ᠲᠦᠴᠢᠦᠸᠠᠨ ᠰᠢᠶᠠᠨ ᠤ ᠤᠯᠠᠭᠠᠨᠮᠥ᠋ᠴᠢᠷ ᠤᠳᠬ᠎ᠠ ᠤᠷᠠᠯᠢᠭ ᠢ ᠦᠨᠳᠦᠰᠦᠨ ᠱᠠᠲᠤᠨ ᠳᠤ ᠬᠦᠷᠭᠡᠵᠦ ᠲᠣᠬᠤᠨᠢᠭᠤᠯᠬᠤ ᠲᠣᠭᠯᠠᠯᠲᠠ ᠭᠠᠷᠭᠠᠪᠠ
ᠨᠡᠶᠢᠲᠡᠯᠡᠭᠰᠡᠨ ᠴᠠᠭ᠄
2024/8/24
   ᠣᠶᠢᠷ᠎ᠠ ᠳᠤ᠂ ᠲᠦᠴᠢᠦᠸᠠᠨ ᠰᠢᠶᠠᠨ ᠤ ᠤᠯᠠᠭᠠᠨᠮᠥ᠋ᠴᠢᠷ ᠲᠦᠴᠢᠦᠸᠠᠨ ᠰᠢᠶᠠᠨ ᠤ ᠲᠦᠴᠢᠦᠸᠠᠨ ᠪᠠᠯᠭᠠᠰᠤᠨ ᠤ ᠨᠠᠨ ᠰᠢᠶᠠᠩ ᠬᠤᠲᠠ ᠶᠢᠨ ᠢᠳᠡᠰᠢᠨ ᠨᠣᠭᠤᠭ᠎ᠠ ᠶᠢᠨ ᠬᠦᠷᠢᠶᠡᠯᠡᠩ ᠳᠤ ᠬᠦᠷᠴᠦ ︽︿ᠰᠣᠶᠣᠯ﹀ ᠢᠶᠠᠷ ᠤᠮᠠᠷᠠᠲᠤ ᠬᠢᠯᠢ ᠶᠢ ᠳᠤᠯᠠᠭᠠᠴᠠᠭᠤᠯᠵᠤ᠂ ᠢᠳᠡᠰᠢᠨ ᠨᠣᠭᠤᠭ᠎ᠠ ᠶᠢᠨ ᠬᠦᠷᠢᠶᠡᠯᠡᠩ ᠳᠤ ᠪᠦᠵᠢᠭᠯᠡᠬᠦ︾ ᠭᠡᠬᠦ ᠤᠳᠬ᠎ᠠ ᠤᠷᠠᠯᠢᠭ ᠢ ᠦᠨᠳᠦᠰᠦᠨ ᠱᠠᠲᠤᠨ ᠳᠤ ᠬᠦᠷᠭᠡᠵᠦ ᠲᠣᠬᠤᠨᠢᠭᠤᠯᠬᠤ ᠲᠣᠭᠯᠠᠯᠲᠠ ᠭᠠᠷᠭᠠᠪᠠ᠃
   ᠠᠵᠢᠯᠯᠠᠭ᠎ᠠ ᠳᠤᠮᠳᠠ᠂ ᠲᠦᠴᠢᠦᠸᠠᠨ ᠰᠢᠶᠠᠨ ᠤ ᠤᠯᠠᠭᠠᠨᠮᠥ᠋ᠴᠢᠷ ᠪᠣᠯᠤᠨ ᠠᠵᠢᠯᠲᠠᠨ ᠤ ᠤᠯᠠᠭᠠᠨᠮᠥ᠋ᠴᠢᠷ ᠤᠨ ᠠᠪᠴᠢᠷᠠᠭᠰᠠᠨ ᠪᠥᠵᠢᠭ᠂ ᠭᠤᠴᠣᠯᠠᠯ ᠳᠠᠭᠤᠤ᠂ ᠱᠤᠭ ᠵᠦᠴᠦᠭᠡ᠂ ᠳᠠᠭᠤᠤ ᠶᠢᠨ ᠳᠠᠭᠠᠯᠲᠠ ᠪᠥᠵᠢᠭ ᠵᠡᠷᠭᠡ ᠲᠣᠭᠯᠠᠯᠲᠠ ᠡᠭᠡᠯᠵᠢᠯᠡᠨ ᠶᠠᠪᠤᠭᠳᠠᠪᠠ᠃ ᠣᠷᠭᠢᠯᠤᠮ᠎ᠠ ᠬᠠᠯᠠᠭᠤᠨ ᠰᠡᠳᠬᠢᠯᠭᠡ ᠲᠠᠢ ᠪᠥᠵᠢᠭ᠂ ᠡᠯᠢᠭᠡ ᠪᠠᠨ ᠬᠥᠰᠢᠲᠡᠯ᠎ᠡ ᠢᠨᠢᠶᠡᠯᠴᠡᠭᠰᠡᠨ ᠱᠤᠭ ᠵᠦᠴᠦᠭᠡ᠂ ᠲᠣᠭᠯᠠᠭᠴᠢᠳ ᠳᠠᠭᠤᠯᠠᠨ ᠪᠥᠵᠢᠭᠯᠡᠵᠦ᠂ ᠲᠣᠭᠯᠠᠯᠲᠠ ᠨᠢ ᠭᠤᠶᠢᠳᠠ ᠰᠠᠶᠢᠬᠠᠨ ᠪᠠᠶᠢᠵᠤ᠂ ᠦᠵᠡᠭᠴᠢᠳ ᠬᠠᠯᠠᠭᠤᠨ ᠢᠶᠠᠷ ᠬᠠᠷᠢᠯᠴᠠᠨ ᠬᠥᠳᠡᠯᠦᠯᠴᠡᠵᠦ᠂ ᠠᠯᠠᠭ᠎ᠠ ᠲᠠᠰᠢᠯᠳᠠ ᠶᠢᠨ ᠲᠠᠭᠤᠨ ᠲᠠᠰᠤᠷᠠᠯᠳᠠ ᠦᠭᠡᠢ ᠦᠷᠭᠦᠯᠵᠢᠯᠡᠵᠦ᠂ ᠦᠨᠡᠨ ᠰᠡᠳᠬᠢᠯᠭᠡ ᠪᠣᠯᠤᠨ ᠪᠠᠶᠠᠷ ᠪᠠᠶᠠᠰᠤᠯ ᠠᠭᠤᠰᠤᠯᠴᠠᠵᠤ᠂ ᠳᠣᠭᠳᠣᠯᠤᠯ ᠪᠣᠯᠤᠨ ᠤᠷᠮᠠᠰᠢᠨ ᠵᠣᠷᠢᠭᠵᠢᠪᠠ᠃
   ︽ᠤᠯᠠᠭᠠᠨᠮᠥ᠋ᠴᠢᠷ ᠪᠢᠳᠡᠨ ᠳᠤ ᠮᠠᠰᠢ ᠣᠯᠠᠨ ᠭᠤᠶᠢᠳᠠ ᠰᠠᠶᠢᠬᠠᠨ ᠲᠣᠭᠯᠠᠯᠲᠠ ᠠᠪᠴᠢᠷᠠᠵᠤ ᠥᠭᠴᠡᠶ᠂ ᠳᠠᠭᠤᠤ  ᠨᠢ ᠮᠠᠰᠢ ᠰᠣᠨᠣᠰᠪᠤᠷᠢᠲᠠᠶ᠂ ᠱᠤᠭ ᠵᠦᠴᠦᠭᠡ ᠨᠢ ᠮᠠᠰᠢ ᠰᠡᠳᠬᠢᠯ ᠢ ᠳᠤᠯᠠᠭᠠᠴᠠᠭᠤᠯᠤᠨ᠎ᠠ᠂ ᠬᠤᠵᠢᠮ ᠬᠡᠷ ᠤᠨ ᠢᠶᠠᠨ ᠡᠭᠦᠳᠡᠨ ᠳᠤ ᠪᠠᠰᠠ ᠡᠶᠢᠮᠦ ᠭᠤᠶᠢᠳᠠ ᠰᠠᠶᠢᠬᠠᠨ ᠲᠣᠭᠯᠠᠯᠲᠠ ᠶᠢ ᠣᠯᠵᠤ ᠦᠵᠡᠬᠦ ᠶᠢ ᠬᠦᠰᠡᠵᠦ ᠪᠠᠶᠢᠨ᠎ᠠ᠃︾ ᠭᠡᠵᠦ ᠦᠵᠡᠭᠴᠢᠳ ᠬᠤ᠋ ᠶᠢᠨ ᠹᠦ᠋ ᠪᠠᠶᠠᠷᠲᠠᠶ ᠬᠡᠯᠡᠨ᠎ᠡ᠃
   ᠭᠤᠶᠢᠳᠠ ᠰᠠᠶᠢᠬᠠᠨ ᠤᠷᠠᠯᠢᠭ ᠤᠨ ᠲᠣᠭᠯᠠᠯᠲᠠ ᠭᠠᠷᠭᠠᠬᠤ ᠠᠴᠠ ᠭᠠᠳᠠᠨ᠎ᠠ᠂ ᠲᠦᠴᠢᠦᠸᠠᠨ ᠰᠢᠶᠠᠨ ᠤ ᠤᠯᠠᠭᠠᠨᠮᠥ᠋ᠴᠢᠷ ᠪᠠᠰᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠡᠯ᠎ᠡ ᠲᠥᠷᠥᠯ ᠤᠨ ᠰᠠᠶᠢᠨ ᠳᠤᠷ᠎ᠠ  ᠶᠢᠨ ᠦᠶᠯᠡᠴᠢᠯᠡᠭᠡᠨ ᠤ ᠡᠮᠦᠨ᠎ᠡ ᠹᠷᠣᠨᠲ ᠲᠤ ᠢᠳᠡᠪᠬᠢᠲᠡᠶ ᠠᠵᠢᠯᠯᠠᠵᠤ᠂ ᠣᠨᠣᠯ ᠤᠨ ᠤᠬᠠᠭᠤᠯᠭ᠎ᠠ᠂ ᠤᠳᠬ᠎ᠠ ᠤᠷᠠᠯᠢᠭ ᠤᠨ ᠬᠠᠪᠰᠤᠷᠤᠨ ᠵᠢᠯᠣᠭᠤᠳᠣᠯᠭ᠎ᠠ᠂ ᠰᠣᠶᠣᠯ ᠤᠨ ᠰᠣᠯᠢᠯᠴᠠᠭ᠎ᠠ ᠵᠢᠴᠢ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡ ᠵᠡᠷᠭᠡ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠬᠠᠶᠢᠷ᠎ᠠ ᠬᠠᠯᠠᠮᠵᠢ ᠶᠢ ᠬᠡᠷᠡᠭᠴᠡᠭᠡ ᠲᠠᠢ ᠭᠠᠵᠠᠷ  ᠲᠤ ᠬᠦᠷᠭᠡᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠬᠠᠪᠰᠤᠷᠤᠯᠭ᠎ᠠ ᠪᠠ ᠬᠠᠶᠢᠷ᠎ᠠ ᠬᠠᠯᠠᠮᠵᠢ ᠦᠵᠡᠭᠦᠯᠪᠡ᠃
   ᠦᠨᠳᠦᠰᠦᠨ ᠱᠠᠲᠤᠨ ᠳᠤ ᠦᠨᠳᠦᠰᠦᠯᠡᠵᠦ᠂ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠤᠨ ᠴᠠᠭ ᠦᠶ᠎ᠡ ᠶᠢᠨ ᠴᠤᠭ ᠵᠢᠪᠬᠤᠭ᠎ᠠ ᠶᠢ ᠢᠯᠡᠷᠡᠭᠦᠯᠪᠡ᠃ 2024 ᠣᠨ ᠳᠤ᠂ ᠲᠦᠴᠢᠦᠸᠠᠨ ᠰᠢᠶᠠᠨ  ᠤ ᠤᠯᠠᠭᠠᠨᠮᠥ᠋ᠴᠢᠷ ︽ᠤᠳᠬ᠎ᠠ ᠤᠷᠠᠯᠢᠭ + ᠤᠬᠠᠭᠤᠯᠤᠨ ᠲᠠᠶᠢᠯᠪᠤᠷᠢᠯᠠᠬᠤ︾᠂ ︽ᠤᠳᠬ᠎ᠠ ᠤᠷᠠᠯᠢᠭ + ᠲᠥᠷᠥ  ᠶᠢᠨ ᠪᠣᠳᠣᠯᠭ᠎ᠠ︾᠂ ︽ᠤᠳᠬ᠎ᠠ ᠤᠷᠠᠯᠢᠭ + ᠬᠠᠪᠰᠤᠷᠤᠨ ᠵᠢᠯᠣᠭᠤᠳᠬᠤ︾ ᠵᠡᠷᠭᠡ ᠠᠷᠭ᠎ᠠ ᠬᠡᠯᠪᠡᠷᠢ ᠪᠠᠷ ᠠᠷᠠᠳ  ᠲᠤ ᠠᠰᠢᠭ ᠬᠦᠷᠲᠡᠭᠡᠬᠦ ᠲᠣᠭᠯᠠᠯᠲᠠ ᠶᠢᠨ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠡᠯ᠎ᠡ ᠲᠥᠷᠥᠯ ᠤᠨ ᠨᠡᠶᠢᠲᠡ  ᠶᠢᠨ ᠠᠰᠠᠷᠠᠮᠵᠢ ᠶᠢᠨ ᠴᠢᠨᠠᠷᠲᠠᠶ ᠲᠣᠭᠯᠠᠯᠲᠠ ᠵᠢᠴᠢ ᠠᠵᠢᠯᠯᠠᠭ᠎ᠠ ᠶᠢ ᠨᠡᠶᠢᠲᠡ 70 ᠭᠠᠷᠤᠶ ᠤᠳᠠᠭ᠎ᠠ ᠥᠷᠨᠢᠭᠦᠯᠵᠦ᠂ 3 ᠲᠦᠮᠡ ᠭᠠᠷᠤᠶ ᠣᠯᠠᠨ ᠲᠦᠮᠡᠨ ᠳᠤ ᠦᠶᠯᠡᠴᠢᠯᠡᠪᠡ᠃    ᠠᠵᠢᠯᠯᠠᠭ᠎ᠠ ᠶᠢᠨ ᠬᠤᠭᠤᠴᠠᠭᠠᠨ ᠳᠤ᠂ ᠪᠠᠰᠠ ︽ᠴᠠᠭ ᠠᠭᠤᠷ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ︾ ᠮᠡᠳᠡᠯᠭᠡ ᠶᠢᠨ ᠠᠰᠠᠭᠤᠯᠲᠠ ᠬᠠᠷᠢᠭᠤᠯᠲᠠ ᠶᠢᠨ ᠭᠤᠭᠴᠤᠭ᠎ᠠ ᠶᠢ ᠣᠷᠣᠭᠤᠯᠵᠤ᠂ ᠬᠡᠦᠬᠡᠳ ᠤᠨ ᠠᠭᠤᠷ ᠠᠮᠢᠰᠬᠤᠯ  ᠤᠨ ᠬᠤᠪᠢᠷᠠᠯᠲᠠ ᠶᠢ ᠰᠠᠨᠠᠭᠠᠴᠢᠯᠠᠭ᠎ᠠ ᠠᠴᠠ ᠪᠠᠨ ᠣᠶᠢᠯᠠᠭᠠᠬᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠳᠤ ᠣᠷᠣᠯᠴᠠᠬᠤ ᠳᠤᠷ᠎ᠠ ᠰᠣᠨᠢᠷᠬᠠᠯ ᠢ ᠭᠦᠶᠴᠡᠳ ᠬᠥᠭᠵᠢᠭᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号