︽ᠰᠡᠷᠢᠭᠦᠨ ᠵᠤᠭᠠᠴᠠᠯ︾ ᠨᠢ ᠬᠤᠲᠠ ᠶᠢᠨ ᠠᠮᠢᠳᠤᠷᠠᠯ ᠤᠨ ᠠᠭᠤᠷ ᠠᠮᠢᠰᠬᠤᠯ ᠢ ᠶᠢ ᠨᠠᠩ ᠬᠥᠭᠵᠢᠶᠡᠨ  ᠲᠠᠢ ᠪᠣᠯᠭᠠᠪᠠ
ᠨᠡᠶᠢᠲᠡᠯᠡᠭᠰᠡᠨ ᠴᠠᠭ᠄
2024/8/23
   ᠦᠳᠡᠰᠢ ᠶᠢᠨ ᠬᠥᠰᠢᠭᠡ ᠪᠠᠭᠤᠵᠤ᠂ ᠥᠩᠭᠡᠲᠦ ᠳ᠋ᠧᠩ ᠳᠤᠸᠠᠯᠠᠵᠤ᠂ ᠬᠥᠮᠦᠰ ᠰᠦᠯᠵᠢᠯᠳᠦᠭᠰᠡᠨ ᠰᠥᠨᠢ ᠶᠢᠨ ᠵᠠᠬ᠎ᠠ ᠳᠡᠯᠭᠡᠭᠦᠷ ᠲᠤ ᠣᠷᠣᠵᠤ ᠠᠮᠲᠠᠲᠤ ᠢᠳᠡᠭᠡᠨ ᠠᠮᠲᠠᠯᠠᠵᠤ᠂ ᠤᠷᠢᠬᠠᠨ ᠰᠠᠯᠬᠢᠨ ᠳᠤ ᠲᠣᠭᠯᠠᠯᠲᠠ ᠶᠢᠨ ᠭᠤᠶᠢᠳᠠ ᠰᠠᠶᠢᠬᠠᠨ ᠬᠦᠭ ᠠᠶᠠᠰ ᠢ ᠮᠡᠳᠡᠷᠡᠵᠦ᠂ ᠬᠤᠳᠠ ᠶᠢᠨ ᠢᠳᠡᠰᠢᠨ ᠨᠣᠭᠤᠭ᠎ᠠ ᠶᠢᠨ ᠬᠦᠷᠢᠶᠡᠯᠡᠩ ᠳᠤ ᠬᠦᠷᠴᠦ ᠠᠳᠠᠯᠢ ᠪᠤᠰᠤ ᠣᠶᠢᠯᠠᠭᠠᠯᠲᠠ ᠶᠢ ᠬᠠᠶᠢᠨ ᠰᠦᠪᠡᠭᠴᠢᠯᠡᠨ᠎ᠡ…… ᠡᠨᠡ ᠵᠤᠨ ᠠᠴᠠ ᠨᠠᠭᠠᠰᠢ᠂ ᠲᠦᠴᠢᠦᠸᠠᠨ ᠰᠢᠶᠠᠨ ᠳᠤ ︽ᠰᠥᠨᠢ ᠶᠢᠨ ᠵᠤᠭᠠᠴᠠᠯ︾᠂ ︽ᠰᠥᠨᠢ ᠶᠢᠨ ᠢᠳᠡᠭᠡᠨ︾᠂ ︽ᠰᠥᠨᠢ ᠶᠢᠨ ᠲᠣᠭᠯᠠᠯᠲᠠ︾ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠪᠠᠶᠢᠳᠠᠯ᠂ ᠥᠷᠨᠢᠭᠦᠨ ᠬᠥᠭᠵᠢᠭᠰᠡᠨ ᠰᠥᠨᠢ ᠶᠢᠨ ᠠᠵᠤ ᠠᠬᠤᠢ ᠨᠢ ᠬᠤᠳᠠ ᠶᠢᠨ ᠬᠥᠭᠵᠢᠯᠲᠡ ᠳᠤ ᠰᠢᠨ᠎ᠡ ᠬᠥᠳᠡᠯᠭᠡᠬᠦ ᠡᠨᠧᠷᠭᠢ ᠨᠡᠮᠡᠷᠢᠯᠡᠪᠡ᠃
   ᠤᠷᠤᠢ ᠶᠢᠨ 8 ᠴᠠᠭ ᠲᠤ ᠲᠦᠴᠢᠦᠸᠠᠨ ᠰᠢᠶᠠᠨ ᠤ ᠲᠦᠴᠢᠦᠸᠠᠨ ᠪᠠᠯᠭᠠᠰᠤᠨ ᠤ ᠨᠠᠨ ᠰᠢᠶᠠᠩ ᠬᠤᠳᠠ ᠶᠢᠨ ᠨᠣᠭᠤᠭ᠎ᠠ ᠶᠢᠨ ᠬᠦᠷᠢᠶᠡᠯᠡᠩ ᠳᠤ ᠮᠥᠨ ᠯᠡ ᠬᠥᠮᠦᠨ ᠬᠠᠷ᠎ᠠ ᠴᠤᠭᠯᠠᠷᠠᠨ᠎ᠠ᠃ ᠳ᠋ᠧᠩ ᠤᠨ ᠬᠡᠷᠡᠯ ᠳᠤᠸᠠᠯᠠᠭᠰᠠᠨ ᠵᠤᠭ᠎ᠠ ᠴᠡᠩᠭᠡᠯ ᠤᠨ ᠲᠠᠯᠠᠪᠤᠷ᠂ ᠰᠥᠨᠢ ᠶᠢᠨ ᠣᠭᠲᠠᠷᠭᠤᠶ ᠶᠢ ᠭᠡᠶᠢᠭᠦᠯᠦᠭᠰᠡᠨ ᠬᠡᠷᠡᠯ ᠰᠡᠭᠦᠳᠡᠷ ᠤᠨ ᠡᠯᠧᠮᠧᠨ᠋ᠲ᠂ ᠭᠤᠶᠢᠳᠠ ᠰᠠᠶᠢᠬᠠᠨ ᠭᠤᠤᠯ ᠰᠡᠳᠦᠪᠲᠦ ᠲᠣᠭᠯᠠᠯᠲᠠ᠂ ᠥᠪᠡᠷᠮᠢᠴᠡ ᠣᠨᠴᠠᠯᠢᠭ ᠲᠠᠢ ᠭᠤᠤᠯ ᠰᠡᠳᠦᠪᠲᠦ ᠢᠳᠡᠭᠡᠨ ᠤᠮᠳᠠᠭᠠᠨ ᠨᠢ ᠪᠦᠯᠦᠭᠯᠡᠨ ᠴᠤᠭᠯᠠᠷᠠᠭᠰᠠᠨ ᠵᠢᠭᠤᠯᠴᠢᠳ ᠤᠨ ᠠᠩᠬᠠᠷᠤᠯ ᠢ ᠲᠠᠲᠠᠵᠤ ᠺᠠᠷᠲ ᠪᠦᠷᠢᠳᠬᠡᠭᠦᠯᠬᠦ ᠪᠠᠷ ᠢᠷᠡᠪᠡ᠃
   ︽ᠬᠠᠰᠬᠢᠷᠤᠬᠤ ᠣᠷᠭᠢᠯᠤᠮᠠᠯ ᠪᠤᠯᠠᠭ ᠮᠠᠰᠢ ᠰᠣᠨᠢᠷᠬᠠᠯᠲᠠᠶ᠂ ᠲᠠᠭᠤ ᠨᠢ ᠬᠡᠳᠦᠶ ᠣᠷᠳᠣ ᠪᠣᠯ ᠣᠷᠭᠢᠯᠤᠮᠠᠯ ᠪᠤᠯᠠᠭ ᠲᠡᠳᠦᠶ ᠥᠨᠳᠥᠷ ᠰᠦᠷᠴᠢᠨ᠎ᠡ᠃ ᠮᠠᠰᠢ ᠨᠠᠭᠠᠳᠬᠤ ᠳᠤᠷᠠᠲᠠᠶ᠂ ᠨᠢᠭᠡᠨᠲᠡ ᠣᠯᠠᠨ ᠤᠳᠠᠭ᠎ᠠ ᠨᠠᠭᠠᠳᠪᠠ᠃︾ ᠭᠡᠵᠦ ᠵᠢᠭᠤᠯᠴᠢᠯᠠᠭᠴᠢ ᠯᠢᠨ ᠶᠢᠩ ᠪᠠᠶᠠᠷᠲᠠᠶ ᠬᠡᠯᠡᠨ᠎ᠡ᠃ ᠨᠠᠩ ᠣᠯᠠᠨ ᠵᠤᠭᠠᠴᠠᠭᠰᠠᠳ ᠢ ᠲᠠᠲᠠᠬᠤ ᠶᠢᠨ ᠲᠥᠯᠥᠭᠡ᠂ ᠨᠠᠨ ᠰᠢᠶᠠᠩ ᠬᠤᠲᠠ ᠶᠢᠨ ᠨᠣᠭᠤᠭ᠎ᠠ ᠶᠢᠨ ᠬᠦᠷᠢᠶᠡᠯᠡᠩ ᠨᠢ ᠨᠡᠭᠦᠳᠡᠯ ᠤᠰᠤᠨ ᠰᠢᠰᠲ᠋ᠧᠮ ᠢᠶᠠᠷ ᠭᠤᠤᠯ ᠱᠤᠭᠤᠮ ᠪᠣᠯᠭᠠᠵᠤ᠂ ᠲᠠᠶᠢᠰᠠᠨ ᠤ ᠲᠣᠭᠤᠷᠢᠭ᠂ ᠪᠣᠷᠣ ᠣᠷᠢᠶᠠᠩᠭᠤ ᠶᠢᠨ ᠣᠷᠳᠣ ᠬᠤᠩᠭᠢᠯ᠂ ᠡᠯᠭᠦᠮᠡᠯ ᠳᠡᠪᠦᠷ᠎ᠡ᠂ ᠪᠢᠴᠢᠯ ᠠᠮᠢᠲᠠᠨ ᠤ ᠬᠦᠷᠢᠶᠡᠯᠡᠩ᠂ ᠬᠠᠰᠬᠢᠷᠤᠬᠤ ᠪᠤᠯᠠᠭ ᠢ ᠬᠤᠯᠪᠣᠭᠰᠠᠨ ᠪᠡᠶᠡᠴᠢ ᠱᠠᠩᠨᠠᠯ ᠤᠨ ᠣᠷᠣᠨ ᠢ ᠵᠢᠷᠤᠵᠤ ᠲᠥᠯᠥᠪᠯᠡᠨ᠂ ᠬᠦᠷᠢᠶᠡᠯᠡᠩ ᠲᠣᠭᠤᠷᠢᠭ ᠤᠨ ᠳᠣᠲᠣᠷᠠᠬᠢ ᠬᠤᠸᠠᠷ ᠴᠡᠴᠡᠭ ᠡᠪᠡᠰᠦ ᠮᠣᠳᠣ ᠶᠢ ᠰᠢᠨᠡᠳᠬᠡᠵᠦ᠂ ᠵᠤᠭᠠᠴᠠᠭᠰᠠᠳ ᠲᠤ ᠰᠣᠨᠢᠷᠬᠠᠵᠤ ᠪᠣᠯᠬᠤ ᠪᠥᠭᠡᠳ ᠨᠠᠭᠠᠳᠴᠤ ᠪᠣᠯᠬᠤ᠂ ᠠᠮᠲᠠᠯᠠᠵᠤ ᠪᠣᠯᠬᠤ ᠴᠢᠨᠠᠷ ᠰᠠᠶᠢᠲᠠᠶ ᠵᠢᠭᠤᠯᠴᠢᠯᠠᠯ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠴᠡᠶ᠃
   ᠡᠨᠡ ᠵᠢᠯ᠂ ᠲᠦᠴᠢᠦᠸᠠᠨ ᠰᠢᠶᠠᠨ ᠤ ᠲᠦᠴᠢᠦᠸᠠᠨ ᠪᠠᠯᠭᠠᠰᠤᠨ ᠤ ᠬᠢᠨ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠵᠤ᠂ ᠡᠮᠦᠨ᠎ᠡ ᠲᠣᠭᠤᠷᠢᠭ ᠤᠨ ᠬᠤᠳᠠ ᠶᠢᠨ ᠨᠣᠭᠤᠭ᠎ᠠ ᠶᠢᠨ ᠬᠦᠷᠢᠶᠡᠯᠡᠩ ᠢ ᠲᠡᠰ ᠳᠡᠪᠰᠢᠭᠦᠯᠦᠨ ᠥᠭᠡᠷᠡᠴᠢᠯᠡᠨ ᠪᠠᠶᠢᠭᠤᠯᠬᠤ ᠢᠨᠵᠧᠨᠧᠷᠢᠩ ᠢ ᠢᠳᠡᠪᠬᠢᠲᠡᠢ ᠲᠥᠯᠥᠪᠵᠢᠭᠦᠯᠦᠨ ᠬᠡᠷᠡᠭᠵᠢᠭᠦᠯᠵᠦ᠂ ᠡᠮᠦᠨ᠎ᠡ ᠲᠣᠭᠤᠷᠢᠭ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠦᠷᠦᠯ ᠵᠦᠢᠯ ᠢ ᠭᠤᠣᠯᠳᠠᠯᠭ᠎ᠠ ᠲᠠᠢ ᠪᠠᠶᠢᠭᠤᠯᠵᠤ᠂ ᠲᠣᠭᠤᠷᠢᠨ ᠦᠵᠡᠵᠦ ᠰᠡᠯᠡᠭᠦᠴᠡᠬᠦ ︽ᠤᠭᠤᠲᠠᠲᠤ ᠴᠡᠴᠡᠷᠯᠢᠭ︾᠂ ᠲᠠᠷᠢᠶᠠᠯᠠᠬᠤ  ᠶᠢ ᠰᠤᠳᠤᠯᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠦᠷᠢᠶᠡᠯᠡᠩ ᠲᠣᠭᠤᠷᠢᠭ᠂ ᠨᠠᠭᠠᠳᠴᠤ ᠴᠡᠩᠭᠡᠬᠦ ᠬᠡᠦᠬᠡᠳ  ᠤᠨ ᠴᠡᠴᠡᠷᠯᠢᠭ ᠢ ᠨᠢᠭᠡ ᠴᠤᠬᠴᠠᠵᠢᠭᠤᠯᠤᠬᠰᠠᠨ ︽ᠭᠤᠷᠪᠠᠨ ᠬᠦᠷᠢᠶᠡᠯᠡᠩ︾ ᠤᠨ ᠪᠠᠶᠢᠷᠢᠰᠢᠭᠤᠯᠤᠯᠲᠠ ᠶᠢ ᠪᠦᠷᠢᠯᠳᠦᠭᠦᠯᠵᠦ᠂ ᠬᠤᠳᠠ ᠶᠢᠨ ᠤᠢᠢᠷ᠎ᠠ ᠲᠡᠭᠦᠷᠭᠡ ᠶᠢᠨ ᠲᠠᠷᠢᠶᠠᠯᠠᠩ ᠤᠨ ᠰᠣᠶᠣᠯ ᠵᠢᠭᠤᠯᠴᠢᠯᠠᠯ ᠢ ᠠᠭᠤᠰᠤᠯᠴᠠᠭᠤᠯᠤᠭᠰᠠᠨ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ ᠶᠢ ᠦᠨᠡᠨ ᠬᠦ ᠴᠣᠭᠴᠠᠯᠠᠨ᠎ᠠ᠃
   ︽ᠵᠤᠭ᠎ᠠ ᠴᠡᠩᠭᠡᠯ ᠤᠨ ᠬᠦᠷᠢᠶᠡᠯᠡᠩ 23 ᠵᠦᠶᠯ ᠤᠨ ᠵᠤᠭ᠎ᠠ ᠴᠡᠩᠭᠡᠯ ᠤᠨ ᠲᠥᠬᠦᠭᠡᠷᠦᠮᠵᠢ ᠶᠢ ᠬᠠᠮᠤᠷᠴᠤ᠂ ᠡᠳᠦᠷ ᠪᠦᠷᠢ ᠶᠢᠨ ᠲᠠᠯᠠᠪᠠᠶ ᠳᠤ ᠣᠷᠣᠬᠤ ᠬᠥᠮᠦᠨ ᠤᠳᠠᠭ᠎ᠠ ᠨᠢ ᠪᠠᠷᠤᠭ 100 ᠬᠥᠮᠦᠨ ᠤᠳᠠᠭ᠎ᠠ ᠣᠷᠴᠢᠮ ᠪᠠᠶᠢᠵᠤ᠂ 4000 ᠲᠥᠭᠦᠷᠢᠭ ᠤᠨ ᠠᠰᠢᠭ ᠣᠷᠣᠯᠭ᠎ᠠ ᠶᠢ ᠪᠡᠶᠡᠯᠡᠭᠦᠯᠵᠦ ᠪᠣᠯᠤᠨ᠎ᠠ᠃︾ ᠭᠡᠵᠦ ᠨᠠᠨ ᠰᠢᠶᠠᠩ ᠬᠤᠲᠠ ᠶᠢᠨ ᠨᠣᠭᠤᠭ᠎ᠠ ᠶᠢᠨ ᠬᠦᠷᠢᠶᠡᠯᠡᠩ ᠤᠨ ᠲᠣᠭᠯᠠᠭᠠᠮ ᠤᠨ ᠭᠠᠵᠠᠷ ᠤᠨ ᠬᠠᠷᠢᠭᠤᠴᠠᠯᠭᠠᠲᠠᠨ ᠸᠠᠩ ᠵᠢᠶᠠᠨ ᠲᠠᠨᠢᠯᠴᠠᠭᠤᠯᠤᠨ᠎ᠠ᠃
   ᠣᠳᠣ ᠨᠠᠨ ᠰᠢᠶᠠᠩ ᠬᠤᠲᠠ ᠶᠢᠨ ᠨᠣᠭᠤᠭ᠎ᠠ ᠶᠢᠨ ᠬᠦᠷᠢᠶᠡᠯᠡᠩ ᠤᠨ ᠰᠥᠨᠢ ᠶᠢᠨ ᠵᠤᠭᠠᠴᠠᠯ ᠤᠨ ᠪᠦᠲᠦᠭᠡᠭᠳᠡᠬᠦᠨ ᠲᠠᠰᠤᠷᠠᠯᠲᠠ ᠦᠭᠡᠶ ᠡᠯᠪᠡᠭᠵᠢᠵᠦ ᠪᠠᠶᠢᠨ᠎ᠠ᠃ ᠤᠨᠴᠠᠯᠢᠭᠲᠤ ᠠᠮᠲᠠᠲᠤ ᠢᠳᠡᠭᠡᠨ ᠪᠠ ᠤᠨᠴᠠᠯᠢᠭᠲᠤ ᠰᠣᠶᠣᠯ ᠤᠨ ᠥᠩᠭᠡᠷᠡᠭᠡᠯᠲᠡ ᠨᠢ ᠵᠢᠭᠤᠯᠴᠢᠳ ᠲᠤ ᠨᠠᠨ ᠰᠢᠶᠠᠩ ᠬᠤᠲᠠ ᠶᠢᠨ ᠨᠣᠭᠤᠭ᠎ᠠ ᠶᠢᠨ ᠬᠦᠷᠢᠶᠡᠯᠡᠩ ᠤᠨ ᠥᠪᠡᠷᠮᠢᠴᠡ ᠷᠢᠳᠢ ᠰᠢᠳᠢ ᠶᠢ ᠮᠡᠳᠡᠷᠡᠭᠦᠯᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号