ᠲᠦᠴᠢᠦᠸᠠᠨ ᠪᠠᠯᠭᠠᠰᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ︽ᠪᠦᠷᠢᠶ᠎ᠡ︾ ᠶᠢ ᠬᠠᠩᠭᠢᠨᠠᠭᠤᠯᠵᠤ᠂ ᠪᠣᠯᠪᠠᠰᠤᠨ ᠬᠥᠳᠡᠭᠡ ᠲᠣᠰᠬᠤᠨ ᠤ ᠰᠢᠨ᠎ᠡ ᠳᠦᠷᠰᠦ ᠪᠠᠶᠢᠳᠠᠯ ᠢ ᠳᠡᠯᠭᠡᠨ ᠦᠵᠡᠭᠦᠯᠦᠨ᠎ᠡ
ᠨᠡᠶᠢᠲᠡᠯᠡᠭᠰᠡᠨ ᠴᠠᠭ᠄
2024/8/22
   ᠨᠠᠢᠮᠠᠨ ᠰᠠᠷ᠎ᠠ ᠶᠢᠨ ᠨᠠᠮᠤᠷ ᠤᠨ ᠡᠬᠢᠨ ᠤ ᠤᠮᠠᠷᠠᠲᠤ ᠣᠷᠣᠨ ᠳᠤ᠂ ᠣᠭᠲᠠᠷᠭᠤᠢ ᠴᠡᠯᠮᠡᠭ ᠲᠤᠩᠭᠠᠯᠠᠭ᠂ ᠨᠡᠷᠡᠨ  ᠤ ᠭᠡᠷᠡᠯ ᠳᠤᠯᠠᠶᠢᠵᠤ᠂ ᠲᠦᠴᠢᠦᠸᠠᠨ ᠪᠠᠯᠭᠠᠰᠤᠨ ᠳᠤ ᠬᠦᠷᠬᠦ ᠳᠤ᠂ ᠨᠢᠳᠦᠨ ᠳᠤ ᠦᠵᠡᠭᠳᠡᠮ᠎ᠡ ᠵᠢᠭᠳᠡᠷᠡᠨ ᠪᠠᠶᠢᠷᠢᠯᠠᠭᠰᠠᠨ ᠭᠡᠷ ᠪᠠᠶᠢᠰᠢᠩ᠂ ᠴᠡᠪᠡᠷ ᠲᠡᠭᠰᠢ ᠵᠠᠮ᠂ ᠡᠮᠬᠢ ᠵᠢᠷᠤᠮ ᠲᠠᠢ ᠪᠠᠷ ᠲᠥᠷᠥᠯ ᠬᠤᠪᠢᠶᠠᠭᠰᠠᠨ ᠬᠤᠭ ᠨᠣᠪᠰᠢ……
   ᠪᠥᠬᠦ ᠪᠠᠯᠭᠠᠰᠤᠨ ᠤ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠬᠤ ᠶᠢᠨ ᠲᠥᠯᠥᠭᠡ᠂ ᠬᠡᠳᠦᠨ ᠡᠳᠦᠷ ᠤᠨ ᠲᠤᠷᠰᠢ᠂ ᠲᠦᠴᠢᠦᠸᠠᠨ ᠪᠠᠯᠭᠠᠰᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠪᠠᠶᠢᠩᠭᠤ ᠥᠷᠨᠢᠭᠦᠯᠪᠡ᠃    ᠨᠠᠮ ᠤᠨ ᠭᠡᠰᠢᠭᠦᠨ ᠬᠤᠰᠢᠭᠤᠴᠢ ᠵᠢᠱᠢᠶ᠎ᠡ ᠦᠵᠡᠭᠦᠯᠵᠦ᠂ ᠬᠥᠳᠡᠭᠡ ᠲᠣᠰᠬᠤᠨ ᠢ ᠴᠡᠭᠴᠡᠯᠡᠨ ᠵᠠᠰᠠᠬᠤ ᠶᠢ ᠬᠥᠲᠥᠯᠥᠨ ᠳᠠᠭᠠᠭᠤᠯᠤᠨ᠎ᠠ᠃ ︽ᠥᠨᠥᠳᠦᠷ ᠪᠢ ᠰᠠᠶ᠋ᠢᠬᠠᠨ ᠨᠡᠭᠦᠳᠡᠯ ᠤᠯᠠᠭᠠᠨ ᠲᠤᠭ ᠣᠯᠵᠠᠶ᠂ ᠡᠨᠡ ᠪᠣᠯ ᠲᠣᠰᠬᠤᠨ ᠠᠴᠠ ᠨᠠᠳᠠᠳᠤ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠳᠤ ᠢᠳᠡᠪᠬᠢᠲᠡᠶ ᠤᠷᠤᠯᠴᠠᠭᠰᠠᠨ ᠠᠴᠠ ᠦᠭᠭᠦᠭᠰᠡᠨ ᠱᠠᠩᠨᠠᠯ ᠪᠤᠯᠤᠨ᠎ᠠ᠃︾ ᠭᠡᠵᠦ ᠲᠦᠴᠢᠦᠸᠠᠨ ᠪᠠᠯᠭᠠᠰᠤᠨ ᠤ ᠫᠢᠩᠴᠤᠸᠠᠨ ᠲᠣᠰᠬᠤᠨ ᠤ ᠵᠠᠩ ᠴᠢᠩ ᠯᠢᠶᠠᠩ ᠬᠡᠯᠡᠨ᠎ᠡ᠃ ᠲᠦᠴᠢᠦᠸᠠᠨ ᠪᠠᠯᠭᠠᠰᠤᠨ ᠤ ᠬᠢᠨ ᠨᠠᠮ ᠤᠨ ᠡᠭᠦᠷ ᠠᠴᠠ ᠨᠠᠮ ᠤᠨ ᠭᠡᠰᠢᠭᠦᠨ ᠢᠶᠠᠨ ᠳᠠᠭᠠᠭᠤᠯᠬᠤ᠂ ᠨᠠᠮ ᠤᠨ ᠭᠡᠰᠢᠭᠦᠨ ᠤᠯᠠᠨ ᠲᠦᠮᠡᠨ ᠢᠶᠠᠨ ᠳᠠᠭᠠᠭᠤᠯᠬᠤ ᠶᠢ ᠪᠠᠷᠢᠮᠲᠠᠯᠠᠵᠤ᠂ ᠨᠠᠮ  ᠤᠨ ᠭᠡᠰᠢᠭᠦᠨ ᠤ ᠡᠩᠨᠡᠭᠡ ᠶᠢᠨ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠳᠤ ︽ᠬᠤᠰᠢᠭᠤᠴᠢ ᠭᠠᠯᠠᠭᠤ︾ ᠶᠢᠨ ᠢᠯᠡ ᠲᠣᠳᠣᠷᠬᠠᠢ ᠲᠤᠭ ᠢ ᠪᠤᠰᠬᠠᠵᠠᠢ᠃ ᠨᠠᠮ ᠤᠨ ᠭᠡᠰᠢᠭᠦᠨ ᠺᠠᠳ᠋ᠷ ᠬᠤᠰᠢᠭᠤᠴᠢ ᠵᠢᠱᠢᠶᠡᠴᠢ ᠪᠠᠷ ᠠᠵᠢᠯᠯᠠᠵᠤ᠂ ᠣᠯᠠᠨ ᠲᠦᠮᠡᠨ ᠤ ᠬᠡᠪ ᠴᠢᠨᠠᠷ ᠪᠠ ᠬᠠᠯᠠᠭᠤᠨ ᠰᠡᠳᠬᠢᠯᠭᠡ ᠳᠡᠭᠡᠭᠰᠢᠯᠡᠵᠦ᠂ ᠪᠥᠬᠦ ᠪᠠᠯᠭᠠᠰᠤᠨ ᠤ ᠰᠠᠭᠤᠭᠠᠯᠢ ᠠᠷᠠᠳ  ᠤᠨ ᠣᠷᠣᠯᠴᠠᠬᠤ ᠰᠡᠳᠬᠢᠯᠭᠡ ᠪᠠ ᠮᠡᠳᠡᠷᠡᠬᠦ ᠰᠡᠳᠬᠢᠯᠭᠡ ᠶᠢ ᠲᠠᠰᠤᠷᠠᠯᠲᠠ ᠥᠬᠡᠶ ᠨᠡᠮᠡᠭᠳᠡᠭᠦᠯᠪᠡ᠃
   ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠪᠣᠯᠪᠠᠰᠤᠨ ᠤ ᠦᠵᠡᠯᠲᠡ ᠬᠥᠮᠦᠰ ᠤᠨ ᠰᠡᠳᠬᠢᠯ  ᠳᠤ ᠬᠠᠳᠠᠩᠰᠢᠪᠠ᠃ ᠲᠦᠴᠢᠦᠸᠠᠨ ᠪᠠᠯᠭᠠᠰᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠭᠤᠤᠯ ᠰᠡᠳᠦᠪᠲᠦ ᠨᠠᠮ ᠤᠨ ᠡᠳᠦᠷ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠵᠡᠷᠭᠡ ᠠᠵᠢᠯᠯᠠᠭ᠎ᠠ  ᠶᠢ ᠬᠠᠷᠢᠯᠴᠠᠨ ᠤᠶᠠᠯᠳᠤᠭᠤᠯᠵᠤ᠂ ᠬᠤᠷᠠᠯ ᠳᠡᠭᠡᠷ᠎ᠡ ᠶᠠᠷᠢᠬᠤ᠂ ᠰᠤᠷᠪᠤᠯᠵᠢᠯᠠᠨ ᠶᠠᠷᠢᠯᠴᠠᠬᠤ᠂ ᠸᠢᠴᠠᠲ ᠢᠶᠠᠷ ᠲᠠᠨᠢᠯᠴᠠᠭᠤᠯᠬᠤ᠂ ᠯᠠᠪᠠᠷ ᠢᠶᠠᠷ ᠬᠠᠰᠬᠢᠷᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠭᠤᠯᠭ᠎ᠠ ᠶᠢ ᠥᠷᠭᠡᠨ ᠢᠶᠠᠷ ᠤᠬᠠᠭᠤᠯᠵᠤ᠂ ︽ᠣᠷᠴᠢᠨ ᠲᠣᠭᠤᠷᠢᠨ ᠢ ᠬᠠᠮᠠᠭᠠᠯᠠᠬᠤ᠂ ᠪᠥᠬᠦ ᠠᠷᠠᠳ ᠢᠶᠠᠷ ᠢᠶᠠᠨ ᠬᠠᠷᠢᠭᠤᠴᠠᠯᠭ᠎ᠠ ᠲᠠᠢ ᠪᠠᠶᠢᠬᠤ︾ ᠤᠬᠠᠭᠤᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠵᠤ᠂ ᠪᠥᠬᠦ ᠪᠠᠯᠭᠠᠰᠤᠨ ᠤ ᠰᠠᠭᠤᠭᠠᠯᠢ ᠠᠷᠠᠳ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠣᠷᠣᠯᠴᠠᠬᠤ ᠭᠤᠤᠯ ᠴᠣᠭᠴᠠ ᠶᠢᠨ ᠤᠬᠠᠮᠰᠠᠷ ᠪᠠ ᠬᠠᠷᠢᠭᠤᠴᠠᠯᠭᠠᠲᠤ ᠤᠬᠠᠮᠰᠠᠷ ᠢ ᠴᠢᠩᠭᠠᠳᠬᠠᠪᠠ᠃ ᠣᠳᠣᠬᠠᠨ  ᠳᠤ᠂ ᠪᠥᠬᠦ ᠪᠠᠯᠭᠠᠰᠤ ᠨᠡᠶᠢᠲᠡ 32 ᠲᠠᠯᠠᠪᠤᠷ ᠤᠬᠠᠭᠤᠯᠤᠨ ᠲᠠᠶᠢᠯᠪᠤᠷᠢᠯᠠᠬᠤ ᠬᠤᠷᠠᠯ ᠬᠤᠷᠠᠯᠳᠤᠭᠤᠯᠵᠤ᠂ ᠸᠢᠴᠠᠲ  ᠢᠶᠠᠷ ︽ᠲᠦᠴᠢᠦᠸᠠᠨ ᠪᠠᠯᠭᠠᠰᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠰᠠᠨᠠᠭᠠᠴᠢᠯᠠᠭ᠎ᠠ ᠶᠢᠨ ᠪᠢᠴᠢᠭ︾ ᠢ 114 ᠤᠳᠠᠭ᠎ᠠ ᠳᠠᠮᠵᠢᠭᠤᠯᠤᠨ ᠲᠠᠷᠬᠠᠭᠠᠪᠠ᠃
   ᠨᠤᠲᠤᠭ ᠤᠨ ᠰᠤᠷᠲᠠᠯ ᠤᠨ ᠪᠠᠶᠢᠭᠤᠯᠤᠯᠲᠠ ᠶᠢ ᠠᠬᠢᠭᠤᠯᠵᠤ ᠬᠥᠳᠡᠭᠡ ᠲᠣᠰᠬᠤᠨ ᠤ ᠥᠩᠭᠡ ᠲᠥᠷᠬᠦ ᠶᠢ ᠭᠤᠶᠣᠵᠢᠭᠤᠯᠤᠨ᠎ᠠ᠃ ︽ᠣᠷᠣᠶ ᠶᠢᠨ ᠬᠤᠭᠤᠯᠠᠨ ᠤ ᠳᠠᠷᠠᠭ᠎ᠠ ᠳᠡᠮᠡᠶ ᠤᠴᠢᠷ ᠥᠬᠡᠶ᠂ ᠮᠠᠨ ᠤ ᠡᠭᠡᠴᠢ ᠥᠬᠢᠨ ᠳᠡᠭᠦᠦ ᠬᠡᠳᠦᠭᠦᠯᠡ ᠨᠠᠨ ᠰᠢᠶᠠᠩ ᠨᠣᠭᠤᠭ᠎ᠠ ᠶᠢᠨ ᠬᠦᠷᠢᠶᠡᠯᠡᠩ ᠳᠤ ᠣᠴᠢᠵᠤ ᠪᠥᠵᠢᠭᠯᠡᠪᠡᠯ ᠪᠡᠶ᠎ᠡ ᠮᠠᠬᠠᠪᠣᠳ ᠢᠶᠠᠨ ᠪᠤᠯᠪᠠᠰᠤᠷᠠᠭᠤᠯᠬᠤ ᠮᠥᠷᠲᠡᠭᠡᠨ ᠰᠡᠳᠬᠢᠯ ᠰᠠᠨᠠᠭ᠎ᠠ ᠪᠠᠨ ᠲᠠᠶᠢᠪᠤᠰᠢᠷᠠᠭᠤᠯᠳᠠᠭ᠃︾ ᠭᠡᠵᠦ ᠲᠦᠴᠢᠦᠸᠠᠨ ᠪᠠᠯᠭᠠᠰᠤᠨ  ᠤ ᠨᠠᠨ ᠰᠢᠶᠠᠩ ᠲᠣᠰᠬᠤᠨ ᠤ ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠶᠯᠡᠴᠢᠯᠡᠭᠡᠨ ᠤ ᠠᠩᠭᠢ ᠶᠢᠨ ᠳᠠᠷᠤᠭ᠎ᠠ ᠯᠢᠨ ᠰᠢᠦ ᠹᠧᠩ ᠬᠡᠯᠡᠪᠡ᠃ ᠲᠦᠴᠢᠦᠸᠠᠨ ᠪᠠᠯᠭᠠᠰᠤ ᠬᠤᠪᠢ ᠬᠤᠷᠠᠮᠳᠤᠭᠤᠯᠬᠤ ᠲᠦᠷᠢᠮ᠂ ᠲᠣᠰᠬᠤᠨ ᠤ ᠲᠦᠷᠢᠮ ᠠᠷᠠᠳ ᠤᠨ ᠭᠡᠷ᠎ᠡ᠂ ᠶᠣᠰᠣ ᠰᠤᠷᠲᠠᠬᠤᠨ ᠤ ᠦᠨᠡᠯᠡᠯᠲᠡ ᠶᠢᠨ ᠬᠤᠷᠠᠯ᠂ ᠤᠯᠠᠭᠠᠨ ᠴᠠᠭᠠᠨ ᠤ ᠬᠡᠷᠡᠭ ᠡᠷᠬᠢᠯᠡᠭᠴᠢᠳ ᠤᠨ ᠬᠤᠷᠠᠯ᠂ ᠰᠠᠶᠢᠨ ᠳᠤᠷ᠎ᠠ ᠶᠢᠨ ᠦᠶᠯᠡᠴᠢᠯᠡᠭᠡ ᠵᠡᠷᠭᠡ ᠨᠤᠲᠤᠭ ᠤᠨ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠶᠢᠨ ᠠᠷᠭ᠎ᠠ ᠬᠡᠯᠪᠡᠷᠢ ᠪᠠᠷ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠳᠤ ᠬᠦᠴᠦᠨ ᠨᠡᠮᠡᠷᠢᠯᠡᠪᠡ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠥᠷᠲᠡᠭᠡ ᠪᠠᠷ ᠲᠦᠰᠢᠭ ᠪᠣᠯᠭᠠᠵᠤ᠂ ᠲᠠᠯ᠎ᠠ ᠨᠤᠲᠤᠭ ᠤᠨ ᠨᠣᠮ ᠤᠨ ᠥᠷᠥᠭᠡ᠂ ᠰᠣᠶᠣᠯ ᠤᠨ ᠠᠭᠤᠳᠠᠮ ᠲᠠᠯᠠᠪᠠᠶ᠂ ᠣᠯᠠᠨ ᠴᠢᠳᠠᠪᠬᠢᠳᠤ ᠠᠵᠢᠯᠯᠠᠭᠠᠨ ᠤ ᠥᠷᠥᠭᠡ᠂ ᠨᠠᠰᠤᠲᠠᠶᠢᠴᠤᠳ ᠤᠨ ᠠᠵᠢᠯᠯᠠᠭᠠᠨ ᠤ ᠥᠷᠥᠭᠡ ᠵᠡᠷᠭᠡ ᠴᠢᠳᠠᠮᠵᠢᠳᠤ ᠲᠠᠯᠠᠪᠤᠷ ᠢ ᠪᠠᠶᠢᠭᠤᠯᠵᠤ᠂ ᠪᠥᠬᠦ ᠪᠠᠯᠭᠠᠰᠤᠨ ᠤ ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ ᠪᠠ ᠬᠠᠨᠤᠮᠵᠢᠲᠠᠶ ᠲᠥᠷᠥᠭᠳᠡᠯ ᠢ ᠦᠨᠡᠨᠬᠦ ᠨᠡᠮᠡᠭᠳᠡᠭᠦᠯᠦᠨ᠎ᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号