ᠲᠦᠴᠢᠦᠸᠠᠨ ᠰᠢᠶᠠᠨ ᠭᠤᠷᠪᠠᠳᠤᠭᠠᠷ ᠬᠤᠭᠤᠴᠠᠭᠠᠨ ᠤ ︽ᠲᠤᠯᠤᠭᠠᠨ ᠥᠩᠭᠡᠲᠦ ᠠᠮᠠᠷᠠᠯᠲᠠ ᠶᠢᠨ ᠬᠤᠭᠤᠴᠠᠭᠠᠨ ᠳᠠᠬᠢ ᠵᠠᠯᠠᠭᠤᠴᠤᠳ ᠤᠨ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠨᠡᠶᠢᠲᠡ ᠶᠢᠨ ᠠᠰᠠᠷᠠᠮᠵᠢ  ᠶᠢᠨ ᠴᠢᠨᠠᠷᠲᠠᠶ ᠵᠤᠰᠠᠯᠠᠩ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/21
   ᠵᠠᠯᠠᠭᠤᠴᠤᠳ ᠪᠠᠭᠠᠴᠤᠳ ᠤᠨ ᠦᠵᠡᠯ ᠰᠠᠨᠠᠭᠠᠨ ᠤ ᠵᠢᠯᠣᠭᠤᠳᠤᠮᠵᠢ ᠶᠢ ᠤᠯᠠᠮ ᠨᠢᠭᠡ ᠠᠯᠬᠤᠮ ᠴᠢᠩᠭᠠᠳᠬᠠᠵᠤ ᠂ ᠰᠢᠶᠠᠨ ᠤ ᠳᠣᠲᠣᠷᠠᠬᠢ ᠰᠤᠷᠭᠠᠭᠤᠯᠢ ᠶᠢᠨ ᠭᠠᠳᠠᠨᠠᠬᠢ ᠦᠶᠯᠡᠳᠦᠯᠭᠡ ᠶᠢᠨ ᠬᠥᠮᠦᠵᠢᠯ ᠤᠨ ᠡᠬᠢ ᠪᠠᠶᠠᠯᠢᠭ ᠢ ᠪᠦᠲᠦᠮᠵᠢᠲᠡᠶ ᠡᠮᠬᠢᠯᠡᠨ ᠨᠡᠶᠢᠯᠡᠭᠦᠯᠬᠦ ᠶᠢᠨ ᠲᠥᠯᠥᠭᠡ᠂ 8 ᠰᠠᠷ᠎ᠠ ᠶᠢᠨ 13 ᠤ ᠡᠳᠦᠷ ᠠᠴᠠ 16 ᠤ ᠡᠳᠦᠷ ᠪᠣᠯᠲᠠᠯ᠎ᠠ᠂ ᠡᠪ ᠬᠠᠮᠲᠤ ᠵᠠᠯᠠᠭᠤᠴᠤᠳ ᠤᠨ ᠡᠪᠯᠡᠯ ᠤᠨ ᠲᠦᠴᠢᠦᠸᠠᠨ ᠰᠢᠶᠠᠨ ᠤ ᠬᠤᠷᠢᠶ᠎ᠠ ᠲᠦᠴᠢᠦᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠲᠦᠴᠢᠦᠸᠠᠨ ᠰᠢᠶᠠᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠵᠡᠷᠭᠡ ᠣᠯᠠᠨ ᠨᠢᠭᠡᠴᠡ ᠲᠠᠢ ᠬᠠᠮᠲᠤᠷᠠᠨ ︽ᠲᠤᠯᠤᠭᠠᠨ ᠥᠩᠭᠡᠲᠦ ᠠᠮᠠᠷᠠᠯᠲᠠ  ᠶᠢᠨ ᠬᠤᠭᠤᠴᠠᠭᠠᠨ ᠳᠠᠬᠢ ᠵᠠᠯᠠᠭᠤᠴᠤᠳ ᠤᠨ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠨᠡᠶᠢᠲᠡ ᠶᠢᠨ ᠠᠰᠠᠷᠠᠮᠵᠢ  ᠶᠢᠨ ᠴᠢᠨᠠᠷᠲᠠᠶ ᠵᠤᠰᠠᠯᠠᠩ ᠤᠨ ᠠᠵᠢᠯᠯᠠᠭ᠎ᠠ ᠥᠷᠨᠢᠭᠦᠯᠵᠦ᠂ ︽ᠨᠤᠲᠤᠭ ᠲᠠᠭᠠᠨ ᠪᠤᠴᠠᠭᠰᠠᠨ︾ ᠨᠡᠶᠢᠭᠡᠮ ᠤᠨ ᠦᠶᠯᠡᠳᠦᠯᠭᠡ ᠶᠢᠨ ᠤᠶᠤᠲᠠᠳ ᠪᠣᠯᠤᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠲᠠᠪᠴᠠᠩ ᠤᠨ ᠠᠴᠢᠶᠠᠯᠠᠪᠤᠷᠢ ᠶᠢ ᠭᠦᠶᠴᠡᠳ ᠪᠠᠶᠢᠭᠤᠯᠵᠤ᠂ ᠵᠣᠨ ᠤ ᠠᠮᠠᠷᠠᠯᠲᠠ ᠶᠢᠨ ᠬᠤᠭᠤᠴᠠᠭᠠᠨ ᠤ ᠠᠮᠢᠳᠤᠷᠠᠯ ᠢ ᠪᠠᠶᠠᠯᠢᠭᠵᠢᠭᠤᠯᠤᠨ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠣᠶᠢᠵᠢᠬᠤ ᠳᠤ ᠬᠦᠴᠦᠨ ᠨᠡᠮᠡᠷᠢᠯᠡᠪᠡ᠃
   ᠬᠡᠦᠬᠡᠳ ᠤᠳ ᠲᠠᠶᠢᠯᠪᠤᠷᠢᠯᠠᠭᠴᠢ ᠶᠢᠨ ᠳᠠᠭᠠᠭᠤᠯᠭ᠎ᠠ ᠳᠣᠤᠷ᠎ᠠ᠂ ᠲᠦᠴᠢᠦᠸᠠᠨ ᠰᠢᠶᠠᠨ ᠤ ᠲᠠᠩᠰᠠ ᠡᠪᠬᠡᠮᠡᠯ ᠤᠨ ᠣᠷᠳᠣᠨ ᠢ ᠬᠠᠮᠲᠤ ᠪᠠᠷ ᠲᠣᠭᠤᠷᠢᠨ ᠦᠵᠡᠵᠦ᠂ ᠠᠮᠢᠳᠤᠯᠢᠭ ᠢᠶᠠᠷ ᠲᠠᠶᠢᠯᠪᠤᠷᠢᠯᠠᠬᠤ᠂ ᠬᠡᠷᠡᠯ ᠵᠢᠷᠤᠭ ᠢ ᠬᠠᠷᠢᠴᠠᠭᠤᠯᠬᠤ ᠵᠡᠷᠭᠡ ᠪᠠᠷ ᠳᠡᠮᠵᠢᠨ᠂ ᠲᠦᠴᠢᠦᠸᠠᠨ ᠰᠢᠶᠠᠨ ᠤ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠷᠡᠰ ᠴᠢᠩᠭ᠎ᠠ ᠳᠠᠭᠠᠭᠤᠯᠭ᠎ᠠ ᠳᠣᠤᠷ᠎ᠠ᠂ ᠨᠠᠮ ᠤᠨ ᠪᠠᠶᠢᠭᠤᠯᠤᠯᠲᠠ᠂ ᠠᠵᠤ ᠠᠬᠤᠶ ᠨᠡᠶᠢᠭᠡᠮ ᠤᠨ ᠡᠯ᠎ᠡ ᠵᠦᠶᠯ ᠤᠨ ᠦᠶᠯᠡᠰ ᠤᠨ ᠬᠥᠭᠵᠢᠯᠲᠡ ᠶᠢᠨ ᠣᠯᠤᠭᠰᠠᠨ ᠬᠡᠷᠡᠯ ᠰᠠᠴᠤᠷᠠᠩᠭᠤᠶ ᠠᠮᠵᠢᠯᠲᠠ ᠪᠦᠲᠦᠮᠵᠢ ᠪᠠ ᠲᠡᠦᠬᠡ  ᠶᠢᠨ ᠬᠤᠪᠢᠰᠤᠯᠲᠠ ᠶᠢ ᠪᠡᠶ᠎ᠡ ᠪᠠᠷ ᠢᠶᠠᠨ ᠥᠩᠭᠡᠷᠡᠭᠦᠯᠪᠡ᠃ ᠲᠦᠴᠢᠦᠸᠠᠨ ᠰᠢᠶᠠᠨ ᠤ ᠳᠤᠮᠳᠠᠳᠤ ᠶᠢᠨ ᠦᠨᠳᠦᠰᠦᠲᠡᠨ  ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠭᠤᠤᠯ ᠰᠡᠳᠦᠪᠲᠦ ᠴᠡᠴᠡᠷᠯᠢᠭ ᠳᠤ᠂ ᠵᠢᠷᠤᠭ ᠪᠢᠴᠢᠭ ᠢ ᠵᠡᠷᠭᠡ ᠪᠠᠷ ᠰᠤᠷᠤᠯᠴᠠᠬᠤ ᠳᠤᠮᠳᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠴᠢᠬᠤᠯᠠ ᠴᠢᠨᠠᠷ ᠵᠢᠴᠢ ᠠᠯᠤᠰ ᠬᠡᠲᠦ ᠶᠢᠨ ᠠᠴᠢ ᠬᠤᠯᠪᠣᠭᠳᠠᠯ ᠢ ᠭᠦᠨᠵᠡᠭᠡᠶ ᠤᠶᠢᠯᠭᠠᠵᠠᠢ᠃
   ᠭᠦᠩ ᠨᠦᠩ ᠪᠠᠭ᠎ᠠ ᠰᠤᠷᠭᠠᠭᠤᠯᠢ ᠶᠢᠨ ᠬᠤᠶᠠᠳᠤᠭᠠᠷ ᠤᠨ ᠤ ᠳᠣᠯᠣᠳᠤᠭᠠᠷ ᠠᠩᠭᠢ ᠶᠢᠨ ᠰᠤᠷᠤᠭᠴᠢ ᠯᠢ ᠢ ᠨᠦᠸᠧ᠄ ︽︿ᠲᠤᠯᠤᠭᠠᠨ ᠥᠩᠭᠡᠲᠦ ᠠᠮᠠᠷᠠᠯᠲᠠ ᠶᠢᠨ ᠬᠤᠭᠤᠴᠠᠭᠠᠨ ᠳᠤ᠂ ᠬᠦᠰᠡᠯ ᠵᠡᠭᠦᠳᠦ ᠪᠠᠨ ᠲᠡᠷᠭᠡᠯᠰᠢᠭᠦᠯᠬᠦ﹀ ᠨᠡᠶᠢᠲᠡ ᠶᠢᠨ ᠠᠰᠠᠷᠠᠮᠵᠢ ᠶᠢᠨ ᠵᠤᠰᠠᠯᠠᠩ ᠤᠨ ᠠᠵᠢᠯᠯᠠᠭ᠎ᠠ ᠳᠤ ᠣᠷᠣᠯᠴᠠᠭᠰᠠᠨ ᠳᠠᠭᠠᠨ ᠮᠠᠰᠢ ᠪᠠᠶᠠᠷᠯᠠᠵᠤ ᠪᠠᠶᠢᠨ᠎ᠠ᠂ ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠨ᠂ ᠪᠢ ᠴᠠᠭᠳᠠᠭ᠎ᠠ ᠠᠪᠠᠭ᠎ᠠ᠂ ᠭᠠᠯ ᠤᠨᠲᠠᠷᠠᠭᠠᠭᠴᠢ ᠠᠪᠠᠭ᠎ᠠ ᠶᠢᠨ ᠠᠵᠢᠯ ᠤᠨ ᠠᠭᠤᠯᠭ᠎ᠠ ᠶᠢ ᠪᠡᠶᠡᠴᠢᠯᠡᠨ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ  ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠡᠳᠦᠪᠲᠦ ᠴᠡᠴᠡᠷᠯᠢᠭ ᠲᠤ ᠮᠠᠰᠢ ᠤᠯᠠᠨ ᠦᠨᠳᠦᠰᠦᠲᠡᠨ ᠤ ᠪᠦᠯᠬᠦᠮᠳᠡᠯ ᠤᠨ ᠵᠢᠵᠢᠭ ᠦᠯᠢᠭᠡᠷ ᠢ ᠣᠶᠢᠯᠠᠭᠠᠵᠤ᠂ ᠪᠠᠰᠠ ᠮᠠᠨ ᠤ ᠲᠠᠪᠢᠨ ᠵᠢᠷᠭᠤᠭᠠᠨ ᠦᠨᠳᠦᠰᠦᠲᠡᠨ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠶᠢ ᠣᠯᠵᠤ ᠰᠤᠷᠴᠠᠢ᠃ ᠰᠢᠨ᠎ᠡ ᠴᠠᠭ ᠦᠶ᠎ᠡ ᠶᠢᠨ ᠪᠠᠭᠠᠴᠤᠳ ᠬᠡᠦᠬᠡᠳ ᠪᠣᠯᠤᠭᠰᠠᠨ ᠤ ᠬᠤᠪᠢ ᠳᠤ᠂ ᠪᠢ ᠥᠪᠡᠷ ᠢ ᠪᠠᠨ ᠨᠡᠩ ᠰᠢᠯᠢᠳᠡᠭ ᠪᠣᠯᠭᠠᠬᠤ ᠪᠠᠷ ᠴᠢᠷᠮᠠᠶᠢᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠥᠪᠡᠷ  ᠤᠨ ᠬᠤᠪᠢ ᠨᠡᠮᠡᠷᠢ ᠪᠠᠨ ᠦᠵᠡᠭᠦᠯᠦᠨ᠎ᠡ︾ ᠭᠡᠵᠡᠢ᠃
   ᠡᠪ ᠬᠠᠮᠳᠤ ᠵᠠᠯᠠᠭᠤᠴᠤᠳ ᠤᠨ ᠡᠪᠯᠡᠯ ᠤᠨ ᠰᠢᠶᠠᠨ ᠤ ᠬᠤᠷᠢᠶ᠎ᠠ ᠰᠤᠷᠤᠭᠴᠢᠳ ᠤᠨ ᠳᠤᠷ᠎ᠠ ᠪᠠᠬ᠎ᠠ ᠶᠢ ᠦᠨᠳᠦᠰᠦᠯᠡᠨ᠂ ᠡᠯ᠎ᠡ ᠲᠥᠷᠥᠯ ᠤᠨ ᠰᠣᠨᠢᠷᠬᠠᠯᠲᠠᠶ ᠬᠢᠴᠢᠶᠡᠯ ᠪᠠ ᠲᠣᠭᠯᠠᠭᠠᠮ ᠢ ᠨᠠᠷᠢᠨ ᠨᠢᠮᠪᠠᠶ ᠪᠡᠯᠡᠳᠬᠡᠵᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠠᠮᠤᠷ ᠲᠦᠪᠰᠢᠨ᠂ ᠤᠩᠰᠢᠯᠭ᠎ᠠ᠂ ᠡᠬᠡ ᠣᠷᠣᠨᠴᠢ ᠦᠵᠡᠯ ᠤᠨ ᠬᠥᠮᠦᠵᠢᠯ ᠵᠡᠷᠭᠡ ᠠᠷᠪᠠ ᠭᠠᠷᠤᠶ ᠲᠥᠷᠥᠯ ᠤᠨ ᠳᠤᠷ᠎ᠠ ᠰᠣᠨᠢᠷᠬᠠᠯ ᠤᠨ ᠬᠢᠴᠢᠶᠡᠯ ᠢ ᠨᠡᠭᠡᠭᠡᠵᠦ᠂ ᠵᠠᠯᠠᠭᠤᠴᠤᠳ ᠪᠠᠭᠠᠴᠤᠳ ᠤᠨ ᠰᠤᠷᠤᠯᠴᠠᠬᠤ ᠳᠤᠷ᠎ᠠ ᠰᠣᠨᠢᠷᠬᠠᠯ ᠢ ᠭᠦᠶᠴᠡᠳ ᠬᠥᠭᠵᠢᠭᠡᠨ᠂ ᠡᠬᠡ ᠣᠷᠣᠨᠴᠢ ᠦᠵᠡᠯ ᠤᠨ ᠰᠡᠳᠬᠢᠯᠭᠡ ᠶᠢ ᠵᠤᠵᠠᠭᠠᠳᠬᠠᠵᠤ᠂ ᠮᠡᠳᠡᠯᠭᠡ ᠰᠤᠷᠴᠤ᠂ ᠪᠠᠶᠠᠷ ᠪᠠᠶᠠᠰᠤᠯ ᠲᠠᠢ ᠪᠣᠯᠬᠤ᠂ ᠨᠠᠶᠢᠵᠠ ᠨᠥᠬᠦᠳ ᠲᠠᠢ ᠲᠠᠨᠢᠯᠴᠠᠬᠤ ᠶᠢᠨ ᠬᠠᠮᠲᠤ ᠴᠢᠳᠠᠮᠠᠭᠠᠶ ᠢᠯᠡᠷᠡᠭᠦᠯᠬᠦ᠂ ᠴᠢᠳᠠᠮᠠᠭᠠᠶ ᠰᠡᠳᠬᠢᠬᠦ ᠰᠠᠶᠢᠨ ᠳᠠᠳᠬᠠᠯ ᠲᠠᠢ ᠪᠣᠯᠵᠣ᠂ ᠪᠦᠲᠦᠭᠡᠯᠴᠢ ᠴᠢᠳᠠᠪᠤᠷᠢ ᠪᠠ ᠰᠢᠨ᠎ᠡ ᠶᠢ ᠡᠭᠦᠳᠬᠦ ᠴᠢᠳᠠᠪᠤᠷᠢ ᠪᠠᠨ ᠲᠠᠰᠤᠷᠠᠯᠲᠠ ᠥᠬᠡᠶ ᠴᠢᠩᠭᠠᠷᠠᠭᠤᠯᠪᠠ᠃
   ︽ᠪᠠᠭᠠᠴᠤᠳ ᠬᠡᠦᠬᠡᠳ ᠢ ᠬᠠᠯᠠᠮᠵᠢᠯᠠᠨ ᠬᠠᠶᠢᠷᠠᠯᠠᠬᠤ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ︿ᠨᠤᠲᠤᠭ ᠲᠠᠭᠠᠨ ᠪᠤᠴᠠᠭᠰᠠᠨ﹀ ᠤᠶᠤᠲᠠᠳ ᠤᠨ ᠬᠠᠷᠢᠯᠴᠠᠨ ᠬᠠᠪᠰᠤᠷᠤᠯᠴᠠᠬᠤ ᠠᠵᠢᠯᠯᠠᠭ᠎ᠠ ᠲᠠᠢ ᠤᠶᠠᠯᠳᠤᠭᠤᠯᠤᠨ᠂ ᠡᠪ ᠬᠠᠮᠳᠤ ᠵᠠᠯᠠᠭᠤᠴᠤᠳ ᠤᠨ ᠡᠪᠯᠡᠯ ᠤᠨ ᠰᠢᠶᠠᠨ ᠤ ᠬᠤᠷᠢᠶ᠎ᠠ ᠭᠤᠷᠪᠠᠳᠤᠭᠠᠷ ᠬᠤᠭᠤᠴᠠᠭᠠᠨ ᠤ ︿ᠲᠤᠯᠤᠭᠠᠨ ᠥᠩᠭᠡᠲᠦ ᠠᠮᠠᠷᠠᠯᠲᠠ ᠶᠢᠨ ᠬᠤᠭᠤᠴᠠᠭ᠎ᠠ ᠵᠠᠯᠠᠭᠤᠴᠤᠳ ᠤᠨ ᠰᠡᠳᠬᠢᠯ ᠵᠡᠭᠦᠳᠦ ᠪᠠᠨ ᠲᠡᠷᠭᠡᠯᠰᠢᠭᠦᠯᠬᠦ﹀ ᠨᠡᠶᠢᠲᠡ ᠶᠢᠨ ᠠᠰᠠᠷᠠᠮᠵᠢ ᠶᠢᠨ ᠵᠤᠰᠠᠯᠠᠩ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠣᠰ ᠤᠳᠠᠭᠠᠨ ᠤ ᠠᠵᠢᠯᠯᠠᠭ᠎ᠠ ᠳᠤ ᠭᠤᠷᠪᠠ ᠠᠴᠠ ᠵᠢᠷᠭᠤᠳᠤᠭᠠᠷ ᠣᠨ ᠤ ᠪᠠᠭᠠᠴᠤᠳ ᠬᠡᠦᠬᠡᠳ ᠢ 30 ᠡᠯᠰᠡᠵᠦ᠂ ᠬᠢᠴᠢᠶᠡᠯ ᠤᠨ ᠠᠭᠤᠯᠭ᠎ᠠ ᠨᠢ ᠰᠤᠳᠤᠯᠤᠨ ᠰᠤᠷᠤᠯᠴᠠᠵᠤ ᠪᠡᠶᠡᠴᠢᠯᠡᠨ ᠣᠶᠢᠯᠠᠭᠠᠬᠤ᠂ ᠠᠮᠤᠷ ᠲᠦᠪᠰᠢᠨ ᠢᠶᠠᠷ ᠥᠪᠡᠷ  ᠢ ᠪᠠᠨ ᠬᠠᠮᠠᠭᠠᠯᠠᠬᠤ᠂ ᠨᠣᠮ ᠤᠩᠰᠢᠵᠤ ᠬᠤᠪᠢᠶᠠᠯᠴᠠᠨ ᠡᠳ᠋ᠯᠡᠬᠦ ᠵᠡᠷᠭᠡ ᠳᠤ ᠬᠤᠯᠪᠣᠭᠳᠠᠨ᠂ ᠪᠠᠭᠠᠴᠤᠳ ᠬᠡᠦᠬᠡᠳ ᠤᠨ ᠠᠮᠠᠷᠠᠯᠲᠠ ᠶᠢᠨ ᠬᠤᠭᠤᠴᠠᠭᠠᠨ ᠤ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ᠂ ᠨᠤᠲᠤᠭ ᠲᠠᠭᠠᠨ ᠪᠤᠴᠠᠭᠰᠠᠨ ᠤᠶᠤᠲᠠᠳ ᠲᠤ ᠥᠪᠡᠷ ᠢ ᠪᠠᠨ ᠳᠠᠪᠲᠠᠨ ᠪᠣᠯᠪᠠᠰᠤᠷᠠᠭᠤᠯᠬᠤ᠂ ᠨᠤᠲᠤᠭ ᠤᠰᠤᠨ ᠤ ᠪᠠᠨ ᠠᠴᠢ ᠶᠢ ᠬᠠᠷᠢᠭᠤᠯᠬᠤ ᠲᠠᠪᠴᠠᠩ ᠢ ᠪᠠᠶᠢᠭᠤᠯᠵᠤ ᠥᠭᠴᠡᠶ᠃︾ ᠭᠡᠵᠦ ᠡᠪ ᠬᠠᠮᠲᠤ ᠵᠠᠯᠠᠭᠤᠴᠤᠳ ᠤᠨ ᠡᠪᠯᠡᠯ ᠤᠨ ᠲᠦᠴᠢᠦᠸᠠᠨ ᠰᠢᠶᠠᠨ ᠤ ᠬᠤᠷᠢᠶᠠᠨ ᠤ ᠪᠠᠭᠠᠴᠤᠳ ᠤᠨ ᠬᠡᠯᠲᠡᠰ ᠤᠨ ᠬᠠᠷᠢᠭᠤᠴᠠᠯᠭᠠᠲᠠᠨ ᠵᠧᠦ ᠯᠢ ᠵᠢᠶᠧ ᠬᠡᠯᠡᠪᠡ᠃ ︽ᠲᠠᠷᠠᠭᠠᠴᠢ ᠶᠢᠨ ᠠᠯᠬᠤᠮ ᠳᠤ᠂ᠡᠪ ᠬᠠᠮᠳᠤ ᠵᠠᠯᠠᠭᠤᠴᠤᠳ ᠤᠨ ᠡᠪᠯᠡᠯ ᠤᠨ ᠰᠢᠶᠠᠨ ᠤ ᠬᠤᠷᠢᠶ᠎ᠠ ᠴᠤ ᠵᠠᠯᠠᠭᠤᠴᠤᠳ ᠪᠠᠭᠠᠴᠤᠳ ᠤᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ︿ᠨᠤᠲᠤᠭ ᠲᠠᠭᠠᠨ ᠪᠤᠴᠠᠬᠤ﹀ ︿ᠲᠤᠯᠤᠭᠠᠨ ᠥᠩᠭᠡᠲᠦ ᠠᠮᠠᠷᠠᠯᠲᠠ﹀ ᠵᠡᠷᠭᠡ ᠵᠣᠨ ᠤ ᠠᠮᠠᠷᠠᠯᠲᠠ ᠶᠢᠨ ᠬᠤᠭᠤᠴᠠᠭᠠᠨ ᠤ ᠦᠶᠯᠡᠳᠦᠯᠭᠡ ᠶᠢᠨ ᠠᠵᠢᠯᠯᠠᠭ᠎ᠠ ᠶᠢ ᠪᠠᠶᠢᠩᠭᠤ ᠰᠠᠶᠢᠲᠤᠷ ᠥᠷᠨᠢᠭᠦᠯᠵᠦ᠂ ᠵᠠᠯᠠᠭᠤ ᠰᠠᠶᠢᠨ ᠳᠤᠷᠠᠴᠤᠳ᠂ ᠨᠤᠲᠤᠭ ᠲᠠᠭᠠᠨ ᠪᠤᠴᠠᠭᠰᠠᠨ ᠤᠶᠤᠲᠠᠳ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠣᠷᠣᠯᠴᠠᠬᠤ ᠶᠢ ᠢᠳᠡᠪᠬᠢᠲᠡᠶ ᠬᠥᠲᠥᠯᠥᠨ ᠵᠢᠯᠣᠭᠤᠳᠴᠤ᠂ ᠦᠨᠳᠦᠰᠦᠨ ᠱᠠᠲᠤᠨ ᠤ ᠵᠠᠰᠠᠯᠲᠠ ᠳᠤ ᠣᠷᠣᠯᠴᠠᠵᠤ᠂ ᠨᠡᠶᠢᠭᠡᠮ ᠳᠠᠶᠠᠭᠠᠷ ᠢᠶᠠᠨ ᠪᠠᠭᠠᠴᠤᠳ ᠬᠡᠦᠬᠡᠳ ᠤᠨ ᠡᠷᠡᠭᠦᠯ  ᠢᠶᠠᠷ ᠦᠰᠦᠨ ᠪᠣᠶᠢᠵᠢᠬᠤ ᠶᠢ ᠬᠠᠮᠲᠤ ᠪᠠᠷ ᠬᠠᠯᠠᠮᠵᠢᠯᠠᠨ ᠬᠠᠶᠢᠷᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ︾᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号