᠦᠪᠰᠢᠨ ᠪᠣᠯᠣᠨ ᠪᠠᠶᠢᠯᠳᠤᠬᠤ ᠪᠣᠳᠣᠯᠭ᠎ᠠ ᠶᠢᠨ ᠴᠢᠨᠠᠷ ᠢ ᠬᠠᠷᠠᠭᠤᠯᠪᠠ᠃ ᠬᠠᠮᠲᠤ ᠶᠢᠨ ᠬᠦᠰᠡᠯᠡᠩ ᠢᠲᠡᠭᠡᠯ ᠪᠢᠰᠢᠷᠡᠯ ᠪᠣᠯ ᠳᠤᠮᠳᠠᠳᠤ ᠸᠢᠶᠧᠳ᠋ᠨᠠᠮ ᠤᠨ ᠬᠤᠶᠠᠷ ᠨᠠᠮ ᠤᠨ ᠦᠶ᠎ᠡ ᠶᠢᠨ ᠦᠶ᠎ᠡ ᠳᠡᠭᠡᠨ ᠤᠯᠠᠮᠵᠢᠯᠠᠵᠤ ᠢᠷᠡᠭᠰᠡᠨ ᠬᠤᠪᠢᠰᠬᠠᠯᠲᠤ ᠤᠳᠤᠮᠰᠢᠯ ᠮᠥᠨ᠂ ︽ᠸᠢᠶᠧᠳ᠋ᠨᠠᠮ ᠳᠤᠮᠳᠠᠳᠤ ᠶᠢᠨ ᠨᠥᠬᠦᠷᠯᠡᠯ ᠭᠦᠨ ᠵᠤᠵᠠᠭᠠᠨ᠂ ᠨᠥᠬᠦᠷ ᠪᠥᠭᠡᠳ ᠠᠬ᠎ᠠ ᠳᠡᠭᠦᠦ ᠪᠤᠯᠬᠤ ︾ ᠤᠯᠠᠮᠵᠢᠯᠠᠯᠲᠤ ᠨᠥᠬᠦᠷᠯᠡᠯ ᠪᠣᠯᠵᠤ ᠪᠦᠷᠢᠯᠳᠦᠵᠡᠢ᠃ ᠣᠳᠣᠬᠠᠨ ᠤ ᠳᠡᠯᠡᠬᠡᠢ ᠳᠡᠭᠡᠷᠡᠬᠢ ᠬᠤᠶᠠᠷ ᠲᠥᠷᠥ ᠪᠠᠷᠢᠭᠴᠢ ᠡᠪ ᠬᠠᠮᠲᠤ ᠨᠠᠮ ᠪᠣᠯᠤᠭᠰᠠᠨ ᠤ ᠬᠤᠪᠢ ᠳᠤ᠂ ᠳᠤᠮᠳᠠᠳᠤ ᠸᠢᠶᠧᠳ᠋ᠨᠠᠮ ᠤᠨ ᠬᠤᠶᠠᠷ ᠨᠠᠮ ᠨᠥᠭᠦᠷᠰᠡᠭ ᠤᠭ ᠰᠠᠨᠠᠭ᠎ᠠ ᠪᠠᠨ ᠪᠠᠷᠢᠮᠲᠠᠯᠠᠵᠤ᠂ ᠤᠯᠠᠮᠵᠢᠯᠠᠯᠲᠤ ᠨᠥᠬᠦᠷᠯᠡᠯ ᠢᠶᠠᠨ ᠦᠷᠭᠦᠯᠵᠢᠯᠡᠭᠦᠯᠵᠦ᠂ ᠬᠠᠮᠲᠤ ᠶᠢᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠡᠪ ᠬᠠᠮᠲᠤ ᠨᠠᠮ ᠤᠨ ᠤᠳᠤᠷᠢᠳᠤᠯᠭ᠎ᠠ ᠪᠣᠯᠣᠨ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠵᠤ᠂ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠳᠡᠯᠡᠬᠡᠢ ᠶᠢᠨ ᠨᠡᠶᠢᠭᠡᠮ ᠵᠢᠷᠤᠮ ᠤᠨ ᠦᠢᠯᠡᠰ ᠤᠨ ᠬᠥᠭᠵᠢᠯᠲᠡ ᠶᠢ ᠬᠠᠮᠲᠤ ᠪᠠᠷ ᠠᠬᠢᠭᠤᠯᠤᠶ᠎ᠠ᠃ ᠪᠢ ᠳᠤᠷᠠᠲᠠᠶ᠎ᠠ ᠰᠦ ᠯᠢᠨ ᠨᠥᠬᠦᠷ ᠲᠠᠢ ᠰᠠᠶᠢᠨ ᠰᠠᠶᠢᠬᠠᠨ ᠠᠵᠢᠯ ᠤᠨ ᠬᠠᠷᠢᠴᠠᠭ᠎ᠠ ᠪᠣᠯᠣᠨ ᠬᠤᠪᠢ ᠬᠥᠮᠥᠨ ᠤ ᠨᠥᠬᠦᠷᠯᠡᠯ ᠢ ᠪᠠᠶᠢᠭᠤᠯᠵᠤ᠂ ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠬᠠᠮᠲᠤ ᠪᠠᠷ ᠬᠥᠲᠥᠯᠥᠨ ᠳᠠᠭᠠᠭᠤᠯᠤᠨ᠎ᠠ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠳᠡᠯᠡᠬᠡᠢ ᠶᠢᠨ ᠬᠤᠪᠢᠷᠠᠯᠲᠠ᠂ ᠴᠠᠭ ᠦᠶ᠎ᠡ ᠶᠢᠨ ᠬᠤᠪᠢᠷᠠᠯᠲᠠ᠂ ᠲᠡᠦᠬᠡ ᠶᠢᠨ ᠬᠤᠪᠢᠷᠠᠯᠲᠠ ᠶᠢᠨ ᠡᠮᠦᠨ᠎ᠡ᠂ ᠳᠤᠮᠳᠠᠳᠤ ᠸᠢᠶᠧᠳ᠋ᠨᠠᠮ ᠬᠤᠶᠠᠷ ᠤᠯᠤᠰ ᠠᠵᠤ ᠠᠬᠤᠢ ᠶᠢᠨ ᠲᠦᠷᠭᠡᠨ ᠬᠥᠭᠵᠢᠯᠲᠡ ᠪᠣᠯᠣᠨ ᠨᠡᠶᠢᠭᠡᠮ ᠤᠨ ᠤᠷᠳᠤ ᠬᠤᠭᠤᠴᠠᠭᠠᠨ ᠤ ᠲᠣᠭᠲᠠᠭᠤᠨ ᠢ ᠪᠠᠲᠤᠯᠠᠵᠤ᠂ ᠨᠡᠶᠢᠭᠡᠮ ᠵᠢᠷᠤᠮ ᠤᠨ ᠪᠠᠶᠢᠭᠤᠯᠤᠯ ᠤᠨ ᠳᠠᠪᠠᠭᠤᠯᠢᠭ ᠴᠢᠨᠠᠷ ᠪᠣᠯᠣᠨ ᠨᠡᠶᠢᠭᠡᠮ ᠵᠢᠷᠤᠮ ᠤᠨ ᠦᠢᠯᠡᠰ ᠤᠨ ᠠᠮᠢᠵᠢᠷᠠᠯ ᠤᠨ ᠬᠦᠴᠦᠨ ᠢ ᠢᠯᠡᠷᠡᠭᠦᠯᠪᠡ᠃ ᠳᠤᠮᠳᠠᠳᠤ ᠤᠯᠤᠰ ᠸᠢᠶᠧᠳ᠋ᠨᠠᠮ ᠢ ᠡᠷᠭᠢᠨ ᠲᠣᠭᠤᠷᠢᠨ ᠤ ᠭᠠᠳᠠᠭᠠᠳᠤ ᠬᠠᠷᠢᠯᠴᠠᠭᠠᠨ ᠤ ᠪᠠᠨ ᠤᠷᠢᠳ ᠢᠶᠠᠷ ᠪᠣᠳᠣᠯᠬᠢᠯᠠᠬᠤ ᠴᠢᠭᠯᠡᠯ ᠪᠤᠯᠭᠠᠵᠤ᠂ ᠸᠢᠶᠧᠳ᠋ᠨᠠᠮ ᠤᠨ ᠨᠠᠮ ᠤᠨ ᠤᠳᠤᠷᠢᠳᠤᠯᠭ᠎ᠠ ᠪᠠᠨ ᠪᠠᠷᠢᠮᠲᠠᠯᠠᠵᠤ᠂ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠨᠡᠶᠢᠭᠡᠮ ᠵᠢᠷᠤᠮ ᠤᠨ ᠵᠠᠮ ᠢᠶᠠᠷ ᠵᠠᠮᠨᠠᠵᠤ᠂ ᠰᠢᠨᠡᠴᠢᠯᠡᠯᠲᠡ ᠨᠡᠭᠡᠭᠡᠯᠲᠡ ᠪᠣᠯᠣᠨ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠦᠢᠯᠡᠰ ᠢᠶᠠᠨ ᠭᠦᠨᠵᠡᠭᠡᠢ ᠠᠬᠢᠭᠤᠯᠬᠤ ᠶᠢ ᠳᠡᠮᠵᠢᠨ᠎ᠠ᠃ ᠲᠤᠰ ᠲᠤᠰ ᠤᠨ ᠤᠯᠤᠰ ᠤᠨ ᠢᠶᠠᠨ ᠬᠥᠭᠵᠢᠯ ᠮᠠᠨᠳᠤᠯ ᠤᠨ ᠵᠠᠩᠭᠢᠯᠠᠭ᠎ᠠ ᠶᠢᠨ ᠬᠤᠭᠤᠴᠠᠭᠠᠨ ᠳᠤ᠂ ᠳᠤᠮᠳᠠᠳᠤ ᠸᠢᠶᠧᠳ᠋ᠨᠠᠮ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠴᠢᠭᠯᠡᠯ ᠢ ᠣᠨᠣᠪᠴᠢᠲᠠᠶ ᠡᠵᠡᠮᠳᠡᠵᠦ᠂ ᠤᠯᠤᠰ ᠲᠥᠷᠥ ᠶᠢᠨ ᠢᠲᠡᠭᠡᠯᠴᠡᠭᠡ ᠨᠠᠩ ᠥᠨᠳᠥᠷ᠂ ᠠᠮᠤᠷ ᠲᠦᠪᠰᠢᠨ ᠤ ᠬᠠᠮᠲᠤᠷᠠᠯᠴᠠᠭ᠎ᠠ ᠨᠠᠩ ᠪᠣᠳᠠᠲᠠᠢ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠨᠠᠩ ᠭᠦᠨᠵᠡᠭᠡᠢ᠂ ᠠᠷᠠᠳ ᠤᠨ ᠰᠠᠨᠠᠭᠠᠨ ᠤ ᠰᠠᠭᠤᠷᠢ ᠨᠠᠩ ᠪᠠᠲᠤ᠂ ᠣᠯᠠᠨ ᠲᠠᠯ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠨᠠᠩ ᠴᠢᠩᠭ᠎ᠠ᠂ ᠵᠥᠷᠢᠯᠳᠦᠭᠡᠨ ᠢᠶᠠᠨ ᠨᠡᠩ ᠰᠠᠶᠢᠨ ᠬᠠᠮᠢᠶᠠᠷᠤᠨ ᠡᠵᠡᠮᠳᠡᠵᠦ ᠰᠢᠢᠳᠪᠦᠷᠢᠯᠡᠬᠦ ︽ᠵᠢᠷᠭᠤᠭᠠᠨ ᠨᠠᠩ ︾ ᠬᠥᠭᠵᠢᠯᠲᠡ ᠶᠢᠨ ᠪᠠᠶᠢᠷᠢᠰᠢᠯ ᠢ ᠪᠠᠬᠢᠵᠢᠭᠦᠯᠦᠶ᠎ᠡ᠃ ᠳᠤᠮᠳᠠᠳᠤ ᠤᠯᠤᠰ ᠳᠤᠷᠠᠲᠠᠶ᠎ᠠ ᠸᠢᠶᠧᠳ᠋ᠨᠠᠮ ᠤᠨ ᠬᠢᠨ ᠲᠠᠢ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠᠨ ᠪᠠᠲᠤᠯᠠᠵᠤ᠂ ᠬᠠᠷᠢᠯᠴᠠᠨ ᠡᠷᠡᠰ ᠲᠡᠮᠵᠢᠵᠥ᠂ ︽ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠪᠣᠯᠣᠨ ︽ᠬᠤᠶᠠᠷ ᠬᠤᠩᠭᠢᠯ ᠨᠢᠭᠡ ᠲᠣᠭᠤᠷᠢᠭ ︾ ᠤᠨ ᠪᠣᠷᠣ ᠲᠥᠯᠥᠪ ᠢ ᠵᠣᠯᠭᠠᠭᠤᠯᠬᠤ ᠬᠠᠮᠲᠤᠷᠠᠯᠴᠠᠭ᠎ᠠ ᠶᠢ ᠢᠳᠡᠪᠬᠢᠲᠡᠢ ᠰᠦᠪᠡᠭᠴᠢᠯᠡᠨ ᠥᠷᠭᠡᠳᠬᠡᠵᠦ᠂ ᠲᠡᠮᠦᠷ ᠵᠠᠮ᠂ ᠲᠦᠷᠭᠡᠨ ᠤ ᠵᠠᠰᠠᠮᠠᠯ ᠵᠠᠮ᠂ ᠪᠣᠭᠤᠮᠲᠠ ᠶᠢᠨ ᠰᠠᠭᠤᠷᠢ ᠲᠥᠬᠦᠭᠡᠷᠦᠮᠵᠢ ᠵᠡᠷᠭᠡ ︽ᠬᠠᠲᠠᠭᠤ ᠬᠤᠯᠪᠣᠯᠳᠤᠯ ᠨᠡᠪᠲᠡᠷᠡᠯᠴᠡᠯ ︾ ᠢ ᠲᠦᠷᠭᠡᠳᠬᠡᠨ ᠠᠬᠢᠭᠤᠯᠵᠤ᠂ ᠣᠶᠤᠨᠴᠢ ᠪᠣᠭᠤᠮᠲᠠ ᠶᠢᠨ ︽ᠵᠥᠭᠡᠯᠡᠨ ᠬᠤᠯᠪᠣᠯᠳᠤᠯ ᠨᠡᠪᠲᠡᠷᠡᠯᠴᠡᠯ ︾ ᠢ ᠳᠡᠭᠡᠭᠰᠢᠯᠡᠭᠦᠯᠵᠦ᠂ ᠠᠮᠤᠷ ᠲᠦᠪᠰᠢᠨ᠂ ᠲᠣᠭᠲᠠᠭᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠭᠠᠷ ᠬᠤᠯᠪᠣᠨ ᠴᠣᠭᠴᠠᠯᠠᠨ᠎ᠠ᠃ ᠳᠠᠷᠠᠭ᠎ᠠ ᠵᠢᠯ ᠳᠤᠮᠳᠠᠳᠤ ᠸᠢᠶᠧᠳ᠋ᠨᠠᠮ ᠤᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠶᠢ ᠪᠡᠯᠭᠡᠯᠡᠬᠦ ᠪᠠᠷ ᠠᠵᠠ ᠲᠣᠭᠢᠶᠠᠯ ᠪᠤᠯᠭᠠᠵᠤ᠂ ︽ᠳᠤᠮᠳᠠᠳᠤ ᠸᠢᠶᠧᠳ᠋ᠨᠠᠮ ᠤᠨ ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ ︾ ᠵᠡᠷᠭᠡ ᠰᠢᠷᠢᠰ ᠠᠵᠢᠯᠯᠠᠭ᠎ᠠ ᠶᠢ ᠬᠠᠮᠲᠤ ᠪᠠᠷ ᠰᠠᠶᠢᠲᠤᠷ ᠡᠷᠭᠢᠯᠡᠵᠦ᠂ ᠬᠤᠶᠠᠷ ᠤᠯᠤᠰ ᠤᠨ ᠠᠷᠠᠳ ᠤᠨ ᠰᠠᠨᠠᠭᠠᠨ ᠤ ᠰᠠᠭᠤᠷᠢ ᠶᠢ ᠪᠠᠬᠢᠵᠢᠭᠦᠯᠦᠶ᠎ᠡ᠃ ᠬᠤᠶᠠᠷ ᠲᠠᠯ᠎ᠠ ᠪᠠᠷ ᠢᠶᠠᠨ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠵᠡᠷᠭᠡ ᠤᠯᠠᠨ ᠤᠯᠤᠰ ᠤᠨ ᠬᠠᠷᠢᠯᠴᠠᠭᠠᠨ ᠤ ᠦᠨᠳᠦᠰᠦᠨ ᠪᠠᠷᠢᠮᠵᠢᠶ᠎ᠠ ᠶᠢ ᠪᠠᠷᠢᠮᠲᠠᠯᠠᠵᠤ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠦᠢᠯᠵᠢᠯᠳᠡ᠂ ᠲᠦᠭᠡᠮᠡᠯ ᠬᠠᠷᠠᠭᠠᠯᠵᠠᠯᠳᠠᠢ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠪᠣᠯᠣᠨ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠶ᠎ᠠ ᠭᠡᠵᠦ ᠵᠢᠭᠠᠵᠤ ᠭᠠᠷᠭᠠᠵᠠᠢ᠃    ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠵᠤ᠂ ᠳᠤᠮᠳᠠᠳᠤ ᠤᠯᠤᠰ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠬᠤ ᠨᠢ ᠸᠢᠶᠧᠳ᠋ᠨᠠᠮ ᠢ ᠪᠠᠭᠲᠠᠭᠠᠭᠰᠠᠨ ᠡᠯ᠎ᠡ ᠤᠯᠤᠰ ᠤᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ᠂ ᠰᠢᠨ᠎ᠡ ᠠᠵᠠ ᠲᠣᠭᠢᠶᠠᠯ ᠠᠪᠴᠢᠷᠠᠬᠤ ᠪᠣᠯᠣᠨ᠎ᠠ᠃ ᠳᠤᠮᠳᠠᠳᠤ ᠤᠯᠤᠰ ᠳᠤᠷᠠᠲᠠᠶ᠎ᠠ ᠸᠢᠶᠧᠳ᠋ᠨᠠᠮ ᠤᠨ ᠬᠢᠨ ᠲᠠᠢ ᠨᠠᠮ ᠢ ᠵᠠᠰᠠᠵᠤ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ ᠤᠯᠤᠰ ᠢ ᠵᠠᠰᠠᠬᠤ ᠰᠢᠰᠲ᠋ᠧᠮ ᠪᠣᠯᠣᠨ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠬᠠᠮᠲᠤ ᠪᠠᠷ ᠳᠡᠭᠡᠭᠰᠢᠯᠡᠭᠦᠯᠵᠦ᠂ ᠣᠳᠣᠬᠢᠴᠢᠯᠠᠯᠲᠠ ᠲᠡᠶᠢᠰᠢ ᠬᠠᠮᠲᠤ ᠪᠠᠷ ᠤᠷᠤᠭᠰᠢᠯᠠᠶ᠎ᠠ ᠭᠡᠵᠦ ᠴᠢᠬᠤᠯᠠᠴᠢᠯᠠᠪᠠ᠃    ᠰᠤ᠋ ᠯᠢᠨ᠂ ᠪᠢ ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠪᠣᠯᠤᠭᠰᠠᠨ ᠤ ᠬᠤᠪᠢ ᠳᠤ ᠠᠩᠬᠠᠳᠠᠭᠴᠢ ᠠᠶᠢᠢᠯᠴᠢᠯᠠᠯᠳᠠ ᠪᠠᠷ ᠳᠤᠮᠳᠠᠳᠤ ᠤᠯᠤᠰ ᠲᠤ ᠢᠷᠡᠭᠰᠡᠨ ᠨᠢ ᠸᠢᠶᠧᠳ᠋ᠨᠠᠮ ᠤᠨ ᠨᠠᠮ ᠪᠠ ᠵᠠᠰᠠᠭ ᠤᠨ ᠣᠷᠳᠣᠨ ᠤ ᠳᠤᠮᠳᠠᠳᠤ ᠤᠯᠤᠰ ᠯᠤᠭ᠎ᠠ ᠶᠢᠨ ᠬᠠᠷᠢᠯᠴᠠᠭᠠᠨ ᠤ ᠬᠥᠭᠵᠢᠯᠲᠡ ᠶᠢ ᠢᠮᠠᠭᠲᠠ ᠴᠢᠬᠤᠯᠠᠴᠢᠯᠠᠭᠰᠠᠭᠠᠷ ᠢᠷᠡᠭᠰᠡᠨ ᠵᠣᠭᠰᠣᠯᠲᠠ᠂ ᠳᠤᠮᠳᠠᠳᠤ ᠤᠯᠤᠰ ᠢ ᠸᠢᠶᠧᠳ᠋ᠨᠠᠮ ᠤᠨ ᠭᠠᠳᠠᠭᠠᠳᠤ ᠲᠥᠷᠥ ᠶᠢᠨ ᠪᠣᠳᠣᠯᠭ᠎ᠠ ᠶᠢᠨ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠪᠠ ᠲᠡᠷᠢᠭᠦᠨ ᠪᠠᠶᠢᠷᠢᠨ ᠳᠤ ᠲᠠᠯᠪᠢᠵᠤ ᠪᠠᠶᠢᠬᠤ ᠶᠢ ᠭᠦᠢᠴᠡᠳ ᠢᠯᠡᠷᠡᠭᠦᠯᠵᠦ ᠪᠠᠶᠢᠨ᠎ᠠ᠃ ᠸᠢᠶᠧᠳ᠋ᠨᠠᠮ ᠤᠨ ᠨᠠᠮ ᠪᠣᠯᠣᠨ ᠵᠠᠰᠠᠭ ᠤᠨ ᠣᠷᠳᠣᠨ ᠷᠤᠸᠠᠨ ᠹᠦ᠋ ᠵᠦᠩ ᠨᠥᠬᠦᠷ ᠤᠨ ᠭᠡᠷᠢᠶᠡᠰ ᠵᠣᠷᠢᠭ ᠢ ᠵᠠᠯᠭᠠᠮᠵᠢᠯᠠᠵᠤ᠂ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ ᠵᠠᠮ ᠢ ᠪᠠᠷᠢᠮᠲᠠᠯᠠᠵᠤ᠂ ᠬᠤᠶᠠᠷ ᠤᠯᠤᠰ ᠤᠨ ᠠᠬᠠᠮᠠᠳ ᠨᠢᠭᠡ ᠦᠶ᠎ᠡ ᠶᠢᠨ ᠤᠳᠤᠷᠢᠳᠬᠤ ᠬᠥᠮᠥᠨ ᠢᠯᠠᠩᠭᠤᠶ᠎ᠠ ᠶᠡᠷᠦᠩᠬᠡᠢ ᠱᠦᠵᠢ ᠷᠤᠸᠠᠨ ᠹᠦ᠋ ᠵᠦᠩ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠬᠠᠮᠲᠤ ᠪᠠᠷ ᠲᠣᠭᠲᠠᠭᠠᠭᠰᠠᠨ ᠵᠠᠮ ᠢᠶᠠᠷ ᠡᠷᠡᠰ ᠤᠷᠤᠭᠰᠢᠯᠠᠵᠤ᠂ ︽ᠵᠢᠷᠭᠤᠭᠠᠨ ᠨᠡᠩ ︾ ᠤᠨ ᠶᠡᠷᠦᠩᠬᠡᠢ ᠬᠠᠷᠠᠯᠲᠠ ᠶᠣᠰᠣᠭᠠᠷ᠂ ᠸᠢᠶᠧᠳ᠋ᠨᠠᠮ ᠳᠤᠮᠳᠠᠳᠤ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠵᠦ᠂ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠦᠬᠦᠢ ᠸᠢᠶᠧᠳ᠋ᠨᠠᠮ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ᠃ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠶᠢᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ ᠲᠣᠭᠲᠠᠭᠠᠭᠰᠠᠨ ᠪᠤᠢ ᠪᠦᠬᠦᠢ ᠥᠭᠡᠷᠡᠴᠢᠯᠡᠯᠲᠡ ᠶᠢᠨ ᠡᠭᠦᠷᠭᠡ ᠶᠢ ᠠᠮᠵᠢᠯᠲᠠ ᠲᠠᠢ ᠪᠡᠶᠡᠯᠡᠭᠦᠯᠵᠦ᠂ ᠯᠤᠲᠤ ᠶᠡᠭᠡ ᠬᠥᠭᠵᠢᠯᠲᠡ ᠶᠢᠨ ᠠᠮᠵᠢᠯᠲᠠ ᠣᠯᠵᠤ᠂ ᠳᠡᠯᠡᠬᠡᠢ ᠳᠡᠭᠡᠷᠡᠬᠢ ᠪᠠᠶᠢᠷᠢ ᠰᠠᠭᠤᠷᠢ ᠪᠣᠯᠣᠨ ᠨᠥᠯᠥᠭᠡᠯᠡᠬᠦ ᠬᠦᠴᠦᠨ ᠡᠳᠦᠷ ᠢᠷᠡᠬᠦᠶ᠎ᠡ ᠳᠡᠭᠡᠭᠰᠢᠯᠡᠵᠦ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠵᠢᠴᠢ ᠪᠦᠭᠦ ᠬᠥᠮᠥᠨ ᠲᠥᠷᠥᠯᠬᠢᠲᠡᠨ ᠤ ᠳᠠᠪᠰᠢᠯᠳᠠ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠸᠢᠶᠧᠳ᠋ᠨᠠᠮ ᠤᠨ ᠬᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠠ ᠬᠤᠷᠠᠯ ᠤᠨ ᠠᠮᠵᠢᠯᠲᠠ ᠲᠠᠢ ᠬᠤᠷᠠᠯᠳᠤᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠰᠢᠨ᠎ᠡ ᠴᠠᠭ ᠦᠶ᠎ᠡ ᠶᠢ ᠨᠡᠭᠡᠭᠡᠭᠰᠡᠨ ᠳᠤ ᠪᠠᠶᠠᠷ ᠬᠦᠷᠭᠡᠵᠦ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠯᠠᠪᠲᠠᠢ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠪᠠᠨ ᠠᠮᠵᠢᠯᠲᠠ ᠲᠠᠢ ᠪᠡᠶᠡᠯᠡᠭᠦᠯᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠠᠶᠢᠭᠤᠯᠤᠨ ᠪᠦᠲᠦᠭᠡᠨ᠎ᠡ ᠭᠡᠳᠡᠭ ᠢ ᠢᠲᠡᠭᠡᠵᠦ ᠪᠠᠶᠢᠨ᠎ᠠ᠃ ᠸᠢᠶᠧᠳ᠋ᠨᠠᠮ ᠤᠨ ᠬᠢᠨ ᠪᠡᠶ᠎ᠡ ᠪᠠᠨ ᠳᠠᠭᠠᠭᠠᠵᠤ ᠡᠵᠡᠨ ᠮᠡᠳᠡᠬᠦ ᠶᠢ ᠪᠠᠷᠢᠮᠲᠠᠯᠠᠵᠤ᠂ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠭᠤᠶᠢᠪᠢᠰᠢ ᠦᠭᠡᠢ ᠬᠡᠷᠡᠭᠵᠢᠭᠦᠯᠵᠦ᠂ ᠲᠠᠶᠢᠸᠠᠨ ᠪᠣᠯ ᠳᠤᠮᠳᠠᠳᠤ ᠤᠯᠤᠰ ᠤᠨ ᠨᠤᠲᠤᠭ ᠳᠡᠪᠢᠰᠬᠡᠷ ᠤᠨ ᠰᠠᠯᠵᠤ ᠪᠣᠯᠣᠰᠢ ᠦᠭᠡᠢ ᠨᠢᠭᠡ ᠬᠡᠰᠡᠭ ᠮᠥᠨ ᠬᠡᠮᠡᠨ ᠦᠵᠡᠵᠦ᠂ ᠠᠯᠢᠪᠠ ᠭᠡᠯᠪᠡᠷᠢ ᠶᠢᠨ ︽ᠲᠠᠶᠢᠸᠠᠨ ᠢ ᠲᠤᠰᠠᠭᠠᠷ ᠲᠣᠭᠲᠠᠨᠢᠭᠤᠯᠬᠤ ︾ ᠬᠠᠭᠠᠴᠠᠭᠤᠯᠬᠤ ᠠᠵᠢᠯᠯᠠᠭ᠎ᠠ ᠶᠢ ᠡᠷᠡᠰ ᠡᠰᠡᠷᠭᠦᠴᠡᠵᠦ᠂ ᠳᠤᠮᠳᠠᠳᠤ ᠤᠯᠤᠰ ᠤᠨ ᠤᠯᠤᠰ ᠤᠨ ᠨᠢᠭᠡᠳᠦᠯ ᠢᠶᠠᠨ ᠪᠡᠶᠡᠯᠡᠭᠦᠯᠬᠦ ᠶᠢ ᠡᠷᠡᠰ ᠳᠡᠮᠵᠢᠨ᠎ᠠ᠃ ᠰᠢᠶᠠᠩᠭᠠᠩ᠂ ᠰᠢᠨᠵᠢᠶᠠᠩ᠂ ᠲᠥᠪᠡᠳ ᠪᠣᠯ ᠴᠥᠮ ᠳᠤᠮᠳᠠᠳᠤ ᠤᠯᠤᠰ ᠤᠨ ᠳᠣᠲᠣᠭᠠᠳᠤ ᠶᠢᠨ ᠬᠡᠷᠡᠭ ᠶᠠᠪᠤᠳᠠᠯ ᠮᠥᠨ᠂ ᠸᠢᠶᠧᠳ᠋ᠨᠠᠮ ᠤᠨ ᠬᠢᠨ ᠶᠠᠮᠠᠷᠪᠠ ᠬᠦᠴᠦᠨ ᠤ ᠳᠤᠮᠳᠠᠳᠤ ᠤᠯᠤᠰ ᠤᠨ ᠳᠣᠲᠣᠭᠠᠳᠤ ᠶᠠᠪᠤᠳᠠᠯ ᠳᠤ ᠭᠠᠷ ᠲᠦᠷᠦᠭᠦ ᠶᠢ ᠡᠷᠡᠰ ᠡᠰᠡᠷᠭᠦᠴᠡᠨ᠎ᠡ᠃ ᠸᠢᠶᠧᠳ᠋ᠨᠠᠮ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠᠨ ᠨᠢᠭᠲᠠᠷᠠᠭᠤᠯᠵᠤ᠂ ᠨᠠᠮ ᠢ ᠵᠠᠰᠠᠵᠤ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠪᠠᠨ ᠬᠤᠪᠢᠶᠠᠯᠴᠠᠵᠤ᠂ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠭᠦᠨᠵᠡᠭᠡᠶᠢᠷᠡᠭᠦᠯᠵᠦ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠵᠢᠴᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠮᠤᠷ ᠲᠦᠪᠰᠢᠨ᠂ ᠠᠵᠤ ᠠᠬᠤᠢ ᠠᠷᠠᠯᠵᠢᠶᠠᠨ ᠤ ᠪᠡᠯᠡ ᠣᠷᠣᠭᠤᠯᠤᠯᠲᠠ᠂ ᠬᠢᠯᠢ ᠠᠯᠤᠰᠯᠠᠭᠰᠠᠨ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ ᠵᠡᠷᠭᠡ ᠬᠦᠷᠢᠶᠡᠨ ᠳᠠᠬᠢ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠴᠢᠩᠭᠠᠳᠬᠠᠨ᠎ᠠ᠃ ᠢᠷᠡᠬᠦ ᠵᠢᠯ ᠤᠨ ︽ᠸᠢᠶᠧᠳ᠋ᠨᠠᠮ ᠳᠤᠮᠳᠠᠳᠤ ᠶᠢᠨ ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ ︾ ᠢ ᠬᠠᠮᠲᠤ ᠪᠠᠷ ᠰᠠᠶᠢᠲᠤᠷ ᠡᠷᠭᠢᠯᠡᠵᠦ᠂ ᠵᠠᠯᠠᠭᠤᠴᠤᠳ᠂ ᠣᠷᠣᠨ ᠨᠤᠲᠤᠭ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠬᠤᠶᠠᠷ ᠤᠯᠤᠰ ᠤᠨ ᠨᠡᠶᠢᠭᠡᠮ ᠤᠨ ᠠᠷᠠᠳ ᠤᠨ ᠰᠠᠨᠠᠭᠠᠨ ᠤ ᠰᠠᠭᠤᠷᠢ ᠶᠢ ᠪᠠᠬᠢᠵᠢᠭᠦᠯᠦᠨ᠎ᠡ᠃ ᠸᠢᠶᠧᠳ᠋ᠨᠠᠮ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠲᠠᠯᠠᠢ ᠳᠡᠭᠡᠷᠡᠬᠢ ᠵᠥᠷᠢᠯᠳᠦᠭᠡᠨ ᠢᠶᠠᠨ ᠵᠣᠬᠢᠰᠲᠠᠢ ᠬᠠᠮᠢᠶᠠᠷᠤᠨ ᠡᠵᠡᠮᠳᠡᠵᠦ᠂ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠢ ᠬᠠᠮᠲᠤ ᠪᠠᠷ ᠬᠠᠮᠠᠭᠠᠯᠠᠨ᠎ᠠ᠃ ᠸᠢᠶᠧᠳ᠋ᠨᠠᠮ ᠤᠨ ᠬᠢᠨ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠣᠯᠣᠨ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠳᠡᠮᠵᠢᠬᠦ ᠪᠥᠭᠡᠳ ᠳᠤᠷᠠᠲᠠᠶ᠎ᠠ ᠢᠳᠡᠪᠬᠢᠲᠡᠢ ᠣᠷᠣᠯᠴᠠᠨ᠎ᠠ᠃ ᠸᠢᠶᠧᠳ᠋ᠨᠠᠮ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠤᠯᠠᠨ ᠲᠠᠯᠠᠲᠤ ᠤᠯᠠᠨ ᠤᠯᠤᠰ ᠤᠨ ᠬᠠᠮᠵᠢᠯᠴᠠᠭ᠎ᠠ ᠪᠠᠨ ᠨᠢᠭᠲᠠᠷᠠᠭᠤᠯᠵᠤ᠂ ᠤᠯᠠᠨ ᠲᠠᠯᠠᠲᠤ ᠦᠵᠡᠯ ᠢ ᠬᠠᠮᠠᠭᠠᠯᠠᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠪᠡ᠃    ᠬᠡᠯᠡᠯᠴᠡᠭᠡ ᠲᠡᠭᠦᠰᠦᠭᠰᠡᠨ ᠤ ᠳᠠᠷᠠᠭ᠎ᠠ᠂ ᠬᠤᠶᠠᠷ ᠲᠠᠯ᠎ᠠ ᠪᠠᠷ ᠢᠶᠠᠨ ᠨᠠᠮ ᠤᠨ ᠰᠤᠷᠭᠠᠭᠤᠯᠢ᠂ ᠬᠤᠯᠪᠣᠯᠳᠤᠨ ᠨᠡᠪᠲᠡᠷᠡᠯᠴᠡᠬᠦ᠂ ᠠᠵᠤ ᠦᠢᠯᠡᠳᠪᠦᠷᠢ᠂ ᠮᠥᠩᠭᠦᠨ ᠭᠦᠢᠯᠭᠡᠭᠡᠨ᠂ ᠪᠣᠭᠤᠮᠲᠠ ᠶᠢᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ᠂ ᠡᠷᠡᠭᠦᠯ ᠬᠠᠮᠠᠭᠠᠯᠠᠯ᠂ ᠰᠣᠨᠢᠨ ᠮᠡᠳᠡᠭᠡᠨ ᠤ ᠪᠠᠶᠢᠭᠤᠯᠤᠮᠵᠢ ᠪᠣᠯᠣᠨ ᠵᠠᠭᠤᠴᠢᠯᠠᠭᠤᠷ᠂ ᠣᠷᠣᠨ ᠨᠤᠲᠤᠭ᠂ ᠠᠷᠠᠳ ᠤᠨ ᠠᠮᠢᠳᠤᠷᠠᠯ ᠵᠡᠷᠭᠡ ᠬᠦᠷᠢᠶᠡᠨ ᠳᠠᠬᠢ ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃    ᠭᠠᠷ ᠤᠨ ᠦᠰᠦᠭ ᠵᠢᠷᠤᠬᠤ ᠶᠣᠰᠣᠯᠠᠯ ᠤᠨ ᠳᠠᠷᠠᠭ᠎ᠠ᠂ ᠰᠢ ᠶᠢᠨ ᠫᠢᠩ ᠪᠣᠯᠣᠨ ᠰᠤ᠋ ᠯᠢᠨ ᠪᠠᠭ᠎ᠠ ᠬᠡᠪᠴᠢᠶᠡᠨ ᠤ ᠴᠠᠶᠢᠯᠠᠯᠭ᠎ᠠ ᠬᠢᠵᠦ᠂ ᠳᠣᠲᠣᠨᠣ ᠨᠥᠭᠦᠷᠰᠡᠭ ᠠᠭᠤᠷ ᠠᠮᠢᠰᠬᠤᠯ ᠤᠨ ᠳᠤᠮᠳᠠ ᠬᠠᠮᠲᠤ ᠪᠠᠷ ᠠᠩᠬᠠᠷᠴᠤ ᠪᠠᠶᠢᠭ᠎ᠠ ᠴᠢᠬᠤᠯᠠ ᠠᠰᠠᠭᠤᠳᠠᠯ ᠤᠨ ᠲᠤᠬᠠᠢ ᠦᠷᠭᠦᠯᠵᠢᠯᠡᠨ ᠰᠠᠨᠠᠯ ᠢᠶᠠᠨ ᠭᠦᠨᠵᠡᠭᠡᠢ ᠰᠣᠯᠢᠯᠴᠠᠪᠠ᠃    ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠡᠭᠦᠳᠡᠨ ᠤ ᠭᠠᠳᠠᠨᠠᠬᠢ ᠠᠭᠤᠳᠠᠮ ᠲᠠᠯᠠᠪᠠᠢ ᠳᠤ ᠰᠦ ᠯᠢᠨ ᠪᠣᠯᠣᠨ ᠲᠡᠭᠦᠨ ᠤ ᠬᠠᠳᠤᠨ ᠦ᠋ ᠹᠠᠩ ᠯᠢ ᠶᠢ ᠤᠭᠲᠤᠬᠤ ᠶᠣᠰᠣᠯᠠᠯ ᠶᠠᠪᠤᠭᠤᠯᠪᠠ᠃    ᠰᠤ᠋ ᠯᠢᠨ ᠬᠦᠷᠴᠦ ᠢᠷᠡᠬᠦ ᠳᠤ ᠶᠣᠰᠣᠯᠠᠯ ᠤᠨ ᠴᠡᠷᠢᠭ ᠮᠥᠷᠯᠡᠨ ᠵᠣᠭᠰᠣᠵᠤ ᠶᠣᠰᠣᠯᠠᠪᠠ᠃ ᠰᠢ ᠶᠢᠨ ᠫᠢᠩ ᠰᠦ ᠯᠢᠨ ᠲᠠᠢ ᠬᠠᠮᠲᠤ ᠰᠢᠯᠭᠠᠨ ᠦᠵᠡᠬᠦ ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠸᠢᠶᠧᠳ᠋ᠨᠠᠮ ᠬᠤᠶᠠᠷ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠵᠦ᠂ ᠲᠢᠶᠠᠨ ᠠᠨ ᠮᠧᠨ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠪᠠ᠃ ᠰᠤ᠋ ᠯᠢᠨ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ᠃    ᠲᠤᠰ ᠡᠳᠦᠷ ᠤᠨ ᠦᠳᠡ ᠳᠤ᠂ ᠰᠢ ᠶᠢᠨ ᠫᠢᠩ ᠪᠣᠯᠣᠨ ᠫᠧᠩ ᠯᠢ ᠶᠤᠸᠠᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠰᠢᠵᠢᠷ ᠠᠯᠳᠠᠨ ᠲᠢᠩᠬᠢᠮ ᠳᠤ ᠰᠤ᠋ ᠯᠢᠨ ᠪᠣᠯᠣᠨ ᠲᠡᠭᠦᠨ ᠤ ᠬᠠᠳᠤᠨ ᠢ ᠤᠭᠲᠤᠬᠤ ᠳᠠᠶᠢᠯᠠᠯᠭ᠎ᠠ ᠬᠢᠪᠡ᠃    ᠼᠠᠢ ᠴᠢ᠂ ᠸᠠᠩ ᠢ᠂ ᠸᠠᠩ ᠰᠢᠶᠣᠣ ᠬᠤᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ᠃    ᠰᠤ᠋ ᠯᠢᠨ ᠳᠤᠮᠳᠠᠳᠤ ᠤᠯᠤᠰ ᠲᠤ ᠠᠶᠢᠯᠴᠢᠯᠠᠵᠤ ᠪᠠᠶᠢᠭ᠎ᠠ ᠬᠤᠭᠤᠴᠠᠭᠠᠨ ᠳᠤ᠂ ᠬᠤᠶᠠᠷ ᠲᠠᠯ᠎ᠠ ᠪᠠᠷ ᠢᠶᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠡ ᠨᠠᠶᠢᠷᠠᠮᠳᠠᠬᠤ ᠨᠡᠶᠢᠭᠡᠮ ᠵᠢᠷᠤᠮᠲᠤ ᠸᠢᠶᠧᠳ᠋ᠨᠠᠮ ᠤᠯᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠤᠯᠠᠮ ᠴᠢᠩᠭᠠᠳᠬᠠᠵᠤ᠂ ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠲᠤᠬᠠᠢ ᠬᠠᠮᠲᠤᠷᠠᠭᠰᠠᠨ ᠢᠯᠡᠷᠬᠡᠶᠢᠯᠡᠯᠲᠡ ︾ ᠶᠢ ᠨᠡᠶᠢᠲᠡᠯᠡᠬᠦ ᠪᠣᠯᠣᠨ᠎ᠠ᠃
 
ᠢᠷᠡᠯᠲᠡ᠄ ᠦᠪᠦᠷ ᠮᠤᠩᠭᠤᠯ ‍ᠤᠨ‌ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠦᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号