ᠬᠤᠶᠠᠳᠤᠭᠠᠷ ᠬᠤᠭᠤᠴᠠᠭᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠠᠵᠤ ᠠᠬᠤᠢ ᠠᠷᠠᠯᠵᠢᠶᠠᠨ ᠤ ᠵᠥᠪᠳᠡᠯᠴᠡᠬᠦ ᠬᠤᠷᠠᠯ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠣᠶᠤᠨ ᠤ ᠬᠥᠮᠥᠷᠭᠡ ᠶᠢᠨ ᠶᠠᠷᠢᠶᠠᠨ ᠤ ᠲᠠᠪᠴᠠᠩ ᠤᠨ 2024 ᠣᠨ ᠤ ᠬᠤᠷᠠᠯ ᠡᠬᠢᠯᠡᠪᠡ ᠮᠠ ᠵᠢᠶᠠᠨ ᠲᠠᠩ ᠭᠤᠣᠯ ᠵᠤᠷᠢᠯᠳᠠᠳᠤ ᠶᠠᠷᠢᠶ᠎ᠠ ᠢᠯᠡᠳᠬᠡᠯ ᠬᠢᠪᠡ ᠸᠠᠩ ᠯᠢ ᠰᠢᠶᠠ ᠪᠠᠶᠠᠷ ᠤᠨ ᠦᠭᠡ ᠬᠡᠯᠡᠵᠡᠢ
ᠨᠡᠶᠢᠲᠡᠯᠡᠭᠰᠡᠨ ᠴᠠᠭ᠄
2024/8/22
   8 ᠰᠠᠷ᠎ᠠ ᠶᠢᠨ 20 ᠤ ᠡᠳᠦᠷ᠂ ᠬᠤᠶᠠᠳᠤᠭᠠᠷ ᠬᠤᠭᠤᠴᠠᠭᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠠᠵᠤ ᠠᠬᠤᠢ ᠠᠷᠠᠯᠵᠢᠶᠠᠨ ᠤ ᠵᠥᠪᠳᠡᠯᠴᠡᠬᠦ ᠬᠤᠷᠠᠯ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠤᠶᠤᠨ ᠤ ᠬᠥᠮᠥᠷᠭᠡ ᠶᠢᠨ ᠶᠠᠷᠢᠶᠠᠨ ᠤ ᠲᠠᠪᠴᠠᠩ ᠤᠨ 2024 ᠣᠨ ᠤ ᠬᠤᠷᠠᠯ ᠭᠦᠭᠡᠬᠤᠲᠠ ᠳᠤ ᠡᠬᠢᠯᠡᠪᠡ᠃ ᠤᠷᠤᠰ᠂ ᠮᠣᠩᠭᠤᠯ ᠤᠯᠤᠰ᠂ ᠠᠩᠭ᠍ᠯᠢ᠂ ᠭᠧᠷᠮᠠᠨ᠂ ᠺᠤᠷᠢᠶᠠ᠂ ᠶᠠᠫᠤᠨ ᠵᠡᠷᠭᠡ ᠤᠯᠤᠰ ᠠᠴᠠ ᠬᠦᠷᠦᠯᠴᠡᠨ ᠢᠷᠡᠭᠰᠡᠨ ᠭᠠᠳᠠᠭᠠᠳᠤ ᠶᠢᠨ ᠵᠣᠴᠢᠨ᠂ ᠤᠯᠤᠰ ᠤᠨ ᠬᠤᠯᠪᠣᠭᠳᠠᠯ ᠪᠦᠬᠦᠢ ᠶᠠᠮᠤᠨ ᠵᠥᠪᠯᠡᠯ ᠪᠣᠯᠣᠨ ᠬᠤᠯᠪᠣᠭᠳᠠᠯ ᠪᠦᠬᠦᠢ ᠮᠤᠵᠢ ᠥᠪᠡᠷᠲᠡᠭᠡᠨ ᠵᠠᠰᠠᠬᠤ ᠣᠷᠣᠨ ᠤ ᠲᠥᠯᠥᠭᠡᠯᠡᠭᠴᠢ᠂ ᠬᠤᠯᠪᠣᠭᠳᠠᠯ ᠪᠦᠬᠦᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠪᠣᠯᠣᠨ ᠶᠡᠭᠡ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯᠲᠡᠨ ᠡᠷᠳᠡᠮᠲᠡᠨ 300 ᠰᠢᠬᠠᠮ ᠬᠥᠮᠥᠨ ᠨᠢᠭᠡ ᠲᠠᠩᠬᠢᠮ ᠳᠤ ᠴᠤᠭᠯᠠᠷᠠᠵᠤ᠂ ᠨᠡᠭᠡᠭᠡᠯᠲᠡ ᠬᠢᠬᠦ ᠪᠠ ᠬᠠᠮᠲᠤᠷᠠᠯᠴᠠᠭ᠎ᠠ ᠬᠢᠬᠦ ᠲᠤᠬᠠᠢ ᠬᠠᠮᠲᠤ ᠪᠠᠷ ᠶᠠᠷᠢᠯᠴᠠᠪᠠ᠃    ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠠᠵᠤ ᠠᠬᠤᠢ ᠶᠢᠨ ᠵᠥᠪᠯᠡᠯ ᠤᠨ ᠳᠡᠳ᠋ ᠡᠷᠭᠢᠯᠡᠭᠴᠢ ᠮᠠ ᠵᠢᠶᠠᠨ ᠲᠠᠩ ᠣᠷᠣᠯᠴᠠᠬᠰᠠᠨ ᠪᠥᠭᠡᠳ ᠭᠤᠣᠯ ᠵᠤᠷᠢᠯᠳᠠᠳᠤ ᠶᠠᠷᠢᠶ᠎ᠠ ᠢᠯᠡᠳᠬᠡᠯ ᠬᠢᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠤᠨ ᠨᠠᠶᠢᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠪᠠᠶᠠᠷ ᠤᠨ ᠦᠭᠡ ᠬᠡᠯᠡᠪᠡ᠃ ᠮᠣᠩᠭᠤᠯ ᠤᠯᠤᠰ ᠤᠨ ᠬᠦᠨᠡᠰᠦ ᠬᠥᠳᠡᠭᠡ ᠠᠵᠤ ᠠᠬᠤᠢ ᠬᠥᠩᠭᠡᠨ ᠠᠵᠤ ᠦᠢᠯᠡᠳᠪᠦᠷᠢ ᠶᠢᠨ ᠶᠠᠮᠤᠨ ᠤ ᠲᠥᠷᠥ ᠶᠢᠨ ᠶᠠᠪᠤᠳᠠᠯ ᠤᠨ ᠨᠠᠷᠢᠨ ᠪᠢᠴᠢᠭᠡᠴᠢ ᠲ᠊ · ᠵᠠᠮᠪᠠᠯᠰᠡᠷᠡᠩ᠂ ᠣᠷᠣᠰ ᠤᠨ ᠬᠤᠶᠢᠲᠤ ᠪᠠᠶᠢᠭᠠᠯ ᠬᠢᠯᠢ ᠬᠢᠵᠠᠭᠠᠷ ᠣᠷᠣᠨ ᠤ ᠵᠠᠰᠠᠭ ᠤᠨ ᠣᠷᠳᠣᠨ ᠤ ᠨᠢᠭᠡᠳᠦᠭᠡᠷ ᠳᠡᠳ᠋ ᠲᠡᠷᠢᠭᠦᠯᠡᠭᠴᠢ ᠵᠠᠰᠠᠭ ᠵᠠᠬᠢᠷᠭᠠᠨ ᠤ ᠳᠠᠷᠤᠭ᠎ᠠ ᠶᠢᠨ ᠠᠯᠪᠠᠨ ᠲᠢᠩᠬᠢᠮ ᠤᠨ ᠡᠷᠭᠢᠯᠡᠭᠴᠢ ᠮᠢᠯᠬᠠᠶ᠋ᠢᠳᠠᠯᠤᠹ · ᠮᠠ᠊ · ᠹᠠ᠂ ᠳᠤᠮᠳᠠᠳᠤ ᠤᠯᠤᠰ ᠤᠨ ᠣᠯᠠᠨ ᠤᠯᠤᠰ ᠤᠨ ᠠᠵᠤ ᠠᠬᠤᠢ ᠶᠢᠨ ᠰᠣᠯᠢᠯᠴᠠᠭᠠᠨ ᠤ ᠲᠥᠪ ᠤᠨ ᠪᠠᠶᠢᠩᠭᠤ ᠶᠢᠨ ᠳᠡᠳ᠋ ᠬᠡᠷᠡᠭ ᠡᠷᠭᠢᠯᠡᠭᠴᠢᠳ ᠤᠨ ᠳᠠᠷᠤᠭ᠎ᠠ ᠵᠠᠩ ᠰᠢᠶᠣᠣ ᠴᠢᠶᠠᠩ ᠪᠠᠶᠠᠷ ᠤᠨ ᠦᠭᠡ ᠬᠡᠯᠡᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠶᠠᠩ ᠶᠢᠨ ᠡᠭᠢᠯᠡᠯᠲᠡ ᠶᠢᠨ ᠶᠣᠰᠣᠯᠠᠯ ᠢ ᠡᠷᠭᠢᠯᠡᠪᠡ᠃    ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠩ ᠵᠢᠶᠧ ᠣᠷᠣᠯᠴᠠᠵᠠᠢ᠃    ᠸᠠᠩ ᠯᠢ ᠰᠢᠶᠠ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠭᠠᠳᠠᠭᠠᠳᠤ ᠨᠡᠭᠡᠭᠡᠯᠲᠡ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠦᠨᠳᠦ ᠬᠦᠰᠡᠯ ᠨᠠᠶᠢᠳᠠᠯᠭ᠎ᠠ ᠲᠠᠯᠪᠢᠵᠤ᠂ ᠪᠢᠳᠡᠨ ᠢ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠴᠣᠭᠴᠠᠯᠠᠬᠤ ᠬᠡᠷᠡᠭᠲᠡᠢ ᠭᠡᠵᠦ ᠱᠠᠭᠠᠷᠳᠠᠪᠠ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠬᠤ ᠲᠣᠭᠤᠷᠢᠨ ᠳᠤ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠳᠤᠷᠠᠳᠴᠤ᠂ ᠥᠪᠥᠷ ᠮᠣᠩᠭᠤᠯ ᠳᠤ ᠴᠢᠬᠤᠯᠠ ᠶᠡᠭᠡ ᠠᠵᠠ ᠲᠣᠭᠢᠶᠠᠯ ᠠᠪᠴᠢᠷᠠᠪᠠ᠃ ᠥᠪᠥᠷ ᠮᠣᠩᠭᠤᠯ ᠤᠨ ᠥᠩᠭᠡ ᠦᠵᠡᠮᠵᠢ ᠰᠦᠷᠯᠢᠭ ᠰᠠᠶᠢᠬᠠᠨ᠂ ᠡᠳ᠋ ᠭᠠᠷᠤᠯᠲᠠ ᠡᠯᠪᠡᠭ ᠪᠠᠶᠠᠯᠢᠭ᠂ ᠳᠣᠲᠣᠭᠠᠳᠤ ᠭᠠᠳᠠᠭᠠᠳᠤ ᠲᠠᠢ ᠬᠤᠯᠪᠣᠯᠳᠤᠨ ᠨᠡᠪᠲᠡᠷᠡᠯᠴᠡᠵᠦ᠂ ᠬᠥᠭᠵᠢᠯᠲᠡ ᠥᠷᠨᠢᠭᠦᠨ ᠪᠠᠶᠢᠨ᠎ᠠ᠂ ᠣᠯᠠᠨ ᠤ ᠥᠪᠥᠷ ᠮᠣᠩᠭᠤᠯ ᠤᠨ ᠥᠨᠳᠥᠷ ᠲᠦᠪᠰᠢᠨ ᠪᠦᠬᠦᠢ ᠨᠡᠭᠡᠭᠡᠯᠲᠡ᠂ ᠴᠢᠨᠠᠷ ᠰᠠᠶᠢᠲᠠᠢ ᠬᠥᠭᠵᠢᠯᠲᠡ ᠳᠤ ᠣᠶᠤᠨ ᠤᠬᠠᠭᠠᠨ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ᠂ ᠡᠯ᠎ᠡ ᠡᠲᠡᠭᠡᠳ ᠤᠨ ᠨᠠᠶᠢᠵᠠ ᠨᠠᠷ ᠤᠨ ᠥᠪᠥᠷ ᠮᠣᠩᠭᠤᠯ ᠳᠤ ᠢᠷᠡᠵᠦ᠂ ᠥᠪᠥᠷ ᠮᠣᠩᠭᠤᠯ ᠢ ᠣᠶᠢᠯᠠᠭᠠᠨ᠂ ᠥᠪᠥᠷ ᠮᠣᠩᠭᠤᠯ ᠳᠤ ᠪᠡᠯᠡ ᠣᠷᠣᠭᠤᠯᠵᠤ᠂ ᠡᠨᠡ ᠬᠦ ᠬᠠᠯᠠᠭᠤᠨ ᠬᠥᠷᠥᠰᠥᠨ ᠳᠡᠭᠡᠷ᠎ᠡ ᠠᠵᠢᠯ ᠦᠢᠯᠡᠰ ᠢᠶᠠᠨ ᠪᠦᠲᠦᠭᠡᠵᠦ᠂ ᠥᠷᠲᠡᠭ ᠢᠶᠠᠨ ᠪᠡᠶᠡᠯᠡᠭᠦᠯᠦᠨ᠂ ᠢᠷᠡᠭᠡᠳᠦᠢ ᠶᠢᠨ ᠬᠦᠰᠡᠯ ᠵᠡᠭᠦᠳᠦ ᠪᠠᠨ ᠲᠡᠷᠭᠡᠯᠰᠢᠭᠦᠯᠬᠦ ᠶᠢ ᠴᠢᠩ ᠰᠡᠳᠬᠢᠯ ᠠᠴᠠ ᠪᠠᠨ ᠤᠷᠢᠵᠤ ᠪᠠᠶᠢᠨ᠎ᠠ᠃ ᠥᠪᠥᠷ ᠮᠣᠩᠭᠤᠯ ᠤᠨ ᠬᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠤᠯᠤᠰ ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠢᠳᠡᠪᠬᠢᠲᠡᠢ ᠡᠭᠦᠳᠦᠨ ᠪᠠᠶᠢᠭᠤᠯᠵᠤ᠂ ᠲᠡᠷᠢᠭᠦᠨ ᠤ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠦᠷᠭᠦᠯᠵᠢᠯᠡᠨ ᠪᠤᠶ ᠪᠤᠯᠭᠠᠵᠤ᠂ ᠤᠯᠤᠰ ᠤᠨ ᠳᠣᠲᠣᠭᠠᠳᠤ ᠭᠠᠳᠠᠭᠠᠳᠤ᠂ ᠣᠷᠣᠨ ᠤ ᠳᠣᠲᠣᠨ᠎ᠠ ᠭᠠᠳᠠᠨᠠᠬᠢ ᠡᠯ᠎ᠡ ᠲᠥᠷᠥᠯ ᠤᠨ ᠡᠵᠡᠩᠨᠡᠯᠲᠡ ᠶᠢᠨ ᠭᠤᠣᠯ ᠴᠣᠭᠴᠠ ᠳᠤ ᠰᠢᠯᠢᠳᠡᠭ ᠦᠢᠯᠡᠴᠢᠯᠡᠭᠡ ᠬᠠᠩᠭᠠᠵᠤ᠂ ᠬᠠᠮᠲᠤ ᠪᠠᠷ ᠠᠰᠢᠭ ᠭᠦᠷᠳᠡᠭᠦ ᠬᠥᠭᠵᠢᠯᠲᠡ ᠶᠢᠨ ᠰᠢᠨ᠎ᠡ ᠪᠠᠶᠢᠷᠢᠰᠢᠯ ᠢ ᠭᠠᠷ ᠬᠤᠯᠪᠣᠨ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠶ᠎ᠡ ᠭᠡᠪᠡ᠃    ᠡᠭᠢᠯᠡᠯᠲᠡ ᠶᠢᠨ ᠶᠣᠰᠣᠯᠠᠯ ᠳᠡᠭᠡᠷ᠎ᠡ᠂ 128 ᠠᠵᠤ ᠠᠬᠤᠢ ᠠᠷᠠᠯᠵᠢᠶᠠᠨ ᠤ ᠬᠠᠮᠲᠤᠷᠠᠯᠴᠠᠭᠠᠨ ᠤ ᠲᠥᠷᠥᠯ ᠵᠦᠢᠯ ᠳᠤ ᠭᠠᠷ ᠤᠨ ᠥᠰᠥᠭ ᠵᠢᠷᠤᠵᠤ᠂ ᠬᠥᠯᠥᠨ ᠪᠤᠶᠢᠷ ᠬᠤᠲᠠ ᠪᠣᠯᠣᠨ ᠮᠣᠩᠭᠤᠯ ᠤᠯᠤᠰ ᠤᠨ ᠳᠣᠷᠣᠨᠠᠲᠤ ᠠᠶᠢᠮᠠᠭ᠂ ᠬᠢᠩᠭᠠᠨ ᠠᠶᠢᠮᠠᠭ ᠪᠣᠯᠣᠨ ᠮᠣᠩᠭᠤᠯ ᠤᠯᠤᠰ ᠤᠨ ᠳᠣᠷᠣᠨᠠᠲᠤ ᠠᠶᠢᠮᠠᠭ ᠪᠣᠯᠣᠨ ᠲᠥᠪ ᠠᠶᠢᠮᠠᠭ᠂ ᠠᠯᠠᠱᠠ ᠠᠶᠢᠮᠠᠭ ᠪᠣᠯᠣᠨ ᠮᠣᠩᠭᠤᠯ ᠤᠯᠤᠰ ᠤᠨ ᠥᠪᠦᠷᠬᠠᠩᠭᠠᠶ ᠠᠶᠢᠮᠠᠭ ᠨᠥᠭᠦᠷᠰᠡᠭ ᠬᠤᠲᠠ ᠶᠢᠨ ᠬᠠᠷᠢᠴᠠᠭ᠎ᠠ ᠪᠠᠶᠢᠭᠤᠯᠪᠠ᠃ ᠬᠤᠷᠠᠯ ᠤᠨ ᠬᠤᠭᠤᠴᠠᠭᠠᠨ ᠳᠤ ᠪᠠᠰᠠ ︽ᠨᠢᠭᠡ ᠪᠦᠰᠡ ᠨᠢᠭᠡ ᠵᠠᠮ ︾ ᠤᠨ ᠭᠠᠳᠠᠭᠠᠳᠤ ᠤᠷᠤᠭᠤᠯᠤᠯᠲᠠ ᠭᠠᠷᠭᠠᠯᠲᠠ ᠶᠢᠨ ᠠᠷᠠᠯᠵᠢᠶ᠎ᠠ ᠪᠣᠯᠣᠨ ᠪᠡᠯᠡ ᠣᠷᠣᠭᠤᠯᠤᠯᠲᠠ ᠶᠢᠨ ᠵᠥᠪᠳᠡᠯᠴᠡᠭᠡᠷ ᠤᠨ ᠬᠤᠷᠠᠯ᠂ ᠳᠤᠮᠳᠠᠳᠤ ᠮᠣᠩᠭᠤᠯ ᠣᠷᠣᠰ ᠤᠨ ᠪᠡᠯᠡ ᠣᠷᠣᠭᠤᠯᠤᠯᠲᠠ ᠠᠷᠠᠯᠵᠢᠶᠠᠨ ᠤ ᠬᠠᠮᠲᠤᠷᠠᠯᠴᠠᠭ᠎ᠠ ᠶᠢᠨ ᠲᠠᠨᠢᠯᠴᠠᠭᠤᠯᠭ᠎ᠠ ᠶᠢᠨ ᠬᠤᠷᠠᠯ᠂ ᠪᠣᠬᠢᠷᠳᠤᠯ ᠦᠭᠡᠢ ᠳᠤᠮᠳᠠᠳᠤ ᠤᠯᠤᠰ · ᠡᠨᠧᠷᠭᠢ ᠶᠢᠨ ᠠᠵᠤ ᠦᠢᠯᠡᠰ ᠤᠨ ᠲᠥᠷᠥᠯ ᠵᠦᠢᠯ ᠢ ᠵᠣᠯᠭᠠᠭᠤᠯᠬᠤ ᠬᠤᠷᠠᠯ ᠵᠡᠷᠭᠡ ᠠᠵᠢᠯᠯᠠᠭ᠎ᠠ ᠶᠢ ᠡᠷᠭᠢᠯᠡᠭᠦ ᠪᠣᠯᠣᠨ᠎ᠠ᠃
 
ᠢᠷᠡᠯᠲᠡ᠄ ᠦᠪᠦᠷ ᠮᠤᠩᠭᠤᠯ ‍ᠤᠨ‌ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠦᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号