ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶ᠎ᠠ ᠨᠠᠶᠠᠨ ᠲᠠᠪᠤᠳᠤᠭᠠᠷ ᠬᠤᠷᠠᠯᠳᠤᠭᠠᠨ ᠵᠢᠴᠢ ᠰᠢᠶᠠᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/24
    8 ᠰᠠᠷ᠎ᠠ ᠶᠢᠨ 23 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠱᠤᠸᠠᠩ ᠴᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠨᠠᠶᠠᠨ ᠲᠠᠪᠤᠳᠤᠭᠠᠷ ᠬᠤᠷᠠᠯᠳᠤᠭᠠᠨ ᠵᠢᠴᠢ ᠰᠢᠶᠠᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠪᠠ᠃ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠼᠠᠢ ᠴᠢ ᠨᠥᠬᠦᠷ ᠤᠨ ᠬᠠᠮᠢᠶ᠎ᠠ ᠪᠥᠬᠦᠶ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠰᠣᠶᠣᠯ ᠤᠨ ᠪᠠ ᠪᠠᠶᠢᠭᠠᠯᠢ ᠶᠢᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠵᠤ ᠠᠰᠢᠭᠯᠠᠬᠤ ᠠᠵᠢᠯ ᠢ ᠴᠢᠩᠭᠠᠳᠬᠠᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠂ 8 ᠰᠠᠷ᠎ᠠ ᠶᠢᠨ 16 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠠᠶᠢᠮᠠᠭ ᠤᠨ ᠴᠢᠳᠠᠪᠤᠷᠢᠲᠠᠨ ᠤ ᠠᠵᠢᠯ ᠤᠨ ᠲᠤᠬᠠᠶ ᠴᠢᠬᠤᠯᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ 2023 ᠣᠨ ᠤ ᠬᠢᠩᠭᠠᠨ ᠠᠶᠢᠮᠠᠭ ᠤᠨ ᠨᠠᠮ ᠤᠨ ᠪᠠᠶᠢᠭᠤᠯᠤᠯᠲᠠ ᠶᠢᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠨ ᠶᠠᠷᠢᠯᠴᠠᠬᠤ ᠬᠤᠷᠠᠯ ᠠᠴᠠ ᠳᠤᠷᠠᠳᠤᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠢᠨᠠᠯᠲᠠ ᠲᠠᠯᠪᠢᠵᠤ ᠰᠠᠬᠢᠯᠭ᠎ᠠ ᠪᠠᠲᠤ ᠬᠡᠷᠡᠭᠵᠢᠭᠦᠯᠬᠦ ᠶᠢ ᠬᠡᠷᠬᠢᠨ ᠴᠢᠩᠭᠠᠳᠬᠠᠬᠤ᠂ ᠠᠵᠢᠯ ᠤᠨ ᠰᠤᠷᠲᠠᠯ ᠢᠶᠠᠨ ᠬᠡᠷᠬᠢᠨ ᠬᠤᠪᠢᠷᠠᠭᠤᠯᠬᠤ ᠲᠤᠬᠠᠶ ᠲᠤᠰᠬᠠᠶ ᠰᠡᠳᠦᠪᠲᠦ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ︽ᠲᠦᠴᠢᠦᠸᠠᠨ ᠰᠢᠶᠠᠨ ᠤ ᠦᠵᠡᠰᠬᠦᠯᠡᠩᠲᠦ ᠰᠠᠶᠢᠬᠠᠨ ᠬᠢᠩᠭᠠᠨ ᠠᠶᠢᠮᠠᠭ ᠤᠨ ᠪᠥᠲᠥᠭᠡᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠡᠭᠦᠷᠭᠡ ᠵᠢᠴᠢ ᠭᠤᠤᠯ ᠬᠠᠷᠠᠯᠲᠠ︾ ︽ᠲᠦᠴᠢᠦᠸᠠᠨ ᠰᠢᠶᠠᠨ ᠤ 2024 ᠣᠨ ᠤ ᠦᠵᠡᠰᠬᠦᠯᠡᠩᠲᠦ ᠰᠠᠶᠢᠬᠠᠨ ᠬᠢᠩᠭᠠᠨ ᠠᠶᠢᠮᠠᠭ ᠤᠨ ᠪᠥᠲᠥᠭᠡᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠬᠤ ᠨᠠᠷᠢᠨ ᠲᠠᠩᠰᠠ︾ ᠶᠢ ᠰᠤᠳᠤᠯᠤᠨ ᠬᠢᠨᠠᠨ ᠵᠥᠪᠯᠡᠪᠡ᠃ ᠪᠥᠬᠦ ᠰᠢᠶᠠᠨ ᠤ ᠭᠤᠤᠯᠳᠠᠯᠭ᠎ᠠ ᠲᠠᠢ ᠠᠵᠢᠯ᠂ ᠭᠤᠤᠯᠳᠠᠯᠭ᠎ᠠ ᠲᠠᠢ ᠲᠥᠷᠥᠯ ᠵᠦᠶᠯ᠂ ᠭᠤᠤᠯᠳᠠᠯᠭ᠎ᠠ ᠲᠠᠢ ᠢᠨᠵᠧᠨᠧᠷᠢᠩ ᠵᠢᠴᠢ ᠭᠤᠤᠯ ᠪᠣᠯᠬᠤ ᠠᠵᠤ ᠠᠬᠤᠶ ᠶᠢᠨ ᠭᠦᠶᠴᠡᠳᠬᠡᠯ ᠲᠤᠭ᠎ᠠ ᠶᠢᠨ ᠠᠵᠢᠯᠯᠠᠭᠠᠨ ᠤ ᠪᠠᠶᠢᠳᠠᠯ᠂ ᠲᠠᠪᠤᠨ ᠶᠡᠭᠡ ᠡᠭᠦᠷᠭᠡ ᠵᠢᠴᠢ ᠪᠥᠬᠦ ᠠᠶᠢᠮᠠᠭ ᠤᠨ ᠣᠨ ᠤ ᠬᠢᠨᠠᠨ ᠰᠢᠯᠭᠠᠬᠤ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠢ ᠵᠠᠷᠯᠠᠨ ᠮᠡᠳᠡᠭᠳᠡᠨ᠎ᠡ᠃ ᠬᠤᠷᠠᠯ ᠠᠴᠠ ᠪᠠᠰᠠ ᠡᠨᠡ ᠵᠢᠯ ᠤᠨ 9 ᠰᠠᠷ᠎ᠠ ᠠᠴᠠ 12 ᠰᠠᠷ᠎ᠠ ᠪᠣᠯᠲᠠᠯᠠᠬᠢ ᠪᠦᠬᠦ ᠰᠢᠶᠠᠨ ᠤ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠲᠤᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠱᠠᠭᠠᠷᠳᠠᠭᠰᠠᠨ ᠨᠢ᠂ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠦᠨᠡᠨ ᠬᠦ ᠠᠬᠢᠭᠤᠯᠬᠤ ᠬᠡᠷᠡᠭᠲᠡᠢ᠃ ᠠᠶᠢᠮᠠᠭ ᠤᠨ ᠨᠠᠮ ᠤᠨ ᠪᠠᠶᠢᠭᠤᠯᠤᠯᠲᠠ ᠶᠢᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠠᠴᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠦᠷᠭᠦᠯᠵᠢᠯᠡᠨ ᠴᠢᠩᠭ᠎ᠠ ᠠᠩᠬᠠᠷᠴᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠰᠢᠶᠠᠨ ᠤ ᠳᠥᠷᠪᠡᠨ ᠶᠡᠭᠡ ᠤᠳᠤᠷᠢᠳᠬᠤ ᠪᠠᠭ ᠤᠨ ᠬᠢᠨ ᠳᠡᠭᠡᠳᠦ ᠱᠠᠲᠤ ᠨᠢ ᠳᠤᠤᠷᠠᠳᠤ ᠱᠠᠲᠤ ᠪᠠᠨ ᠳᠠᠭᠠᠭᠤᠯᠵᠤ᠂ ᠵᠢᠱᠢᠶ᠎ᠡ ᠦᠵᠡᠭᠦᠯᠦᠨ ᠳᠠᠭᠠᠭᠤᠯᠵᠤ᠂ ︽ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ︾ ᠶᠢ ᠴᠢᠩᠭ᠎ᠠ ᠭᠦᠶᠴᠡᠳᠬᠡᠬᠦ ᠬᠡᠷᠡᠭᠲᠡᠶ᠃ ᠪᠠᠶᠢᠭᠤᠯᠭ᠎ᠠ ᠶᠢᠨ ᠠᠵᠢᠯ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠺᠠᠳ᠋ᠷ ᠤᠨ ᠡᠩᠨᠡᠭᠡ ᠶᠢ ᠴᠢᠩᠭ᠎ᠠ ᠬᠠᠮᠢᠶᠠᠷᠴᠤ᠂ ᠬᠢᠨᠠᠯᠲᠠ ᠲᠠᠯᠪᠢᠬᠤ ᠰᠠᠬᠢᠯᠭ᠎ᠠ ᠪᠠᠲᠤ ᠶᠢ ᠬᠡᠷᠡᠭᠵᠢᠭᠦᠯᠬᠦ ᠪᠠᠨ ᠴᠢᠩᠭᠠᠳᠬᠠᠵᠤ᠂ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠵᠠᠷᠯᠠᠨ ᠮᠡᠳᠡᠭᠳᠡᠵᠦ ᠢᠯᠡᠴᠢᠯᠡᠬᠦ ᠡᠷᠴᠢᠮ ᠢᠶᠠᠨ ᠴᠢᠩᠭᠠᠷᠠᠭᠤᠯᠵᠤ᠂ ᠰᠡᠷᠡᠮᠵᠢᠯᠡᠭᠦᠯᠦᠨ ᠰᠦᠷᠳᠡᠭᠦᠯᠬᠦ ᠦᠢᠯᠡᠳᠦᠯ ᠦᠵᠡᠭᠦᠯᠬᠦ ᠬᠡᠷᠡᠭᠲᠡᠢ᠃ ᠲᠠᠪᠤᠨ ᠶᠡᠭᠡ ᠡᠭᠦᠷᠭᠡ ᠪᠠ ︽ᠵᠢᠷᠭᠤᠭᠠᠨ ᠢᠨᠵᠧᠨᠧᠷᠢᠩ︾ ᠤᠨ ᠭᠦᠶᠴᠡᠳᠬᠡᠯ ᠲᠤᠭ᠎ᠠ ᠪᠠ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠲᠠᠢ ᠬᠠᠷᠭᠤᠭᠤᠯᠵᠤ᠂ ᠲᠣᠬᠢᠷᠠᠭᠤᠯᠤᠨ ᠠᠬᠢᠭᠤᠯᠬᠤ ᠡᠷᠴᠢᠮ ᠢᠶᠠᠨ ᠴᠢᠩᠭᠠᠷᠠᠭᠤᠯᠤᠨ᠂ ᠳᠤᠲᠠᠭᠤᠳᠠᠯ ᠢᠶᠠᠨ ᠪᠥᠬᠦ ᠲᠠᠯ᠎ᠠ ᠪᠠᠷ ᠪᠠᠶᠢᠴᠠᠭᠠᠨ ᠨᠥᠬᠦᠪᠥᠷᠢᠯᠡᠵᠦ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ ᠠᠵᠢᠯ ᠤᠨ ᠡᠭᠦᠷᠭᠡ ᠪᠠᠨ ᠡᠷᠲᠡᠬᠡᠨ ᠪᠡᠶᠡᠯᠡᠭᠦᠯᠬᠦ ᠬᠡᠷᠡᠭᠲᠡᠶ ᠭᠡᠪᠡ᠃    ᠬᠤᠷᠠᠯ ᠠᠴᠠ ᠴᠢᠬᠤᠯᠠᠴᠢᠯᠠᠭᠰᠠᠨ ᠨᠢ᠂ ᠠᠵᠤ ᠠᠬᠤᠶ ᠶᠢᠨ ᠡᠷᠭᠢᠯᠲᠡ ᠶᠢᠨ ᠲᠣᠬᠢᠷᠠᠭᠤᠯᠤᠯᠲᠠ ᠶᠢ ᠰᠠᠶᠢᠲᠤᠷ ᠠᠳᠬᠤᠵᠤ᠂ ᠡᠩ ᠤᠨ ᠴᠢᠨᠠᠷᠲᠠᠶ ᠲᠣᠬᠢᠷᠠᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠨᠠᠩ ᠣᠯᠠᠨ ᠪᠦᠲᠦᠮᠵᠢᠲᠡᠶ ᠪᠠᠯᠠ ᠣᠷᠣᠭᠤᠯᠤᠯᠲᠠ ᠶᠢ ᠪᠦᠷᠢᠯᠳᠦᠭᠦᠯᠵᠦ᠂ ᠴᠠᠭ ᠲᠤᠬᠠᠶ ᠳᠤᠨᠢ ᠨᠢᠭᠡᠳᠦᠯᠲᠡᠶ ᠳᠤ ᠣᠷᠣᠭᠤᠯᠬᠤ ᠬᠡᠷᠡᠭᠲᠡᠶ᠃ ᠠᠵᠤ ᠠᠬᠤᠶᠢᠯᠠᠯ ᠢ ᠬᠠᠪᠰᠤᠷᠤᠨ ᠪᠣᠳᠠᠲᠠᠶ ᠠᠰᠠᠭᠤᠳᠠᠯ ᠢ ᠨᠢ ᠰᠢᠶᠳᠪᠦᠷᠢᠯᠡᠨ ᠥᠭᠴᠦ᠂ ᠭᠤᠷᠪᠠᠳᠤᠭᠠᠷ᠂ ᠳᠥᠷᠪᠡᠳᠦᠭᠡᠷ ᠤᠯᠠᠷᠢᠯ ᠤᠨ ᠢᠯᠠᠯᠲᠠ ᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠶ᠃ 2025 ᠣᠨ ᠤ ᠭᠤᠣᠯᠳᠠᠯᠭ᠎ᠠ ᠲᠠᠢ ᠲᠦᠷᠦᠯ ᠵᠦᠢᠯ ᠢ ᠡᠷᠲᠡᠬᠡᠨ ᠲᠥᠯᠥᠪᠵᠢᠭᠦᠯᠦᠨ ᠠᠬᠢᠭᠤᠯᠵᠤ᠂ ᠢᠷᠡᠬᠦ ᠵᠢᠯ ᠤᠨ ᠠᠵᠢᠯ ᠳᠤ ᠰᠠᠶᠢᠲᠤᠷ ᠰᠠᠭᠤᠷᠢ ᠲᠠᠯᠪᠢᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠰᠠᠶᠢᠲᠤᠷ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠠᠵᠢᠯ ᠤᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ᠃ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠰᠠᠶᠢᠲᠤᠷ ᠠᠳᠬᠤᠵᠤ᠂ ᠵᠢᠭᠰᠠᠭᠠᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠶᠤᠯ ᠲᠦᠭᠰᠢᠭᠦᠷᠢ ᠶᠢᠨ ᠬᠡᠮ ᠰᠣᠭᠤᠭ ᠢ ᠴᠤᠬᠤᠶᠢᠯᠲᠠ ᠶᠢᠨ ᠪᠠᠶᠢᠳᠠᠯ ᠳᠤᠨᠢ ᠠᠷᠢᠯᠭᠠᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠣᠪᠣᠷ ᠢᠶᠠᠷ ᠰᠢᠶᠠᠨ ᠤ ᠬᠡᠪᠴᠢᠶᠡᠨ ᠳᠠᠬᠢ ᠭᠤᠤᠯ ᠮᠥᠷᠡᠨ᠂ ᠠᠭᠤᠯᠠ ᠤᠰᠤ᠂ ᠲᠠᠷᠢᠶᠠᠨ ᠭᠠᠵᠠᠷ᠂ ᠣᠶ ᠰᠢᠭᠤᠶ ᠨᠤᠲᠤᠭ ᠪᠡᠯᠴᠢᠭᠡᠷ ᠨᠢᠭᠡᠪᠦᠷᠢ ᠶᠢ ᠰᠠᠶᠢᠲᠤᠷ ᠬᠠᠮᠠᠭᠠᠯᠠᠬᠤ ᠬᠡᠷᠡᠭᠲᠡᠶ᠃ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠪᠠᠲᠤᠯᠠᠬᠤ ᠠᠵᠢᠯ ᠢ ᠰᠠᠶᠢᠲᠤᠷ ᠠᠳᠬᠤᠵᠤ᠂ ︽ᠭᠤᠷᠪᠠ ᠶᠢ ᠬᠠᠮᠢᠶᠠᠷᠬᠤ ᠭᠤᠷᠪᠠᠨ ᠡᠷᠬᠡᠪᠰᠢ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ᠂ ᠦᠶᠡᠷ ᠢ ᠰᠡᠷᠭᠡᠶᠢᠯᠡᠬᠦ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ ᠵᠡᠷᠭᠡ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠪᠦᠬᠦ ᠰᠢᠶᠠᠨ ᠤ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠵᠡᠷᠭᠡ ᠭᠤᠤᠯᠳᠠᠯᠭ᠎ᠠ ᠲᠠᠢ ᠠᠵᠢᠯ ᠢ ᠰᠠᠶᠢᠲᠤᠷ ᠠᠳᠬᠤᠵᠤ᠂ ᠭᠤᠤᠯ ᠴᠣᠭᠴᠠ ᠶᠢᠨ ᠬᠠᠷᠢᠭᠤᠴᠠᠯᠭ᠎ᠠ᠂ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠶᠴᠡᠳᠬᠡᠵᠦ᠂ ᠤᠯᠠᠭᠠᠨ ᠱᠤᠭᠤᠮ ᠢ ᠴᠢᠩᠭ᠎ᠠ ᠰᠠᠬᠢᠬᠤ᠂ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ᠂ ᠬᠤᠷᠢᠭ᠎ᠠ ᠱᠤᠭᠤᠮ ᠢ ᠪᠠᠲᠤ ᠰᠠᠬᠢᠬᠤ ᠶᠢ ᠡᠷᠡᠰ ᠪᠡᠶᠡᠯᠡᠭᠦᠯᠵᠦ ᠂ ᠣᠯᠠᠨ ᠲᠦᠮᠡᠨ ᠤ ᠠᠩᠬᠠᠷᠴᠤ ᠬᠠᠯᠠᠮᠵᠢᠯᠠᠵᠤ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ᠂ ᠲᠦᠭᠵᠢᠷᠡᠯ ᠲᠥᠪᠯᠡᠷᠡᠯ ᠤᠨ ᠴᠡᠭ ᠠᠰᠠᠭᠤᠳᠠᠯ ᠢ ᠰᠡᠳᠬᠢᠯ ᠳᠡᠯᠪᠢᠨ ᠰᠠᠶᠢᠲᠤᠷ ᠰᠢᠶᠳᠪᠦᠷᠢᠯᠡᠵᠦ᠂ ᠳᠠᠷᠤᠭᠠᠰᠤ ᠶᠢ ᠬᠥᠩᠭᠡᠷᠡᠭᠦᠯᠬᠦ ᠪᠠᠷ ᠣᠯᠠᠨ ᠲᠦᠮᠡᠨ ᠤ ᠦᠶᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠠᠳᠬᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂ ᠡᠯ᠎ᠡ ᠵᠦᠢᠯ ᠤᠨ ᠡᠭᠦᠳᠦᠨ ᠪᠠᠶᠢᠭᠤᠯᠬᠤ ᠡᠭᠦᠷᠭᠡ ᠶᠢ ᠯᠠᠪᠳᠠᠭᠤᠨ ᠪᠠᠲᠤᠲᠠᠢ ᠰᠠᠶᠢᠲᠤᠷ ᠪᠡᠶᠡᠯᠡᠭᠦᠯᠬᠦ ᠬᠡᠷᠡᠭᠲᠡᠢ ᠭᠡᠪᠡ᠃     ᠬᠤᠷᠠᠯ ᠠᠴᠠ ᠪᠠᠰᠠ ᠬᠤᠯᠪᠣᠭᠳᠠᠯ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号