ᠴᠡᠯᠡᠭᠡᠷ ᠲᠠᠯ᠎ᠠ ᠣᠯᠠᠨ ᠤᠯᠤᠰ ᠤᠨ ᠠᠮᠢᠲᠠᠨ ᠤ ᠸᠠᠺᠼᠢᠨ ᠤ ᠰᠢᠨ᠎ᠡ ᠶᠢ ᠡᠭᠦᠳᠬᠦ ᠶᠡᠭᠡ ᠬᠤᠷᠠᠯ ᠶᠠᠪᠤᠭᠳᠠᠵᠠᠢ ᠪᠣᠣ ᠰᠢᠶᠠᠨ ᠬᠤᠸᠠ ᠪᠠᠶᠠᠷ ᠤᠨ ᠦᠭᠡ ᠬᠡᠯᠡᠪᠡ
ᠨᠡᠶᠢᠲᠡᠯᠡᠭᠰᠡᠨ ᠴᠠᠭ᠄
2024/8/23
   8 ᠰᠠᠷ᠎ᠠ ᠶᠢᠨ 20 ᠤ ᠡᠳᠦᠷ᠂ ᠴᠡᠯᠡᠭᠡᠷ ᠲᠠᠯ᠎ᠠ ᠣᠯᠠᠨ ᠤᠯᠤᠰ ᠤᠨ ᠠᠮᠢᠲᠠᠨ ᠤ ᠸᠠᠺᠼᠢᠨ ᠤ ᠰᠢᠨ᠎ᠡ ᠶᠢ ᠡᠭᠦᠳᠬᠦ ᠶᠡᠭᠡ ᠬᠤᠷᠠᠯ ᠬᠥᠬᠡᠬᠤᠲᠠ ᠶᠢᠨ ᠴᠡᠯᠡᠭᠡᠷ ᠲᠠᠯ᠎ᠠ ᠣᠯᠠᠨ ᠤᠯᠤᠰ ᠤᠨ ᠬᠤᠷᠠᠯ ᠤᠨ ᠲᠥᠪ ᠲᠤ ᠶᠠᠪᠤᠭᠳᠠᠪᠠ᠃    ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠪᠣᠣ ᠰᠢᠶᠠᠨ ᠬᠤᠸᠠ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠮᠤ ᠪᠤᠳᠠᠭ᠎ᠠ ᠵᠢᠴᠢ ᠲᠠᠷᠢᠶᠠᠯᠠᠩ ᠤᠨ ᠵᠣᠬᠢᠶᠠᠨ ᠪᠠᠶᠢᠭᠤᠯᠤᠯᠲᠠ ᠶᠢᠨ ᠲᠤᠰᠠᠯᠠᠬᠤ ᠶᠡᠷᠦᠩᠬᠡᠢ ᠠᠵᠢᠯᠯᠠᠭᠴᠢ᠂ ᠮᠠᠯ ᠠᠵᠤ ᠠᠬᠤᠢ ᠶᠢᠨ ᠦᠢᠯᠡᠳᠪᠦᠷᠢᠯᠡᠯ ᠵᠢᠴᠢ ᠠᠮᠢᠲᠠᠨ ᠤ ᠡᠷᠡᠭᠦᠯ ᠬᠠᠮᠠᠭᠠᠯᠠᠯ ᠤᠨ ᠵᠤᠷᠭᠠᠨ ᠤ ᠳᠠᠷᠤᠭ᠎ᠠ ᠲᠠᠨᠠᠸᠠᠲ · ᠲᠢᠶᠠᠨᠰᠢᠨ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠵᠡᠢ᠃    ᠶᠡᠭᠡ ᠬᠤᠷᠠᠯ ᠳᠤ ᠡᠬᠢᠯᠡᠯᠲᠡ ᠶᠢᠨ ᠶᠣᠰᠣᠯᠠᠯ᠂ ᠭᠤᠣᠯ ᠵᠣᠷᠢᠯᠲᠠᠲᠤ ᠶᠠᠷᠢᠶ᠎ᠠ ᠢᠯᠡᠳᠬᠡᠯ ᠪᠠ ᠬᠤᠶᠠᠷ ᠲᠠᠯᠠᠪᠤᠷ ᠵᠡᠷᠭᠡᠴᠡᠭᠡ ᠬᠤᠷᠠᠯ ᠵᠡᠷᠭᠡ ᠭᠤᠷᠪᠠᠨ ᠵᠦᠢᠯ ᠤᠨ ᠠᠵᠢᠯᠯᠠᠭ᠎ᠠ ᠶᠢᠨ ᠠᠭᠤᠯᠭ᠎ᠠ ᠶᠢ ᠪᠠᠭᠲᠠᠭᠠᠵᠤ᠂ ︽ᠳᠤᠮᠳᠠᠳᠤ ᠤᠯᠤᠰ ᠤᠨ ᠤᠮᠠᠷᠠᠲᠤ ᠬᠢᠯᠢ · ᠠᠮᠢᠲᠠᠨ ᠤ ᠡᠷᠡᠭᠦᠯ ᠤᠨ ᠬᠤᠩᠭᠢᠯ ︾ ᠤᠨ ᠬᠥᠬᠡᠬᠤᠲᠠ ᠶᠢᠨ ᠲᠤᠩᠬᠠᠭ ᠢ ᠨᠡᠶᠢᠲᠡᠯᠡᠭᠰᠡᠨ ᠪᠠ ᠭᠠᠷ ᠤᠨ ᠦᠰᠦᠭ ᠵᠢᠷᠤᠵᠤ᠂ ︽ᠤᠯᠤᠰ ᠤᠨ ᠠᠮᠢᠳᠤ ᠭᠠᠭ᠋ᠠᠢ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠥᠪᠥᠷ ᠮᠣᠩᠭᠤᠯ ᠤᠨ ᠬᠤᠪᠢᠶᠠᠷᠢ ᠲᠥᠪ ︾ ᠤᠨ ᠫᠠᠶᠢᠰᠠ ᠶᠢ ᠰᠡᠬᠦᠪᠡ᠃
 
ᠢᠷᠡᠯᠲᠡ᠄ ᠦᠪᠦᠷ ᠮᠤᠩᠭᠤᠯ ‍ᠤᠨ‌ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠦᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号