ᠲᠠᠢ ᠫᠢᠩ ᠰᠢᠶᠠᠩ ᠪᠣᠯᠪᠠᠰᠤᠨ ᠦᠢᠯᠡᠳᠦᠯᠭᠡ ᠶᠢᠨ ᠰᠤᠷᠲᠠᠯ ᠥᠷᠨᠢᠨ ᠬᠥᠭᠵᠢᠵᠦ ᠪᠠᠶᠢᠨ᠎ᠠ
ᠨᠡᠶᠢᠲᠡᠯᠡᠭᠰᠡᠨ ᠴᠠᠭ᠄
2024/8/22
   ᠤᠯᠠᠨ ᠲᠦᠮᠡᠨ ᠲᠠᠢ ᠤᠢᠢᠷᠠᠳᠤᠭᠰᠠᠨ᠂ ᠬᠠᠯᠠᠭᠤᠨ ᠠᠭᠤᠷ ᠠᠮᠢᠰᠬᠤᠯ ᠪᠢᠯᠬᠠᠭᠰᠠᠨ ᠤᠨᠤᠯ ᠤᠨ ᠤᠬᠠᠭᠤᠯᠤᠨ ᠲᠠᠶᠢᠯᠪᠤᠷᠢᠯᠠᠯᠲᠠ᠂ ᠤᠯᠠᠨ ᠤᠳᠠᠭ᠎ᠠ ᠦᠡᠭᠭᠡ ᠵᠢᠰᠦ ᠪᠠᠨ ᠨᠡᠮᠡᠭᠳᠡᠭᠦᠯᠵᠦ᠂ ᠴᠤᠭ ᠵᠢᠪᠬᠤᠭ᠎ᠠ ᠪᠠᠨ ᠳᠡᠭᠡᠭᠰᠢᠯᠡᠭᠦᠯᠦᠭᠰᠡᠨ ᠬᠠᠮᠲᠤ ᠶᠢᠨ ᠪᠥᠵᠢᠭ…… ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠨᠢ ᠤᠷᠢᠬᠠᠨ ᠰᠠᠯᠬᠢ ᠮᠡᠲᠦ ᠪᠠᠷ ᠤᠯᠠᠨ ᠲᠦᠮᠡᠨ ᠤ ᠠᠮᠢᠳᠤᠷᠠᠯ ᠢ ᠤᠮᠳᠠᠯᠠᠵᠤ᠂ ᠲᠠᠢ ᠫᠢᠩ ᠰᠢᠶᠠᠩ  ᠤᠨ ᠬᠠᠮᠤᠭ ᠤᠨ ᠭᠡᠷᠡᠯ ᠰᠠᠴᠤᠷᠠᠩᠭᠤᠢ ᠳᠡᠪᠢᠰᠬᠡᠷ ᠦᠩᠭᠡ ᠪᠣᠯᠪᠠ᠃
   ᠶᠡᠷᠦᠩᠬᠡᠶ ᠱᠦᠵᠢ ᠰᠢ ᠶᠢᠨ ᠫᠢᠩ ᠤᠨ ᠬᠡᠷ ᠪᠦᠯᠢ᠂ ᠬᠡᠷ ᠤᠨ ᠰᠤᠷᠭᠠᠯ᠂ ᠬᠡᠷ ᠤᠨ ᠰᠤᠷᠲᠠᠯ ᠤᠨ ᠪᠠᠶᠢᠭᠤᠯᠤᠯᠲᠠ ᠶᠢ ᠴᠢᠬᠤᠯᠠᠴᠢᠯᠠᠬᠤ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠬᠤ ᠶᠢᠨ ᠲᠥᠯᠥᠭᠡ᠂ ᠡᠨᠡ ᠬᠡᠳᠦᠨ ᠡᠳᠦᠷ ᠲᠠᠢ ᠫᠢᠩ ᠰᠢᠶᠠᠩ ᠤᠨ ᠡᠦ ᠰᠢᠩ ᠲᠣᠰᠬᠤᠨ ᠤ ᠨᠠᠮ ᠪᠠ ᠣᠯᠠᠨ ᠲᠦᠮᠡᠨ ᠤ ᠦᠶᠯᠡᠴᠢᠯᠡᠭᠡᠨ ᠤ ᠲᠥᠪ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠥᠷᠲᠡᠭᠡ ᠶᠢᠨ ᠳᠠᠷᠤᠭ᠎ᠠ ︽ᠬᠡᠪ ᠵᠠᠩᠰᠢᠯ ᠢ ᠥᠭᠡᠷᠡᠴᠢᠯᠡᠬᠦ ᠶᠢ ᠠᠬᠢᠭᠤᠯᠵᠤ ᠪᠣᠯᠪᠠᠰᠤᠨ ᠰᠢᠨ᠎ᠡ ᠰᠤᠷᠲᠠᠯ ᠢ ᠪᠠᠳᠠᠷᠠᠭᠤᠯᠬᠤ︾ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ ᠪᠠᠶᠢᠨ᠎ᠠ᠃ ᠬᠠᠭᠤᠴᠢᠨ ᠦᠵᠡᠯ ᠰᠠᠨᠠᠭ᠎ᠠ ᠶᠢ ᠡᠪᠳᠡᠬᠦ᠂ ᠰᠢᠨ᠎ᠡ ᠣᠶᠢᠯᠠᠭᠠᠭᠳᠠᠬᠤᠨ ᠢ ᠪᠤᠢ ᠪᠣᠯᠭᠠᠬᠤ᠂ ᠭᠡᠷ ᠤᠨ ᠰᠤᠷᠲᠠᠯ ᠭᠡᠳᠡᠭ ᠨᠢ ᠶᠠᠭᠤ ᠪᠤᠢ᠂ ᠭᠡᠷ ᠤᠨ ᠰᠤᠷᠲᠠᠯ ᠢ ᠬᠡᠷᠬᠢᠨ ᠰᠠᠶᠢᠲᠤᠷ ᠪᠠᠶᠢᠭᠤᠯᠬᠤ ᠵᠡᠷᠭᠡ ᠬᠡᠳᠦᠨ ᠲᠠᠯ᠎ᠠ ᠠᠴᠠ ︽ᠭᠡᠷ ᠤᠨ ᠰᠤᠷᠲᠠᠯ᠂ ᠭᠡᠷ ᠤᠨ ᠰᠤᠷᠭᠠᠯ᠂ ᠭᠡᠷ ᠤᠨ ᠰᠤᠷᠭᠠᠯ︾ ᠤᠨ ᠠᠴᠢ ᠬᠤᠯᠪᠣᠭᠳᠠᠯ ᠢ ᠲᠠᠶᠢᠯᠪᠤᠷᠢᠯᠠᠵᠤ᠂ ᠭᠡᠷ ᠪᠦᠯᠢ ᠶᠢ ᠴᠢᠬᠤᠯᠠᠴᠢᠯᠠᠬᠤ᠂ ᠭᠡᠷ ᠤᠨ ᠰᠤᠷᠭᠠᠯ ᠢ ᠴᠢᠬᠤᠯᠠᠴᠢᠯᠠᠬᠤ᠂ ᠭᠡᠷ ᠤᠨ ᠰᠤᠷᠲᠠᠯ ᠢ ᠴᠢᠬᠤᠯᠠᠴᠢᠯᠠᠬᠤ ᠬᠠᠮᠲᠤ ᠶᠢᠨ ᠲᠠᠨᠢᠯᠲᠠ ᠶᠢ ᠪᠤᠢ ᠪᠣᠯᠭᠠᠬᠤ ᠶᠢ ᠠᠬᠢᠭᠤᠯᠪᠠ
   ︽ᠥᠩᠭᠡᠷᠡᠭᠡᠭᠰᠡᠨ ᠳᠤ ᠣᠯᠠᠨ ᠢᠶᠠᠷ ᠢᠶᠠᠨ ᠬᠤᠷᠢᠮ ᠪᠤᠶᠠᠨ ᠬᠢᠬᠦ ᠳᠡᠭᠡᠨ ᠪᠦᠷ ᠨᠢᠭᠤᠷ ᠢᠶᠠᠨ ᠪᠤᠳᠤᠵᠦ᠂ ᠶᠡᠭᠡ  ᠪᠠᠷ ᠬᠢᠳᠡᠭ᠃ ᠤᠳᠤ ᠵᠠᠩ ᠳᠠᠳᠬᠠᠯ ᠢ ᠥᠭᠡᠷᠡᠴᠢᠯᠡᠬᠦ ᠶᠢ ᠰᠠᠨᠠᠭᠠᠴᠢᠯᠠᠵᠤ᠂ ᠲᠣᠰᠬᠤᠨ ᠤ ᠠᠷᠠᠳ ᠠᠵᠤ ᠠᠬᠤᠢ  ᠶᠢᠨ ᠳᠠᠷᠤᠭᠠᠰᠤ ᠪᠠᠨ ᠬᠥᠩᠭᠡᠷᠡᠭᠦᠯᠦᠭᠰᠡᠨ ᠢᠶᠠᠷ ᠪᠠᠷᠠᠬᠤ ᠦᠭᠡᠢ᠂ ᠬᠠᠷᠢᠴᠠᠭ᠎ᠠ ᠨᠢ ᠴᠦ ᠨᠡᠩ ᠡᠶ᠎ᠡ ᠵᠣᠬᠢᠴᠠᠩᠭᠤᠢ ᠪᠣᠯᠵᠠᠢ᠃︾ ᠭᠡᠵᠦ ᠲᠠᠢ ᠫᠢᠩ ᠰᠢᠶᠠᠩ ᠤᠨ ᠡᠦ ᠰᠢᠩ ᠲᠣᠰᠬᠤᠨ ᠤ ᠠᠷᠠᠳ ᠲᠠᠩ ᠰᠢᠦ ᠯᠢ ᠬᠡᠯᠡᠪᠡ᠃    ᠤᠢᠢᠷ᠎ᠠ ᠶᠢᠨ ᠵᠢᠯ ᠠᠴᠠ᠂ ᠲᠠᠢ ᠫᠢᠩ ᠰᠢᠶᠠᠩ ᠨᠠᠷᠢᠨ ᠨᠢᠮᠪᠠᠢ ᠲᠥᠯᠥᠪᠵᠢᠭᠦᠯᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠪᠣᠯᠤᠨ ᠰᠤᠷᠭᠠᠨ ᠬᠥᠮᠦᠵᠢᠯ᠂ ᠤᠳᠬ᠎ᠠ ᠤᠷᠠᠯᠢᠭ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠡᠮ ᠡᠮᠨᠡᠯᠭᠡ᠂ ᠬᠠᠤᠯᠢ ᠴᠠᠭᠠᠵᠠ ᠵᠡᠷᠭᠡ ᠤᠯᠠᠨ ᠲᠦᠮᠡᠨ ᠤ ᠠᠮᠢᠳᠤᠷᠠᠯ ᠤᠨ ᠬᠤᠯᠪᠣᠭᠳᠠᠯ ᠪᠦᠬᠦᠢ ᠠᠰᠠᠭᠤᠳᠠᠯ ᠢ ᠨᠢᠭᠲᠠ ᠤᠶᠠᠯᠳᠤᠭᠤᠯᠵᠤ᠂ ᠲᠦᠭᠡᠮᠡᠯ ᠬᠠᠷᠠᠭᠠᠯᠵᠠᠯ ᠦᠵᠡᠭᠦᠯᠬᠦ ᠴᠢᠨᠠᠷᠲᠠᠢ ᠰᠠᠶᠢᠨ ᠳᠤᠷ᠎ᠠ ᠶᠢᠨ ᠲᠦᠷᠦᠯ ᠲᠡᠮᠳᠡᠭ ᠤᠨ ᠦᠢᠯᠡᠴᠢᠯᠡᠭᠡᠨ ᠤ ᠲᠦᠷᠦᠯ ᠵᠦᠢᠯ ᠢ ᠵᠢᠷᠤᠵᠤ ᠲᠥᠯᠥᠪᠯᠡᠨ᠂ ᠲᠠᠷᠢᠶᠠᠨ ᠭᠠᠵᠠᠷ᠂ ᠰᠠᠭᠤᠭᠠᠯᠢ ᠠᠷᠠᠳ ᠤᠨ ᠬᠦᠷᠢᠶ᠎ᠡ ᠬᠠᠰᠢᠶ᠎ᠠ᠂ ᠬᠦᠷᠢᠶᠡᠯᠡᠩ ᠲᠣᠭᠤᠷᠢᠭ ᠤᠨ ᠪᠠᠷᠢᠯᠭ᠎ᠠ ᠶᠢᠨ ᠭᠠᠵᠠᠷ ᠵᠡᠷᠭᠡ ᠦᠢᠯᠡᠳᠪᠦᠷᠢᠯᠡᠯ ᠠᠮᠢᠳᠤᠷᠠᠯ ᠤᠨ ᠡᠮᠦᠨ᠎ᠡ ᠹᠷᠣᠨᠲ ᠲᠤ ᠭᠦᠨᠵᠡᠭᠡᠶᠢᠷᠡᠵᠦ᠂ ᠤᠨᠤᠯ ᠤᠨ ᠤᠬᠠᠭᠤᠯᠭ᠎ᠠ ᠬᠢᠬᠦ᠂ ᠵᠠᠩ ᠳᠠᠳᠬᠠᠯ ᠢ ᠥᠭᠡᠷᠡᠴᠢᠯᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠬᠦᠷᠢᠶᠡᠨ ᠳᠤ ᠤᠨᠴᠠᠯᠢᠬᠳᠤ ᠰᠠᠶᠢᠨ ᠳᠤᠷ᠎ᠠ ᠶᠢᠨ ᠦᠢᠯᠡᠴᠢᠯᠡᠭᠡ ᠶᠢ ᠪᠠᠶᠢᠩᠭᠤᠵᠢᠭᠤᠯᠤᠨ ᠥᠷᠨᠢᠭᠦᠯᠵᠦ᠂ ︽ᠴᠡᠭ ᠲᠠᠢ ᠬᠤᠯᠪᠣᠵᠤ ᠱᠤᠭᠤᠮ ᠪᠣᠯᠭᠠᠬᠤ᠂ ᠬᠡᠰᠡᠭ ᠲᠠᠢ ᠬᠤᠯᠪᠣᠵᠤ ᠬᠡᠰᠡᠭ ᠪᠣᠯᠭᠠᠬᠤ︾ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠪᠠᠶᠢᠭᠤᠯᠤᠯᠲᠠ ᠶᠢᠨ ᠪᠠᠶᠢᠷᠢᠰᠢᠯ ᠢ ᠪᠦᠷᠢᠯᠳᠦᠭᠦᠯᠪᠡ᠃
   ᠤᠯᠠᠨ ᠲᠦᠮᠡᠨ ᠤ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠤᠯᠠᠨ ᠲᠦᠮᠡᠨ ᠤ ᠬᠠᠮᠲᠤ ᠪᠠᠷ ᠪᠠᠶᠢᠭᠤᠯᠬᠤ ᠬᠠᠮᠲᠤᠷᠠᠯ ᠬᠦᠴᠦᠨ ᠢ ᠨᠢᠭᠲᠠᠷᠠᠭᠤᠯᠬᠤ ᠶᠢᠨ ᠲᠥᠯᠥᠭᠡ᠂ ᠲᠠᠢ ᠫᠢᠩ ᠰᠢᠶᠠᠩ ᠤᠨ ᠡᠦ ᠰᠢᠩ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠶᠢᠨ ᠳᠠᠷᠤᠭ᠎ᠠ ᠲᠤᠰᠬᠠᠢ ᠪᠥᠵᠢᠭ ᠤᠨ ᠪᠠᠭᠰᠢ ᠪᠤᠯᠵᠦ ᠲᠣᠰᠬᠤᠨ ᠤ ᠰᠣᠶᠣᠯ ᠤᠨ ᠠᠭᠤᠳᠠᠮ ᠲᠠᠯᠠᠪᠠᠢ ᠳᠤ ᠲᠠᠯᠠᠪᠠᠢ ᠶᠢᠨ ᠪᠥᠵᠢᠭ ᠤᠨ ᠵᠢᠯᠤᠭᠤᠳᠤᠯᠭ᠎ᠠ ᠶᠢ ᠲᠥᠪᠯᠡᠷᠡᠭᠦᠯᠦᠨ ᠥᠷᠨᠢᠭᠦᠯᠵᠦ᠂ ᠢᠷᠠᠭᠤ ᠰᠠᠶᠢᠬᠠᠨ ᠳᠠᠭᠤᠤ ᠶᠢᠨ ᠠᠶᠠᠰ ᠳᠤᠮᠳᠠ᠂ ᠪᠠᠷᠢᠮᠵᠢᠶ᠎ᠠ ᠭᠤᠶᠢᠳᠠ ᠰᠠᠶᠢᠬᠠᠨ ᠵᠢᠱᠢᠶ᠎ᠡ ᠦᠵᠡᠭᠦᠯᠵᠦ᠂ ᠲᠣᠰᠬᠤᠨ ᠤ ᠠᠭᠤᠳᠠᠮ ᠲᠠᠯᠠᠪᠠᠢ ᠶᠢᠨ ᠪᠥᠵᠢᠭ ᠤᠨ ᠳᠤᠷ᠎ᠠ ᠪᠠᠭ᠋ᠠᠲᠠᠳ  ᠢ ᠳᠠᠭᠠᠭᠤᠯᠤᠨ ᠬᠥᠳᠡᠯᠭᠡᠭᠡᠨ ᠪᠣᠯᠤᠨ ᠠᠯᠬᠤᠭ᠎ᠠ ᠶᠢ ᠨᠠᠷᠢᠯᠢᠭ ᠰᠤᠳᠤᠯᠵᠤ᠂ ᠤᠯᠠᠨ ᠢᠶᠠᠷ ᠢᠶᠠᠨ ᠪᠠᠶᠠᠷ ᠪᠠᠶᠠᠰᠤᠯ ᠤᠨ ᠳᠤᠮᠳᠠ ᠠᠮᠢᠳᠤᠷᠠᠯ ᠤᠨ ᠰᠠᠶᠢᠨ ᠰᠠᠶᠢᠬᠠᠨ ᠢ ᠮᠡᠳᠡᠷᠡᠵᠦ ᠪᠠᠶᠢᠯ᠎ᠠ᠃    ᠦ᠋ ᠰᠢᠩ ᠲᠣᠰᠬᠤᠨ ᠰᠣᠶᠣᠯ ᠤᠨ ᠠᠭᠤᠳᠠᠮ ᠲᠠᠯᠠᠪᠠᠶ ᠶᠢᠨ ᠵᠢᠭᠰᠠᠭᠠᠯ ᠤᠨ ᠭᠠᠵᠠᠷ ᠢ ᠠᠰᠢᠭᠯᠠᠨ ᠤᠬᠠᠭᠤᠯᠤᠨ ᠲᠠᠶᠢᠯᠪᠤᠷᠢᠯᠠᠬᠤ ᠪᠠᠷ ᠪᠠᠷᠠᠬᠤ ᠥᠬᠡᠶ᠂ ᠠᠷᠠᠳ ᠣᠯᠠᠨ ᠢ ᠠᠭᠤᠳᠠᠮ ᠲᠠᠯᠠᠪᠠᠶ ᠳᠡᠭᠡᠷ᠎ᠡ ᠲᠠᠯᠠᠪᠠᠶ ᠶᠢᠨ ᠪᠥᠵᠢᠭ᠂ ᠶᠠᠩᠭᠠᠷ ᠪᠣᠯᠪᠠᠰᠤᠷᠠᠭᠤᠯᠵᠤ᠂ ᠲᠡᠳᠡᠨ ᠤ ᠪᠡᠶ᠎ᠡ ᠰᠡᠳᠬᠢᠯ ᠢ ᠡᠷᠡᠭᠦᠯ ᠴᠢᠭᠢᠷᠠᠭ ᠪᠣᠯᠭᠠᠨ᠎ᠠ᠃ ᠪᠠᠰᠠ ᠰᠠᠶᠢᠨ ᠳᠤᠷᠠᠴᠤᠳ ᠢ ᠳᠠᠭᠠᠭᠤᠯᠤᠨ ᠠᠶᠢᠯ ᠡᠷᠦᠬᠡ ᠳᠤ ᠣᠷᠣᠵᠤ ᠤᠬᠠᠭᠤᠯᠤᠨ ᠲᠠᠶᠢᠯᠪᠤᠷᠢᠯᠠᠵᠤ᠂ ᠠᠷᠠᠳ ᠣᠯᠠᠨ ᠳᠤ ᠤᠯᠤᠰ ᠤᠨ ᠰᠠᠶᠢᠨ ᠰᠠᠶᠢᠬᠠᠨ ᠲᠥᠷᠥ ᠶᠢᠨ ᠪᠣᠳᠣᠯᠭ᠎ᠠ ᠶᠢ ᠮᠡᠳᠡᠭᠦᠯᠵᠦ᠂ ᠪᠢᠳᠡ ᠣᠷᠴᠢᠨ ᠲᠣᠭᠤᠷᠢᠨ ᠤ ᠲᠠᠯ᠎ᠠ ᠪᠠᠷ ᠂ ᠪᠠᠰᠠ ᠨᠡᠶᠢᠭᠡᠮ ᠨᠡᠶᠢᠲᠡ ᠶᠢᠨ ᠶᠣᠰᠣ ᠮᠣᠷᠠᠯ ᠤᠨ ᠲᠠᠯ᠎ᠠ ᠪᠠᠷ᠂ ᠠᠷᠠᠳ ᠣᠯᠠᠨ ᠳᠤ ᠮᠠᠨ ᠤ ᠡᠦ ᠰᠢᠩ ᠲᠣᠰᠬᠤᠨ  ᠤ ᠣᠷᠴᠢᠨ ᠲᠣᠭᠤᠷᠢᠨ ᠤ ᠭᠤᠶᠣ ᠰᠠᠶᠢᠬᠠᠨ᠂ ᠡᠷᠡᠭᠦᠯ ᠮᠡᠨᠳᠦ ᠶᠢᠨ ᠭᠤᠶᠣ ᠰᠠᠶᠢᠬᠠᠨ ᠢ ᠮᠡᠳᠡᠷᠡᠭᠦᠯᠪᠡ᠃︾ ᠭᠡᠵᠦ  ᠲᠠᠢ ᠫᠢᠩ ᠰᠢᠶᠠᠩ ᠤᠨ ᠡᠦ ᠰᠢᠩ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡᠨ ᠤ ᠳᠠᠷᠤᠭ᠎ᠠ ᠰᠢᠤᠢ ᠱᠤ᠋ ᠹᠧᠨ ᠬᠡᠯᠡᠪᠡ᠃    ᠤᠶᠤᠨ ᠤ ᠪᠠ ᠰᠣᠶᠣᠯ ᠤᠨ ᠠᠵᠢᠯᠯᠠᠭ᠎ᠠ ᠪᠠᠷ ᠨᠡᠩ ᠤᠯᠠᠨ ᠬᠥᠮᠦᠰ ᠲᠤ ᠠᠰᠢᠭ ᠬᠦᠷᠲᠡᠭᠡᠬᠦ ᠶᠢᠨ ᠲᠥᠯᠥᠭᠡ᠂  ᠲᠠᠢ ᠫᠢᠩ ᠰᠢᠶᠠᠩ ᠨᠠᠮ ᠤᠨ ᠪᠠᠶᠢᠭᠤᠯᠤᠯᠲᠠ ᠶᠢᠨ ᠡᠬᠢ ᠪᠠᠶᠠᠯᠢᠭ ᠢ ᠭᠦᠢᠴᠡᠳ ᠡᠮᠬᠢᠯᠡᠨ ᠨᠡᠶᠢᠯᠡᠭᠦᠯᠵᠦ᠂ ᠰᠣᠶᠣᠯ ᠤᠷᠠᠯᠢᠭ ᠤᠨ ᠲᠣᠭᠯᠠᠯᠲᠠ᠂ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ᠂ ᠬᠠᠤᠯᠢ ᠴᠠᠭᠠᠵᠠ ᠶᠢᠨ ᠵᠥᠪᠯᠡᠯᠭᠡ ᠥᠭᠬᠦ ᠦᠢᠯᠡᠴᠢᠯᠡᠭᠡ ᠵᠡᠷᠭᠡ ᠨᠡᠶᠢᠲᠡ ᠶᠢᠨ ᠠᠰᠠᠷᠠᠮᠵᠢ ᠶᠢᠨ ᠡᠵᠡᠩᠨᠡᠯᠲᠡ ᠶᠢᠨ ᠬᠡᠯᠪᠡᠷᠢ ᠶᠢ ᠣᠷᠣᠭᠤᠯᠤᠨ ᠠᠪᠴᠢᠷᠠᠵᠤ ᠂ ᠪᠣᠯᠪᠠᠰᠤᠨ ᠤ ᠦᠢᠯᠡᠳᠦᠯᠭᠡ ᠶᠢ ᠨᠠᠮ ᠤᠨ ᠵᠣᠬᠢᠶᠠᠨ ᠪᠠᠶᠢᠭᠤᠯᠤᠯᠲᠠ ᠪᠠ ᠭᠠᠴᠠᠭᠠᠨ ᠤ ᠠᠷᠠᠳ ᠤᠨ ᠬᠤᠭᠤᠷᠣᠨᠳᠣᠬᠢ ᠨᠢᠭᠲᠠ ᠬᠠᠷᠢᠯᠴᠠᠬᠤ ︽ᠳᠠᠮᠵᠢᠭᠤᠯᠤᠭᠴᠢ︾ ᠪᠣᠯᠭᠠᠨ ᠪᠠᠶᠢᠭᠤᠯᠪᠠ᠃ ᠡᠲᠡᠭᠡᠷ ᠬᠠᠮᠲᠤ ᠪᠠᠷ ᠪᠥᠲᠥᠭᠡᠨ ᠪᠠᠶᠢᠭᠤᠯᠬᠤ ᠡᠩᠨᠡᠭᠡ ᠶᠢᠨ ︽ᠪᠣᠯᠪᠠᠰᠤᠨ ᠤ ᠠᠵᠢᠯᠯᠠᠭ᠎ᠠ︾ ᠨᠢ ᠶᠠᠭ ᠲᠠᠢ ᠫᠢᠩ ᠰᠢᠶᠠᠩ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠪᠠᠷ ᠲᠥᠪ ᠪᠣᠯᠭᠠᠨ ᠭᠠᠳᠠᠭᠰᠢ ︽ᠨᠥᠯᠥᠭᠡᠯᠡᠵᠦ︾᠂ ︽ᠪᠣᠯᠪᠠᠰᠤᠨ  ᠤ ᠬᠠᠮᠲᠤᠷᠠᠯ ᠬᠦᠴᠦᠨ︾ ᠪᠣᠯᠵᠣ᠂ ᠬᠠᠷᠢᠶᠠᠲᠤ ᠣᠷᠣᠨ ᠤ ᠲᠣᠰᠬᠤᠨ ᠤ ᠠᠷᠠᠳ ᠲᠤ ᠦᠶᠯᠡᠴᠢᠯᠡᠵᠦ ᠪᠠᠶᠢᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号