ᠨᠠᠮᠤᠷ ᠤᠨ ᠡᠬᠢ ᠪᠠᠷ᠂ ᠲᠦᠴᠢᠦᠸᠠᠨ ᠰᠢᠶᠠᠨ ᠤ ᠲᠠᠢ ᠫᠢᠩ ᠰᠢᠶᠠᠩ ᠤᠨ ᠪᠠᠢ ᠮᠢᠶᠣᠣ ᠽᠢ ᠲᠣᠰᠬᠤᠨ ᠤ ᠶᠢᠨ | ᠵᠦ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠶᠢᠨ ᠲᠠᠷᠢᠶᠠᠨ ᠭᠠᠵᠠᠷ ᠲᠤ᠂ ᠲᠤᠲᠤᠷᠭ᠎ᠠ ᠶᠢᠨ ᠰᠦᠷᠡᠯ ᠨᠢ ᠡᠰᠢ ᠶᠢ | ᠳᠠᠷᠤᠵᠤ᠂ ᠪᠠᠶᠢᠨ ᠪᠠᠶᠢᠨ ᠰᠢᠪᠠᠭᠤᠳ ᠵᠢᠷᠭᠢᠨ᠎ᠡ᠃ ᠡᠨᠡ ᠬᠡᠰᠡᠭ ᠥᠩ ᠰᠢᠮᠡᠯᠢᠭ ᠲᠠᠷᠢᠶᠠᠨ ᠭᠠᠵᠠᠷ ᠪᠣᠯᠤᠨ ᠡᠵᠡᠭᠦᠶ | ᠬᠤᠵᠢᠷᠯᠢᠭ ᠭᠠᠵᠠᠷ ᠲᠠᠢ ᠬᠤᠯᠪᠤᠨ ᠪᠤᠳᠤᠬᠤ ᠶᠢᠨ ᠠᠷᠭ᠎ᠠ ᠦᠭᠡᠢ᠃ | | ᠥᠩᠭᠡᠷᠡᠭᠰᠡᠨ ᠳᠤ᠂ ᠬᠤᠵᠢᠷᠰᠢᠯ ᠢ ᠬᠥᠮᠦᠰ ᠭᠠᠵᠠᠷ ᠰᠢᠷᠣᠶ ᠶᠢᠨ ︽ᠣᠨᠴᠠ ᠬᠡᠮ︾ ᠭᠡᠵᠦ ᠬᠡᠯᠡᠳᠡᠭ᠂ | ᠬᠦᠨᠳᠦ ᠬᠡᠮᠵᠢᠶᠡᠨ ᠤ ᠬᠤᠵᠢᠷᠯᠢᠭ ᠭᠠᠵᠠᠷ ᠨᠢ ᠠᠮᠤ ᠪᠤᠳᠠᠭ᠎ᠠ ᠤᠷᠭᠤᠵᠤ ᠳᠡᠶᠢᠯᠬᠦ ᠥᠬᠡᠶ ᠮᠥᠷᠲᠡᠭᠡᠨ ᠴᠢᠨᠠᠭᠰᠢᠯᠠᠪᠠᠯ | ︽ᠢᠮᠠᠬᠤ ᠡᠪᠡᠰᠦ ᠤᠷᠭᠤᠬᠤ ᠥᠬᠡᠶ︾ ᠪᠠᠶᠢᠳᠠᠭ᠂ ᠲᠦᠴᠢᠦᠸᠠᠨ ᠰᠢᠶᠠᠨ ᠤ ᠲᠠᠢ ᠫᠢᠩ ᠰᠢᠶᠠᠩ ᠤᠨ ᠪᠠᠶ ᠮᠢᠶᠣᠣ | ᠽᠢ ᠲᠣᠰᠬᠤᠨ ᠨᠢ ᠨᠡᠶᠢᠲᠡᠯᠢᠭ ᠲᠤᠨᠤᠮᠠᠯ ᠲᠠᠯ᠎ᠠ ᠭᠠᠵᠠᠷ ᠲᠤ ᠪᠠᠶᠢᠷᠢᠯᠠᠵᠤ᠂ ᠲᠤᠨᠳᠠᠰᠤᠨ ᠤ ᠬᠡᠮᠵᠢᠶ᠎ᠡ ᠪᠠᠭ᠎ᠠ᠂ | ᠠᠭᠤᠷᠰᠢᠯᠲᠠ ᠶᠢᠨ ᠬᠡᠮᠵᠢᠶ᠎ᠡ ᠶᠡᠭᠡ᠂ ᠳᠠᠪᠤᠰᠤᠨ ᠤ ᠠᠭᠤᠯᠤᠭᠳᠠᠴᠠ ᠨᠢ ᠠᠮᠠᠷᠬᠠᠨ ᠬᠥᠷᠥᠰᠥ ᠰᠢᠷᠣᠶ ᠶᠢᠨ | ᠭᠠᠳᠠᠷᠭᠤ ᠳᠡᠭᠡᠷ᠎ᠡ ᠬᠤᠷᠠᠮᠳᠤᠵᠤ᠂ ᠶᠡᠬᠡᠩᠬᠢ ᠬᠡᠰᠡᠭ ᠬᠥᠷᠥᠰᠥ ᠰᠢᠷᠣᠶ ᠶᠢᠨ ᠳᠠᠪᠤᠰᠤᠨ ᠤ ᠠᠭᠤᠯᠤᠭᠳᠠᠴᠠ ᠨᠢ | ᠨᠡᠯᠢᠶᠡᠳ ᠥᠨᠳᠥᠷ᠂ ᠣᠯᠠᠨ ᠵᠢᠯ ᠤᠨ ᠲᠤᠷᠰᠢ ᠠᠮᠤ ᠪᠤᠳᠠᠭᠠᠨ ᠤ ᠤᠨᠠᠯᠲᠠ ᠨᠢ ᠶᠡᠷᠦ ᠠᠴᠠ ᠥᠨᠳᠥᠷ ᠪᠢᠰᠢ | ᠪᠠᠶᠢᠳᠠᠭ᠃ | ︽ᠥᠩᠭᠡᠷᠡᠭᠰᠡᠨ ᠳᠤ ᠡᠨᠡ ᠬᠡᠰᠡᠭ ᠭᠠᠵᠠᠷ ᠨᠢ ᠪᠦᠷ ᠨᠢᠭᠡ ᠵᠦᠢᠯ ᠤᠨ ︿ᠬᠤᠵᠢᠷᠯᠢᠭ ᠭᠠᠵᠠᠷ﹀ ᠪᠠᠶᠢᠵᠤ᠂ | ᠴᠢᠨᠠᠭᠰᠢᠯᠠᠪᠠᠯ ᠵᠠᠷᠢᠮ ᠭᠠᠵᠠᠷ ᠨᠢ ᠡᠪᠡᠰᠦ ᠤᠷᠭᠤᠬᠤ ᠦᠭᠡᠢ᠂ ᠨᠢᠭᠡ ᠵᠢᠯ ᠲᠠᠷᠢᠪᠠᠯ ᠨᠢᠭᠡ ᠵᠢᠯ ᠠᠯᠳᠠᠳᠠᠭ︾ ᠭᠡᠵᠦ | ᠪᠠᠢ ᠮᠢᠶᠣᠣ ᠽᠢ ᠲᠣᠰᠬᠤᠨ ᠤ ᠠᠷᠠᠳ ᠯᠢᠦ ᠫᠧᠩ ᠬᠡᠯᠡᠪᠡ᠃ | ᠭᠡᠲᠡᠯ᠎ᠡ᠂ ᠡᠨᠡ ᠵᠢᠯ ᠤᠨᠠᠯᠲᠠ ᠶᠢ ᠬᠡᠮᠵᠢᠪᠡᠯ᠂ ᠡᠨᠡ ᠬᠡᠰᠡᠭ ᠭᠠᠵᠠᠷ ᠡᠯᠪᠡᠭ ᠬᠤᠷᠢᠶᠠᠯᠲᠠ ᠣᠯᠵᠤ᠂ ᠤᠰᠤᠨ | ᠲᠤᠲᠤᠷᠭ᠎ᠠ ᠶᠢᠨ ᠮᠦ ᠪᠦᠷᠢ ᠶᠢᠨ ᠤᠨᠠᠯᠲᠠ 550 ᠺᠢᠯᠣᠭ᠍ᠷᠠᠮ ᠳᠤ ᠬᠦᠷᠬᠦ ᠪᠣᠯᠤᠨ᠎ᠠ᠃ ᠬᠤᠵᠢᠷᠯᠢᠭ ᠭᠠᠵᠠᠷ | ᠶᠠᠭᠠᠬᠢᠭᠠᠳ ᠡᠯᠪᠡᠭ ᠬᠤᠷᠢᠶᠠᠯᠲᠠ ᠶᠢᠨ ᠲᠠᠷᠢᠶ᠎ᠠ ᠪᠣᠯᠴᠢᠬᠠᠪᠠ︖ | ᠬᠤᠵᠢᠷᠯᠢᠭ ᠭᠠᠵᠠᠷ ᠤᠨ ᠳᠠᠯᠳᠠ ᠬᠦᠴᠦᠨ ᠢ ᠭᠦᠶᠴᠡᠳ ᠠᠭᠤᠳᠠᠯᠬᠤ ᠶᠢᠨ ᠲᠥᠯᠥᠭᠡ᠂ 2015 ᠣᠨ ᠠᠴᠠ | ᠡᠬᠢᠯᠡᠨ᠂ ᠶᠢᠨ ᠵᠦ ᠬᠡᠷ ᠪᠦᠯᠢ ᠶᠢᠨ ᠲᠠᠷᠢᠶᠠᠯᠠᠩ ᠤᠨ ᠲᠠᠯᠠᠪᠠᠶ ᠨᠢ ᠬᠤᠵᠢᠷᠯᠢᠭ ᠭᠠᠵᠠᠷ ᠢ ᠲᠡᠭᠰᠢᠯᠡᠨ | ᠰᠠᠶᠢᠵᠢᠷᠠᠭᠤᠯᠪᠠ᠃ ᠲᠠᠷᠢᠶᠠᠯᠠᠩ ᠤᠨ ᠲᠠᠯᠠᠪᠠᠢ ᠶᠢᠨ ᠬᠠᠷᠢᠭᠤᠴᠠᠯᠭᠠᠲᠠᠨ ᠭᠤᠤ ᠶᠢᠨ ᠵᠦ ᠵᠡᠷᠭᠡ ᠬᠥᠮᠦᠰ ᠲᠡᠨᠡᠭ | ᠡᠪᠦᠭᠡᠨ ᠠᠭᠤᠯᠠ ᠶᠢ ᠨᠡᠭᠦᠯᠭᠡᠬᠦ ᠵᠣᠷᠢᠭ ᠰᠠᠨᠠᠭ᠎ᠠ ᠪᠠᠷ 9 ᠵᠢᠯ ᠤᠨ ᠴᠠᠭ ᠵᠠᠷᠤᠴᠠᠭᠤᠯᠵᠤ᠂ ᠲᠠᠷᠢᠶᠠᠨ ᠭᠠᠵᠠᠷ ᠢ | 2100 ᠮᠦ ᠰᠠᠶᠢᠵᠢᠷᠠᠭᠤᠯᠵᠤ᠂ ᠮᠦ ᠪᠦᠷᠢ ᠶᠢᠨ ᠤᠨᠠᠯᠲᠠ ᠵᠢᠯ ᠳᠠᠷᠠᠭᠠᠯᠠᠨ ᠨᠡᠮᠡᠭᠳᠡᠵᠦ᠂ ᠤᠳᠤ ᠤᠰᠤᠨ | ᠲᠤᠲᠤᠷᠭ᠎ᠠ ᠮᠦ ᠪᠦᠷᠢ 550 ᠺᠢᠯᠣᠭ᠍ᠷᠠᠮ᠂ ᠡᠷᠳᠡᠨᠢ ᠰᠢᠰᠢ ᠮᠦ ᠪᠦᠷᠢ 900 ᠺᠢᠯᠣᠭ᠍ᠷᠠᠮ ᠳᠤ ᠬᠦᠷᠴᠡᠢ᠃ | | ︽ᠪᠢᠳᠡᠨ ᠤ ᠬᠠᠮᠤᠭ ᠤᠨ ᠰᠠᠶᠢᠨ ᠠᠷᠭ᠎ᠠ ᠪᠣᠯ ᠤᠰᠤᠨ ᠲᠠᠷᠢᠶ᠎ᠠ ᠪᠣᠯᠭᠠᠨ ᠥᠭᠡᠷᠡᠴᠢᠯᠡᠵᠦ᠂ ᠤᠰᠤ ᠪᠠᠷ | ᠤᠬᠢᠶᠠᠵᠤ᠂ ᠬᠥᠷᠥᠰᠥ ᠶᠢ ᠳᠡᠪᠲᠦᠭᠡᠭᠰᠡᠨ ᠤ ᠳᠠᠷᠠᠭ᠎ᠠ᠂ ᠡᠭᠡᠳᠡᠩ ᠵᠢᠭᠤᠷᠠᠬᠤ ᠮᠠᠰᠢᠨ ᠢᠶᠠᠷ ᠵᠢᠭᠤᠷᠠᠵᠤ᠂ ᠵᠢᠭᠤᠷᠠᠵᠤ | ᠪᠠᠷᠠᠭᠰᠠᠨ ᠤ ᠳᠠᠷᠠᠭ᠎ᠠ 2 ᠴᠠᠭ ᠠᠴᠠ 3 ᠴᠠᠭ ᠵᠣᠭᠰᠣᠨ᠎ᠠ᠂ ᠳᠡᠭᠡᠷ᠎ᠡ ᠨᠢ ᠬᠥᠪᠴᠦ ᠪᠠᠶᠢᠭ᠎ᠠ ᠨᠢ ᠴᠥᠮ ᠬᠤᠵᠢᠷ᠂ | ᠤᠰᠤ ᠶᠢ ᠲᠠᠯᠪᠢᠵᠤ ᠭᠠᠷᠭᠠᠭᠰᠠᠨ ᠤ ᠳᠠᠷᠠᠭ᠎ᠠ ᠳᠠᠬᠢᠨ ᠤᠰᠤ ᠬᠢᠵᠦ ᠬᠤᠳᠬᠤᠭᠠᠳ᠂ ᠵᠢᠯ ᠪᠦᠷᠢ 2 ᠤᠳᠠᠭ᠎ᠠ | ᠤᠬᠢᠶᠠᠨ᠎ᠠ᠃ ᠣᠳᠣᠬᠠᠨ ᠳᠤ ᠤᠨᠠᠯᠲᠠ ᠨᠢ 1600 ᠵᠢᠩ ᠠᠴᠠ ᠳᠡᠭᠡᠭᠰᠢ ᠬᠦᠷᠴᠦ᠂ ᠬᠡᠰᠡᠭ ᠭᠠᠵᠠᠷ ᠨᠢ ᠲᠣᠨ | ᠠᠮᠤ ᠪᠤᠳᠠᠭᠠᠨ ᠤ ᠤᠨᠠᠯᠳᠠ ᠳᠤ ᠬᠦᠷᠴᠦ ᠪᠠᠶᠢᠨ᠎ᠠ᠃ ᠶᠢᠨ ᠵᠦ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠶᠢᠨ | ᠶᠡᠷᠦᠩᠬᠡᠢ ᠳᠠᠭᠠᠭᠠᠮᠠᠯ ᠭᠤᠤ ᠶᠢᠨ ᠵᠦ ᠲᠠᠨᠢᠯᠴᠠᠭᠤᠯᠪᠠ᠃ | 2023 ᠣᠨ ᠳᠤ ᠶᠢᠨ ᠵᠣ᠋ ᠬᠡᠷ ᠪᠦᠯᠢ ᠶᠢᠨ ᠲᠠᠷᠢᠶᠠᠯᠠᠩ ᠤᠨ ᠲᠠᠯᠠᠪᠠᠶ ᠰᠢᠨ᠎ᠡ ᠠᠵᠠ ᠲᠣᠬᠢᠶᠠᠯ ᠢ ᠤᠭᠲᠤᠨ | ᠠᠪᠴᠢᠷᠠᠵᠤ᠂ ᠲᠦᠴᠢᠦᠸᠠᠨ ᠰᠢᠶᠠᠨ 1 ᠲᠦᠮᠡᠨ ᠮᠥ ᠬᠥᠩᠭᠡᠨ ᠳᠤᠮᠳᠠ ᠵᠡᠷᠭᠡ ᠶᠢᠨ ᠬᠤᠵᠢᠷᠰᠢᠭᠰᠠᠨ ᠲᠠᠷᠢᠶᠠᠨ | ᠭᠠᠵᠠᠷ ᠢ ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠬᠦ ᠲᠥᠷᠥᠯ ᠵᠦᠶᠯ ᠢ ᠬᠡᠷᠡᠭᠵᠢᠭᠦᠯᠵᠦ᠂ ᠪᠠᠶ ᠮᠢᠶᠣᠣ ᠽᠢ | ᠲᠣᠰᠬᠤᠨ ᠢ ᠬᠤᠵᠢᠷᠰᠢᠭᠰᠠᠨ ᠲᠠᠷᠢᠶᠠᠨ ᠭᠠᠵᠠᠷ ᠢ ᠰᠠᠶᠢᠵᠢᠷᠠᠭᠤᠯᠬᠤ ᠲᠤᠷᠰᠢᠯᠲᠠ ᠶᠢᠨ ᠴᠡᠭ ᠤᠨ ᠨᠢᠭᠡ ᠪᠠᠷ | ᠲᠣᠭᠲᠠᠭᠠᠵᠤ᠂ ᠤᠰᠤᠨ ᠠᠰᠢᠭᠯᠠᠯᠲᠠ ᠶᠢᠨ ᠶᠠᠮᠤᠨ ᠤ ᠮᠠᠯᠵᠢᠬᠤ ᠣᠷᠣᠨ ᠤ ᠤᠰᠤᠨ ᠠᠰᠢᠭᠯᠠᠯᠲᠠ ᠶᠢᠨ ᠰᠢᠨᠵᠢᠯᠡᠬᠦ | ᠤᠬᠠᠭᠠᠨ ᠤ ᠰᠤᠳᠤᠯᠭᠠᠨ ᠤ ᠭᠠᠵᠠᠷ ᠢᠶᠠᠷ ᠲᠣᠰ ᠲᠥᠷᠥᠯ ᠵᠦᠶᠯ ᠤᠨ ᠮᠡᠷᠭᠡᠵᠢᠯ ᠤᠨ ᠲᠤᠯᠭᠠᠭᠤᠷᠢᠯᠠᠬᠤ ᠪᠦᠯᠬᠦᠮ | ᠪᠣᠯᠭᠠᠪᠠ᠂ ᠲᠠᠳᠠ ᠡᠵᠡᠮᠰᠢᠵᠦ ᠪᠠᠶᠢᠭ᠎ᠠ ᠣᠯᠠᠨ ᠵᠦᠶᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ | ᠪᠦᠲᠦᠭᠡᠯ ᠢᠶᠠᠷ ᠢᠶᠠᠨ ᠬᠤᠵᠢᠷᠯᠢᠭ ᠭᠠᠵᠠᠷ ᠭᠡᠬᠦ ᠡᠨᠡ ᠬᠦ ᠬᠤᠪᠣᠷ ᠨᠠᠨᠳᠢᠨ ᠡᠬᠢ ᠪᠠᠶᠠᠯᠢᠭ ᠢ ︽ᠰᠡᠷᠡᠭᠡᠵᠦ︾ | ᠪᠠᠶᠢᠨ᠎ᠠ᠃ | ︽ᠣᠳᠣᠬᠠᠨ ᠤ ᠮᠠᠨ ᠤ ᠣᠯᠤᠭᠰᠠᠨ ᠲᠤᠷᠰᠢᠯᠲᠠ ᠶᠢᠨ ᠲᠤᠭ᠎ᠠ ᠪᠠᠷᠢᠮᠲᠠ ᠠᠴᠠ ᠦᠵᠡᠪᠡᠯ᠂ 3 ᠰᠠᠷ᠎ᠠ ᠠᠴᠠ | 7 ᠰᠠᠷ᠎ᠠ ᠪᠣᠯᠲᠠᠯ᠎ᠠ ᠬᠥᠷᠥᠰᠥ ᠰᠢᠷᠣᠶ ᠶᠢᠨ pH ᠬᠡᠮᠵᠢᠭᠳᠡᠯ 0.4 ᠪᠠᠭᠤᠷᠠᠵᠠᠶ᠂ ᠡᠨᠡ ᠨᠢ ᠢᠯᠡᠳᠲᠡ ᠦᠷ᠎ᠡ | ᠪᠦᠲᠦᠮᠵᠢ ᠣᠯᠵᠠᠶ ᠭᠡᠵᠦ ᠬᠡᠯᠡᠵᠦ ᠪᠣᠯᠤᠨ᠎ᠠ᠃︾ ᠣᠶᠢᠷ᠎ᠠ ᠳᠤ᠂ ᠲᠦᠴᠢᠦᠸᠠᠨ ᠰᠢᠶᠠᠨ ᠤ ᠲᠠᠢ ᠫᠢᠩ ᠰᠢᠶᠠᠩ ᠤᠨ | ᠪᠠᠶ ᠮᠢᠶᠣᠣ ᠽᠢ ᠲᠣᠰᠬᠤᠨ ᠤ ᠶᠢᠨ ᠵᠦ ᠬᠡᠷ ᠪᠦᠯᠢ ᠶᠢᠨ ᠲᠠᠷᠢᠶᠠᠯᠠᠩ ᠤᠨ ᠲᠠᠯᠠᠪᠠᠶ ᠳᠤ᠂ ᠤᠰᠤᠨ ᠠᠰᠢᠭᠯᠠᠯᠲᠠ | ᠶᠢᠨ ᠶᠠᠮᠤᠨ ᠤ ᠮᠠᠯᠵᠢᠬᠤ ᠣᠷᠣᠨ ᠤ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ | ᠤᠨ ᠲᠤᠰᠠᠯᠠᠭᠴᠢ ᠢᠨᠵᠧᠨᠧᠷ ᠯᠢ ᠬᠤᠩ ᠹᠠᠩ ᠶᠠᠭ ᠲᠠᠷᠢᠶᠠᠨ ᠭᠠᠵᠠᠷ ᠲᠤ ᠡᠷᠳᠡᠨᠢ ᠰᠢᠰᠢ ᠶᠢᠨ ᠤᠷᠭᠤᠴᠠ ᠶᠢᠨ | ᠪᠠᠶᠢᠳᠠᠯ ᠢ ᠪᠠᠶᠢᠴᠠᠭᠠᠨ ᠦᠵᠡᠬᠦ ᠪᠠᠷ ᠶᠠᠭᠠᠷᠠᠵᠤ ᠪᠠᠶᠢᠯ᠎ᠠ᠃ | ᠲᠦᠴᠢᠦᠸᠠᠨ ᠰᠢᠶᠠᠨ ᠭᠤᠤᠯᠳᠠᠭᠤ ᠡᠰᠢ ᠰᠦᠷᠡᠯ ᠢ ᠲᠠᠷᠢᠶᠠᠨ ᠳᠤ ᠣᠷᠣᠭᠤᠯᠬᠤ᠂ ᠱᠦᠯᠲᠦᠯᠢᠭ | ᠰᠠᠶᠢᠵᠢᠷᠠᠭᠤᠯᠬᠤ ᠡᠮ᠂ ᠬᠦᠬᠦᠷ ᠥᠬᠡᠶᠢᠳᠡᠭᠦᠯᠬᠦ ᠵᠤᠭᠠᠩ᠂ ᠣᠷᠭᠠᠨᠢᠭ ᠪᠣᠷᠲᠣᠭᠤᠷ᠂ ᠭᠦᠨ ᠬᠠᠭᠠᠯᠪᠤᠷᠢᠯᠠᠵᠤ ᠭᠦᠨ | ᠰᠤᠯᠠᠷᠠᠭᠤᠯᠬᠤ᠂ ᠠᠭ᠎ᠠ ᠠᠯᠳᠧᠭᠢᠳ᠋ ᠰᠢᠭᠠᠷᠤ᠂ ᠬᠤᠵᠢᠷ ᠲᠤ ᠳᠠᠭᠠᠭᠠᠮᠠᠭᠠᠶ ᠲᠥᠷᠥᠯ ᠵᠦᠶᠯ ᠢ ᠰᠢᠭᠰᠢᠨ ᠰᠣᠩᠭᠤᠬᠤ | ᠂ ᠬᠥᠷᠥᠰᠥ ᠰᠢᠷᠣᠶ ᠶᠢ ᠲᠣᠬᠢᠷᠠᠭᠤᠯᠬᠤ ᠡᠳ᠋ ᠢ ᠨᠡᠬᠡᠮᠵᠢᠯᠡᠨ ᠣᠷᠣᠭᠤᠯᠬᠤ ᠵᠡᠷᠭᠡ 8 ᠵᠦᠶᠯ ᠤᠨ ᠰᠠᠶᠢᠵᠢᠷᠠᠭᠤᠯᠬᠤ | ᠮᠡᠷᠭᠡᠵᠢᠯ ᠤᠨ ᠵᠠᠭᠪᠤᠷ ᠢ ᠳᠡᠯᠭᠡᠷᠡᠭᠦᠯᠦᠨ ᠬᠡᠷᠡᠭᠯᠡᠨ᠎ᠡ᠃ ᠪᠠᠶ ᠮᠢᠶᠣᠣ ᠽᠢ ᠲᠣᠰᠬᠤᠨ ᠳᠤ ᠬᠤᠵᠢᠷᠯᠢᠭ ᠴᠢᠨᠠᠷᠲᠠᠶ | ᠺᠠᠯᠼ ᠮᠠᠭᠨᠢ ᠶᠢᠨ ᠪᠣᠷᠲᠣᠭᠤᠷ ᠢ ᠰᠠᠶᠢᠵᠢᠷᠠᠭᠤᠯᠬᠤ ᠵᠢᠱᠢᠶ᠎ᠡ ᠦᠵᠡᠭᠦᠯᠬᠦ ᠣᠷᠣᠨ ᠢ 1800 ᠮᠥ ᠪᠥᠲᠥᠭᠡᠨ | ᠪᠠᠶᠢᠭᠤᠯᠵᠦ᠂ ᠡᠶᠢᠮᠦᠷᠬᠦᠦ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠥᠷᠥᠰᠥ ᠰᠢᠷᠣᠶ ᠶᠢᠨ pH | ᠬᠡᠮᠵᠢᠭᠳᠡᠯ ᠢ ᠳᠤᠮᠳᠠᠴᠢ ᠪᠠᠷ 0.4 ᠪᠠᠷ ᠪᠠᠭᠤᠷᠠᠭᠤᠯᠵᠤ᠂ ᠪᠥᠬᠦ ᠳᠠᠪᠤᠰᠤᠨ ᠤ ᠠᠭᠤᠯᠤᠭᠳᠠᠴᠠ ᠶᠢ 10 % ᠠᠴᠠ | ᠳᠡᠭᠡᠭᠰᠢ ᠪᠠᠷ ᠪᠠᠭᠠᠰᠬᠠᠨ᠂ ᠣᠷᠭᠠᠨᠢᠭ ᠪᠣᠳᠠᠰ ᠢ 0.2 ᠵᠠᠭᠤᠨ ᠤ ᠴᠡᠭ ᠠᠴᠠ ᠳᠡᠭᠡᠭᠰᠢ ᠳᠡᠭᠡᠭᠰᠢᠯᠡᠭᠦᠯᠵᠦ᠂ | ᠬᠤᠵᠢᠷᠰᠢᠭᠰᠠᠨ ᠲᠠᠷᠢᠶᠠᠨ ᠭᠠᠵᠠᠷ ᠤᠨ ᠬᠦᠴᠦ ᠰᠢᠮ᠎ᠡ ᠶᠢ ᠢᠯᠡᠳᠲᠡ ᠳᠡᠭᠡᠭᠰᠢᠯᠡᠭᠦᠯᠦᠨ᠎ᠡ᠃ | | ︽ᠣᠲᠣ ᠪᠢᠳᠡ ᠬᠥᠷᠥᠰᠥ ᠰᠢᠷᠣᠶ ᠶᠢ ᠰᠢᠯᠭᠠᠨ ᠪᠠᠶᠢᠴᠠᠭᠠᠬᠤ ᠲᠤᠷᠰᠢᠯᠲᠠ ᠶᠢᠨ ᠲᠠᠰᠤᠭ ᠢ ᠪᠠᠶᠢᠭᠤᠯᠵᠤ᠂ ᠵᠢᠯ | ᠪᠦᠷᠢ ᠳᠥᠷᠪᠡᠨ ᠬᠤᠭᠤᠴᠠᠭᠠᠨ ᠤ ᠬᠥᠷᠥᠰᠥ ᠰᠢᠷᠣᠶ ᠶᠢᠨ ᠰᠢᠯᠭᠠᠨ ᠪᠠᠶᠢᠴᠠᠭᠠᠯᠲᠠ ᠬᠢᠵᠦ ᠪᠠᠶᠢᠨ᠎ᠠ᠂ ᠳᠠᠷᠤᠶ | ᠬᠤᠵᠢᠷᠯᠢᠭ ᠭᠠᠵᠠᠷ ᠤᠨ PH ᠬᠡᠮᠵᠢᠭᠳᠡᠯ ᠢ ᠦᠵᠡᠨ᠎ᠡ᠃ ᠵᠢᠯ ᠪᠦᠷᠢ 1.5 ᠠᠴᠠ 2 ᠴᠡᠭ ᠪᠣᠯᠲᠠᠯ᠎ᠠ ᠪᠠᠭᠤᠷᠠᠵᠤ᠂ | ᠬᠥᠷᠥᠰᠥ ᠰᠢᠷᠣᠶ ᠶᠢᠨ ᠰᠢᠮ᠎ᠡ ᠲᠡᠵᠢᠭᠡᠯ ᠢ ᠪᠠᠶᠢᠴᠠᠭᠠᠬᠤ ᠪᠠᠷ ᠳᠡᠮᠵᠢᠨ ᠲᠠᠷᠢᠮᠠᠯ ᠳᠤ ᠡᠯ᠎ᠡ ᠵᠦᠶᠯ ᠤᠨ ᠪᠣᠷᠲᠣᠭᠤᠷ | ᠨᠥᠬᠦᠪᠥᠷᠢᠯᠡᠵᠦ᠂ ᠥᠨᠳᠥᠷ ᠤᠨᠠᠯᠲᠠ ᠳᠤ ᠭᠥᠷᠳᠡᠭ᠃︾ ᠭᠡᠵᠦ ᠭᠤᠤ ᠶᠢᠨ ᠵᠦ ᠢᠲᠡᠭᠡᠯ ᠳᠦᠭᠦᠷᠡᠩ ᠬᠡᠯᠡᠨ᠎ᠡ᠃ | ᠡᠳᠡᠭᠡᠷ ᠪᠡᠯᠡᠳᠬᠡᠯ ᠭᠠᠵᠠᠷ ᠰᠢᠷᠣᠢ ᠶᠢ ᠰᠠᠶᠢᠲᠤᠷ ᠠᠰᠢᠭᠯᠠᠬᠤ ᠨᠢ ᠠᠮᠤ ᠪᠤᠳᠠᠭᠠᠨ ᠤ ᠠᠮᠤᠷ ᠲᠦᠪᠰᠢᠨ ᠢ | ᠪᠠᠲᠤᠯᠠᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠲᠦᠴᠢᠦᠸᠠᠨ ᠰᠢᠶᠠᠨ ᠬᠤᠵᠢᠷᠯᠢᠭ ᠭᠠᠵᠠᠷ ᠢ | ᠵᠠᠰᠠᠬᠤ ᠪᠠ ᠬᠤᠵᠢᠷᠯᠢᠭ ᠭᠠᠵᠠᠷ ᠤᠨ ᠦᠷ᠎ᠡ ᠶᠢᠨ ᠦᠶᠯᠡᠰ ᠤᠨ ᠲᠠᠯ᠎ᠠ ᠪᠠᠷ ᠵᠡᠷᠭᠡ ᠪᠠᠷ ᠰᠢᠨ᠎ᠡ ᠶᠢ ᠡᠭᠦᠳᠴᠦ᠂ ︽ | ᠭᠠᠵᠠᠷ ᠢ ᠥᠭᠡᠷᠡᠴᠢᠯᠡᠨ ᠲᠣᠬᠢᠷᠠᠮᠵᠢᠲᠠᠶ ᠳᠠᠷᠢᠬᠤ︾ ᠠᠴᠠ ︽ᠦᠷ᠎ᠡ ᠶᠢ ᠥᠭᠡᠷᠡᠴᠢᠯᠡᠨ ᠲᠣᠬᠢᠷᠠᠮᠵᠢᠲᠠᠶ ᠳᠠᠷᠢᠬᠤ︾ | ᠬᠦᠷᠲᠡᠯ᠎ᠡ᠂ ᠰᠢᠩ ᠯᠦᠩ ᠱᠠᠨ ᠲᠣᠰᠬᠤᠨ ᠳᠤ ᠳᠠᠬᠢᠨ ᠳᠠᠪᠲᠠᠨ ᠲᠤᠷᠰᠢᠨ ᠳᠠᠷᠢᠬᠤ ᠪᠠᠷ ᠳᠡᠮᠵᠢᠨ᠂ ᠡᠴᠦᠰ | ᠲᠡᠭᠡᠨ ᠡᠷᠳᠡᠨᠢ ᠰᠢᠰᠢ᠂ ᠰᠢᠰᠢ᠂ ᠨᠣᠬᠠᠶ ᠶᠢᠨ ᠬᠤᠰᠢᠭᠤ 3 ᠵᠦᠶᠯ ᠤᠨ ᠬᠤᠵᠢᠷᠯᠢᠭ ᠲᠠᠷᠢᠮᠠᠯ ᠢ ᠲᠣᠰ ᠲᠣᠰ 5 | ᠡᠭᠦᠯᠳᠡᠷ ᠰᠣᠩᠭᠤᠨ ᠪᠣᠶᠢᠵᠢᠭᠤᠯᠵᠤ᠂ ᠳᠣᠤᠷ᠎ᠠ ᠪᠤᠶᠤ ᠳᠤᠮᠳᠠ ᠵᠡᠷᠭᠡ ᠶᠢᠨ ᠬᠤᠵᠢᠷᠯᠢᠭ ᠭᠠᠵᠠᠷ ᠲᠤ ᠤᠷᠭᠤᠬᠤ ᠳᠤ | ᠲᠣᠬᠢᠷᠠᠮᠵᠢᠲᠠᠶ ᠲᠠᠷᠢᠮᠠᠯ ᠤᠨ ᠡᠭᠦᠯᠳᠡᠷ ᠢ ᠰᠣᠩᠭᠤᠨ ᠪᠣᠶᠢᠵᠢᠭᠤᠯᠪᠠ᠃ | 30 ᠭᠠᠷᠤᠶ ᠵᠢᠯ ᠲᠠᠷᠢᠶ᠎ᠠ ᠲᠠᠷᠢᠭᠰᠠᠨ ᠯᠢᠦ ᠢᠤᠢ ᠬᠠᠶ᠂ ᠦᠷ᠎ᠡ ᠶᠢᠨ ᠴᠢᠬᠤᠯᠠ ᠴᠢᠨᠠᠷ ᠤᠨ ᠲᠤᠬᠠᠶ ᠭᠦᠨ | ᠣᠶᠢᠯᠠᠭᠠᠯᠲᠠ ᠲᠠᠢ ᠪᠠᠶᠢᠵᠤ᠂ ᠲᠣᠰᠬᠤᠨ ᠤ ᠬᠠᠮᠤᠭ ᠡᠷᠲᠡ ᠥᠨᠳᠥᠷ ᠭᠠᠷᠤᠯᠲᠠ ᠲᠠᠢ ᠦᠷ᠎ᠡ ᠲᠠᠷᠢᠭᠰᠠᠨ | ᠲᠠᠷᠢᠶᠠᠴᠢᠨ ᠡᠷᠦᠬᠡ ᠶᠢᠨ ᠨᠢᠭᠡ ᠪᠣᠯᠤᠨ᠎ᠠ᠃ ︽ᠬᠠᠮᠤᠭ ᠤᠨ ᠡᠷᠲᠡᠨ ᠤ ᠦᠷ᠎ᠡ ᠮᠥ ᠪᠦᠷᠢ ᠶᠢᠨ ᠤᠨᠠᠯᠲᠠ ᠨᠢ | ᠵᠥᠪᠬᠡᠨ 50 ᠭᠠᠷᠤᠶ ᠺᠢᠯᠣᠭ᠍ᠷᠠᠮ ᠪᠠᠶᠢᠵᠤ᠂ ᠰᠡᠭᠦᠯᠡᠷ ᠨᠢ ᠥᠨᠳᠥᠷ ᠤᠨᠠᠯᠲᠠ ᠲᠠᠢ᠂ ᠬᠤᠵᠢᠷᠯᠢᠭ᠂ ᠭᠠᠩ | ᠬᠠᠭᠰᠠᠷᠠᠭᠠᠨ ᠳᠤ ᠲᠡᠰᠪᠦᠷᠢᠲᠡᠢ ᠬᠦᠶᠲᠡᠨ ᠳᠤ ᠲᠡᠰᠪᠦᠷᠢᠲᠡᠢ ᠴᠢᠨᠠᠷ ᠢᠶᠠᠷ ᠴᠢᠩᠭ᠎ᠠ ᠪᠣᠭᠤᠳᠠᠶ ᠶᠢᠨ ᠦᠷ᠎ᠡ ᠶᠢ | ᠳᠠᠷᠢᠵᠤ ᠭᠠᠷᠭᠠᠭᠠᠳ᠂ ᠣᠲᠣ ᠶᠢᠨ ᠤᠨᠠᠯᠲᠠ ᠨᠢ ᠳᠣᠯᠤᠭ᠎ᠠ ᠨᠠᠶᠮᠠᠨ ᠳᠠᠬᠢᠨ ᠪᠣᠯᠵᠠᠶ᠃ ᠡᠨᠡ ᠵᠢᠯ ᠤᠨ ᠪᠣᠷᠣᠭᠠᠨ | ᠬᠤᠷ᠎ᠠ ᠰᠠᠶᠢᠨ᠂ ᠤᠳᠤ ᠡᠯᠪᠡᠭ ᠬᠤᠷᠢᠶᠠᠯᠲᠠ ᠣᠯᠬᠤ ᠭᠡᠵᠦ ᠪᠠᠶᠢᠨ᠎ᠠ︾ ᠭᠡᠵᠡᠢ᠃ | ᠥᠩᠭᠡᠷᠡᠭᠡᠭᠰᠡᠨ ᠳᠤ ᠬᠤᠵᠢᠷᠯᠢᠭ ᠠᠲᠠᠷ ᠭᠠᠵᠠᠷ᠂ ᠥᠨᠥᠳᠦᠷ ᠤᠨ ᠥᠩ ᠰᠢᠮᠡᠯᠢᠭ ᠲᠠᠷᠢᠶᠠᠨ ᠭᠠᠵᠠᠷ ᠪᠤᠯᠵᠠᠢ᠃ | ᠣᠯᠠᠨ ᠵᠢᠯ ᠤᠨ ᠬᠠᠶᠢᠨ ᠰᠥᠪᠡᠭᠴᠢᠯᠡᠯᠲᠡ ᠪᠠᠷ ᠳᠡᠮᠵᠢᠨ᠂ ᠲᠦᠴᠢᠦᠸᠠᠨ ᠰᠢᠶᠠᠨ ᠤ ᠬᠤᠵᠢᠷᠯᠢᠭ ᠭᠠᠵᠠᠷ ᠢ | ᠵᠠᠰᠠᠵᠤ ᠠᠰᠢᠭᠯᠠᠬᠤ ᠰᠡᠳᠬᠢᠴᠡ ᠴᠦ ᠠᠭᠠᠵᠢᠮ ᠢᠶᠠᠷ ᠪᠠᠶᠠᠯᠢᠭᠵᠢᠪᠠ᠃ ᠲᠣᠭᠲᠠᠴᠠ ᠶᠢᠨ ᠲᠠᠯ᠎ᠠ ᠪᠠᠷ ᠪᠠᠰᠠ | ᠵᠣᠷᠢᠭᠲᠠᠶ ᠪᠠᠷ ᠰᠦᠪᠡᠭᠴᠢᠯᠡᠨ ᠰᠢᠨ᠎ᠡ ᠶᠢ ᠡᠭᠦᠳᠴᠦ᠂ ︽ᠨᠠᠮ ᠤᠨ ᠡᠭᠦᠷ + ᠬᠤᠷᠰᠢᠶ᠎ᠠ + ᠲᠠᠷᠢᠶᠠᠴᠢᠨ ᠡᠷᠦᠬᠡ︾ | ᠶᠢᠨ ᠰᠢᠨ᠎ᠡ ᠬᠡᠯᠪᠡᠷᠢ ᠶᠢᠨ ᠵᠣᠬᠢᠶᠠᠨ ᠪᠠᠶᠢᠭᠤᠯᠤᠯᠲᠠ ᠶᠢᠨ ᠪᠦᠲᠦᠴᠡ ᠪᠠᠷ ᠫᠢᠩ ᠶᠤᠸᠠᠨ ᠲᠣᠰᠬᠤᠨ ᠤ ᠬᠤᠵᠢᠷᠯᠢᠭ | ᠭᠠᠵᠠᠷ ᠢ ᠵᠠᠰᠠᠨ ᠠᠰᠢᠭᠯᠠᠵᠤ᠂ ᠨᠠᠮ ᠤᠨ ᠡᠭᠦᠷ ᠤᠨ ᠤᠳᠤᠷᠢᠳᠤᠯᠭ᠎ᠠ ᠳᠣᠤᠷᠠᠬᠢ ᠬᠡᠪᠴᠢᠶᠡᠵᠢᠭᠦᠯᠦᠨ ᠵᠠᠰᠠᠬᠤ᠂ | ᠡᠷᠴᠢᠮᠵᠢᠭᠦᠯᠦᠨ ᠡᠵᠡᠩᠨᠡᠬᠦ ᠪᠠ ︽ᠲᠠᠷᠢᠶᠠᠯᠠᠬᠤ ᠬᠠᠮᠢᠶᠠᠷᠬᠤ ᠰᠡᠷᠭᠡᠶᠢᠯᠡᠬᠦ ᠬᠤᠷᠢᠶᠠᠬᠤ︾ ᠪᠥᠬᠦ ᠬᠡᠯᠬᠢᠶ᠎ᠡ | ᠦᠶᠯᠡᠴᠢᠯᠡᠭᠡ ᠶᠢ ᠪᠡᠶᠡᠯᠡᠭᠦᠯᠪᠡ᠃ | | ︽ᠪᠢ ᠥᠪᠡᠷ ᠤᠨ ᠭᠡᠷ ᠤᠨ 30 ᠮᠦ ᠭᠠᠵᠠᠷ ᠰᠢᠷᠣᠢ ᠪᠠᠨ ᠲᠤᠬᠠᠢ ᠶᠢᠨ ᠭᠠᠵᠠᠷ ᠤᠨ ᠶᠠᠨ ᠯᠢᠶᠠᠩ ᠤᠨ | ᠲᠠᠷᠢᠶᠠᠯᠠᠩ ᠤᠨ ᠮᠠᠰᠢᠨᠴᠢᠯᠠᠭᠰᠠᠨ ᠲᠠᠷᠢᠮᠠᠯ ᠤᠨ ᠲᠤᠰᠬᠠᠢ ᠬᠤᠷᠰᠢᠶ᠎ᠠ ᠳᠤ ᠨᠠᠶᠢᠳᠠᠨ ᠬᠠᠮᠢᠶᠠᠷᠤᠭᠤᠯᠪᠠ᠂ ᠤᠳᠤ | ᠲᠠᠷᠢᠬᠤ ᠠᠴᠠ ᠬᠤᠷᠢᠶᠠᠬᠤ ᠪᠣᠯᠲᠠᠯ᠎ᠠ ᠪᠦᠷ ᠬᠤᠷᠰᠢᠶ᠎ᠠ ᠠᠴᠠ ᠬᠠᠮᠢᠶᠠᠷᠤᠨ᠎ᠠ᠂ ᠬᠤᠷᠰᠢᠶ᠎ᠠ ᠪᠠᠰᠠ ᠮᠠᠨ ᠤ ᠭᠡᠷ ᠤᠨ | ᠭᠠᠵᠠᠷ ᠰᠢᠷᠣᠢ ᠶᠢ ᠰᠠᠶᠢᠵᠢᠷᠠᠭᠤᠯᠵᠠᠢ᠂ ᠤᠳᠤ ᠤᠨᠠᠯᠲᠠ ᠨᠢ ᠥᠩᠭᠡᠷᠡᠭᠰᠡᠨ ᠤ ᠬᠢ ᠠᠴᠠ ᠶᠡᠭᠡ ᠪᠠᠷ ᠨᠡᠮᠡᠭᠳᠡᠵᠡᠢ᠃ | ᠪᠢ ᠪᠠᠰᠠ ᠬᠤᠷᠰᠢᠶᠠᠨ ᠳᠤ ᠣᠴᠢᠵᠤ ᠰᠤᠯᠠ ᠠᠵᠢᠯ ᠬᠢᠵᠦ ᠪᠣᠯᠤᠨ᠎ᠠ᠂ ᠨᠢᠭᠡ ᠵᠢᠯ ᠤᠨ ᠳᠣᠲᠣᠷ᠎ᠠ ᠢᠯᠡᠭᠦᠦ ᠠᠷᠪᠠᠨ | ᠬᠡᠳᠦᠨ ᠲᠦᠮᠡᠨ ᠲᠥᠭᠦᠷᠢᠭ ᠤᠨ ᠣᠷᠣᠯᠭ᠎ᠠ ᠣᠯᠤᠨ᠎ᠠ᠃︾ ᠭᠡᠵᠦ ᠫᠢᠩ ᠶᠤᠸᠠᠨ ᠲᠣᠰᠬᠤᠨ ᠤ ᠲᠠᠷᠢᠶᠠᠴᠢᠨ ᠵᠤᠤ | ᠳ᠋ᠧ ᠪᠠᠶᠠᠷᠲᠠᠢ ᠬᠡᠯᠡᠨ᠎ᠡ᠃ | ︽ᠬᠤᠷᠰᠢᠶ᠎ᠠ ᠭᠤᠤᠯᠳᠠᠭᠤ ᠬᠦᠬᠦᠷ ᠥᠬᠡᠶᠢᠳᠡᠭᠦᠯᠦᠭᠰᠡᠨ ᠵᠤᠭᠠᠩ ᠢ ᠰᠠᠶᠢᠵᠢᠷᠠᠭᠤᠯᠬᠤ ᠠᠷᠭ᠎ᠠ᠂ ᠬᠥᠷᠥᠰᠥ | ᠰᠢᠷᠣᠶ ᠶᠢ ᠲᠣᠬᠢᠷᠠᠭᠤᠯᠬᠤ ᠡᠳ᠋ ᠢ ᠨᠡᠬᠡᠮᠵᠢᠯᠡᠨ ᠣᠷᠣᠭᠤᠯᠵᠤ ᠬᠥᠷᠥᠰᠥ ᠰᠢᠷᠣᠶ ᠶᠢᠨ ᠪᠦᠷᠢᠯᠳᠦᠬᠦᠨ ᠢ | ᠰᠠᠶᠢᠵᠢᠷᠠᠭᠤᠯᠵᠤ᠂ ᠬᠥᠷᠥᠰᠥ ᠰᠢᠷᠣᠶ ᠶᠢᠨ ᠥᠩ ᠰᠢᠮ᠎ᠡ ᠶᠢ ᠨᠡᠮᠡᠭᠳᠡᠭᠦᠯᠬᠦ ᠪᠠᠷ ᠲᠠᠮᠵᠢᠨ ᠨᠡᠯᠢᠶᠡᠳ ᠰᠠᠶᠢᠨ ᠦᠷ᠎ᠡ | ᠪᠦᠲᠦᠮᠵᠢ ᠣᠯᠵᠠᠶ᠃ ᠲᠣᠰᠬᠤᠨ ᠤ ᠠᠷᠠᠳ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ ︿ᠲᠠᠷᠢᠶᠠᠨ ᠭᠠᠵᠠᠷ | ᠠᠴᠠ ᠵᠣᠭᠤᠰ ᠠᠪᠬᠤ﹀᠂ ᠭᠠᠵᠠᠷ ᠰᠢᠷᠣᠶ ᠪᠠᠷ ᠬᠤᠪᠢ ᠣᠷᠣᠭᠤᠯᠬᠤ ︿ᠤᠳᠠᠭᠠᠨ ᠳᠠᠭᠠᠭᠠᠮᠠᠭᠠᠶ ᠴᠢᠨᠠᠷᠲᠠᠶ ᠠᠰᠢᠭ | ᠭᠥᠷᠳᠡᠬᠦ﹀᠂ ᠨᠠᠶᠢᠳᠠᠨ ᠬᠠᠮᠢᠶᠠᠷᠤᠭᠤᠯᠵᠤ ᠦᠶᠯᠡᠴᠢᠯᠡᠬᠦ ︿ᠬᠡᠷ ᠤᠨ ᠡᠭᠦᠳᠡᠨ ᠠᠴᠠ ᠪᠠᠨ ᠵᠣᠭᠤᠰ ᠤᠯᠬᠤ﹀ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠠᠵᠠᠷ ᠰᠢᠷᠣᠶ ᠶᠢᠨ ᠲᠦᠷᠢᠶᠡᠰᠦᠨ ᠮᠥᠩᠭᠦ᠂ ᠬᠤᠪᠢ ᠣᠷᠣᠭᠤᠯᠤᠯᠲᠠ ᠶᠢᠨ | ᠠᠰᠢᠭ ᠬᠤᠪᠢᠶᠠᠷᠢᠯᠠᠯᠲᠠ᠂ ᠦᠶᠯᠡᠳᠪᠦᠷᠢᠯᠡᠯ ᠪᠠ ᠠᠵᠢᠯ ᠬᠥᠳᠡᠯᠮᠦᠷᠢ ᠵᠡᠷᠭᠡ ᠭᠤᠷᠪᠠᠨ ᠬᠤᠪᠢ ᠣᠷᠣᠯᠭ᠎ᠠ ᠶᠢ | ᠪᠡᠶᠡᠯᠡᠭᠦᠯᠵᠦ᠂ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠪᠦᠲᠦᠮᠵᠢᠲᠡᠶ ᠥᠷᠭᠡᠳᠬᠡᠨ᠂ ᠵᠢᠯ ᠪᠦᠷᠢ ᠶᠢᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠨᠠᠭᠠᠳᠤ ᠵᠠᠬ᠎ᠠ ᠳᠠᠭᠠᠨ 5 ᠲᠦᠮᠡ ᠭᠠᠷᠤᠶ ᠲᠥᠭᠦᠷᠢᠭ ᠲᠤ | ᠬᠦᠷᠭᠡᠪᠡ᠃︾ ᠭᠡᠵᠦ ᠲᠦᠴᠢᠦᠸᠠᠨ ᠰᠢᠶᠠᠨ ᠤ ᠶᠠᠨ ᠯᠢᠶᠠᠩ ᠲᠠᠷᠢᠶᠠᠯᠠᠩ ᠤᠨ ᠮᠠᠰᠢᠨᠴᠢᠯᠠᠯᠲᠠ ᠶᠢᠨ ᠲᠠᠷᠢᠮᠠᠯ ᠤᠨ | ᠲᠤᠰᠬᠠᠶ ᠬᠤᠷᠰᠢᠶ᠎ᠠ ᠶᠢᠨ ᠬᠠᠷᠢᠭᠤᠴᠠᠯᠭᠠᠲᠠᠨ ᠭᠤᠤ ᠭᠦᠸᠧ ᠶᠠᠨ ᠲᠠᠨᠢᠯᠴᠠᠭᠤᠯᠪᠠ᠃ | | ᠲᠠᠷᠢᠮᠠᠯ ᠢ ᠰᠠᠶᠢᠲᠤᠷ ᠰᠣᠩᠭᠤᠵᠤ᠂ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠯᠡᠨ᠂ ᠥᠩᠭᠡᠷᠡᠭᠰᠡᠨ ᠤ ᠬᠠᠮᠠᠷ | ᠬᠠᠳᠬᠤᠬᠤ ᠡᠪᠡᠰᠦ ᠥᠬᠡᠶ ᠭᠠᠵᠠᠷ ᠲᠤ ᠴᠤ ᠭᠠᠵᠠᠷ ᠢ ᠰᠠᠶᠢᠵᠢᠷᠠᠭᠤᠯᠬᠤ ᠪᠠ ᠭᠠᠵᠠᠷ ᠬᠡᠷᠡᠭᠯᠡᠬᠦ ᠶᠢ ᠣᠷᠭᠠᠨᠢᠭ ᠢᠶᠠᠷ | ᠤᠶᠠᠯᠳᠤᠭᠤᠯᠵᠤ ᠪᠣᠯᠤᠨ᠎ᠠ᠃ ᠣᠶᠢᠷ᠎ᠠ ᠶᠢᠨ ᠵᠢᠯ ᠤᠳ ᠲᠤ᠂ ᠬᠤᠵᠢᠷᠯᠢᠭ ᠭᠠᠵᠠᠷ ᠢ ᠵᠦᠶ ᠵᠣᠬᠢᠰᠲᠠᠶ ᠰᠠᠶᠢᠲᠤᠷ | ᠠᠰᠢᠭᠯᠠᠵᠤ᠂ ᠳᠠᠷᠢᠵᠤ ᠪᠣᠯᠬᠤ ᠭᠠᠵᠠᠷ ᠤᠨ ᠲᠠᠯᠠᠪᠠᠶ ᠶᠢ ᠨᠡᠮᠡᠭᠳᠡᠭᠦᠯᠬᠦ ᠶᠢᠨ ᠲᠥᠯᠥᠭᠡ᠂ ᠲᠦᠴᠢᠦᠸᠠᠨ ᠰᠢᠶᠠᠨ | ᠲᠠᠷᠢᠶᠠᠯᠠᠩ᠂ ᠤᠰᠤᠨ ᠠᠰᠢᠭᠯᠠᠯᠲᠠ ᠵᠡᠷᠭᠡ ᠲᠠᠯ᠎ᠠ ᠶᠢᠨ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ | ᠠᠵᠢᠯᠯᠠᠬᠤ ᠳᠤᠭᠤᠶᠢᠯᠠᠩ ᠪᠠᠶᠢᠭᠤᠯᠤᠨ ᠮᠡᠷᠭᠡᠵᠢᠯ ᠤᠨ ᠵᠢᠯᠣᠭᠤᠳᠣᠯᠭ᠎ᠠ ᠬᠢᠵᠦ᠂ ᠭᠠᠵᠠᠷ ᠰᠢᠷᠣᠶ ᠶᠢ ᠴᠡᠭᠴᠡᠯᠡᠨ | ᠵᠠᠰᠠᠬᠤ᠂ ᠬᠥᠷᠥᠰᠥ ᠰᠢᠷᠣᠶ ᠶᠢ ᠰᠠᠶᠢᠵᠢᠷᠠᠭᠤᠯᠬᠤ᠂ ᠰᠠᠶᠢᠨ ᠡᠭᠦᠯᠳᠡᠷ ᠢ ᠰᠣᠩᠭᠤᠨ ᠪᠣᠶᠢᠵᠢᠭᠤᠯᠬᠤ᠂ ᠰᠢᠨᠵᠢᠯᠡᠬᠦ | ᠤᠬᠠᠭᠠᠨᠴᠢ ᠪᠠᠷ ᠬᠠᠮᠢᠶᠠᠷᠴᠤ ᠬᠠᠮᠠᠭᠠᠯᠠᠬᠤ ᠵᠡᠷᠭᠡ ᠰᠢᠰᠲ᠋ᠧᠮᠲᠦ ᠢᠨᠵᠧᠨᠧᠷᠢᠩ ᠢ ᠬᠡᠷᠡᠭᠵᠢᠭᠦᠯᠬᠦ ᠪᠠᠷ ᠳᠠᠮᠵᠢᠭᠤᠯᠤᠨ᠂ | 1 ᠲᠦᠮᠡᠨ ᠮᠥ ᠬᠤᠵᠢᠷᠯᠢᠭ ᠭᠠᠵᠠᠷ ᠢ ᠶᠡᠷᠦᠩᠬᠡᠶᠢᠯᠡᠨ ᠨᠡᠭᠡᠭᠡᠨ ᠠᠰᠢᠭᠯᠠᠵᠤ᠂ ᠲᠦᠮᠡ ᠭᠠᠷᠤᠶ ᠮᠥ ᠬᠦᠨᠳᠦ | ᠬᠤᠵᠢᠷᠯᠢᠭ ᠭᠠᠵᠠᠷ ᠢ ︽ᠬᠤᠵᠢᠷ ᠢ ᠠᠷᠢᠯᠭᠠᠨ︾ ᠳᠠᠬᠢᠨ ᠠᠮᠢᠯᠠᠭᠤᠯᠵᠤ᠂ ᠲᠠᠷᠢᠶᠠᠴᠢᠳ ᠤᠨ ᠵᠣᠭᠤᠰ ᠮᠥᠩᠭᠦ | ᠨᠡᠮᠡᠭᠳᠡᠵᠦ᠂ ᠢᠨᠢᠶᠡᠳᠦ ᠶᠢᠨ ᠴᠢᠷᠠᠢ ᠨᠠᠩ ᠬᠡᠷᠡᠯ ᠰᠠᠴᠤᠷᠠᠩᠭᠤᠶ ᠪᠣᠯᠪᠠ᠃ ᠡᠨᠡ ᠨᠢ ᠭᠠᠵᠠᠷ ᠰᠢᠷᠣᠢ ᠶᠢᠨ | ᠰᠡᠷᠭᠦᠯᠲᠡ ᠪᠣᠯᠬᠤ ᠪᠠᠷ ᠪᠠᠷᠠᠬᠤ ᠦᠭᠡᠢ᠂ ᠨᠡᠩ ᠴᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ | ᠳᠡᠭᠡᠷᠡᠬᠢ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠪᠣᠯᠤᠨ᠎ᠠ᠃ |