ᠲᠦᠴᠢᠦᠸᠠᠨ ᠰᠢᠶᠠᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2024 ᠣᠨ ᠤ ᠠᠷᠪᠠᠨ ᠨᠢᠭᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/23
  8 ᠰᠠᠷ᠎ᠠ ᠶᠢᠨ 23 ᠤ ᠡᠳᠦᠷ᠂ ᠲᠦᠴᠢᠦᠸᠠᠨ ᠰᠢᠶᠠᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2024 ᠣᠨ ᠤ ᠠᠷᠪᠠᠨ ᠨᠢᠭᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠱᠤᠸᠠᠩ ᠴᠧᠩ ᠬᠤᠷᠠᠯ ᠢ ᠡᠷᠭᠢᠯᠡᠪᠡ᠃    ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠪᠠᠨ ᠵᠢᠷᠭᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠬᠡᠯᠡᠭᠰᠡᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠴᠡᠷᠢᠭ ᠢ ᠬᠦᠴᠦᠷᠬᠡᠭᠵᠢᠭᠦᠯᠬᠦ ᠴᠡᠷᠢᠭ ᠤᠨ ᠡᠷᠳᠡᠮ ᠢ ᠰᠢᠯᠢᠳᠡᠭᠵᠢᠭᠦᠯᠬᠦ ᠤᠯᠠᠭᠠᠨ ᠳᠥᠷᠪᠡᠳᠦᠭᠡᠷ ᠰᠤᠮᠤ︾ ᠶᠢᠨ ᠪᠥᠬᠦ ᠳᠠᠷᠤᠭ᠎ᠠ ᠪᠠᠶᠢᠯᠳᠤᠭᠴᠢᠳ ᠲᠤ ᠥᠭᠭᠦᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ᠂ 8 ᠰᠠᠷ᠎ᠠ ᠶᠢᠨ 20 ᠤ ᠡᠳᠦᠷ ᠲᠥᠪ ᠤᠨ ᠲᠠᠯ᠎ᠠ ᠠᠴᠠ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠰᠬᠠᠶ ᠠᠵᠢᠯ ᠤᠨ ᠲᠣᠭᠲᠠᠴᠠ ᠶᠢᠨ ᠬᠤᠷᠠᠯ ᠤᠨ ᠵᠣᠷᠢᠭ ᠰᠠᠨᠠᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠣᠭᠲᠠᠭᠠᠯ ᠤᠳ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠵᠢᠴᠢ ᠰᠦᠨ ᠱᠤᠤ ᠴᠧᠩ 8 ᠰᠠᠷ᠎ᠠ ᠶᠢᠨ 2 ᠤᠨ ᠡᠳᠦᠷ ᠬᠢᠩᠭᠠᠨ ᠠᠶᠢᠮᠠᠭ ᠤᠨ ᠨᠢᠭᠡᠨ ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠭᠠᠵᠠᠷ ᠲᠤ ᠬᠦᠷᠴᠦ ᠡᠷᠬᠢᠨ ᠦᠵᠡᠵᠦ ᠲᠣᠬᠤᠨᠢᠭᠤᠯᠬᠤ ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号