ᠲᠡᠭᠷᠢ ᠳᠡᠩᠳᠡᠭᠦᠦ ᠬᠠᠯᠠᠭᠤᠨ ᠠᠴᠠ ᠬᠤᠨᠢ ᠢᠳᠡᠰᠢᠯᠡᠬᠦ ᠦᠭᠡᠢ ᠲᠠᠷᠭᠤ ᠠᠪᠬᠤ ᠦᠭᠡᠢ ᠪᠠᠶᠢᠪᠠᠯ ᠶᠠᠭᠠᠬᠢᠬᠤ ᠪᠤᠢ ︖
ᠨᠡᠶᠢᠲᠡᠯᠡᠭᠰᠡᠨ ᠴᠠᠭ᠄
2024/8/25
   ᠵᠤᠨ ᠤ ᠤᠯᠠᠷᠢᠯ ᠳᠤ ᠠᠭᠠᠷ ᠤᠨ ᠳᠤᠯᠠᠭᠠᠨ ᠨᠡᠯᠢᠶᠡᠳ ᠥᠨᠳᠥᠷ ᠪᠣᠯᠬᠤᠷ᠂ ᠬᠤᠨᠢᠨ ᠤ ᠬᠠᠰᠢᠶᠠᠨ ᠳᠤ ᠣᠯᠠᠩᠬᠢ ᠳᠠᠭᠠᠨ ᠨᠢᠭᠡᠨ ᠴᠢᠭᠢᠭᠯᠢᠭ ᠬᠠᠯᠠᠭᠤᠨ ᠣᠷᠴᠢᠨ ᠢ ᠪᠣᠢ ᠪᠣᠯᠭᠠᠳᠠᠭ᠂ ᠵᠠᠷᠢᠮ ᠲᠡᠵᠢᠭᠡᠨ ᠦᠷᠡᠵᠢᠭᠦᠯᠬᠦ ᠲᠠᠯᠠᠪᠠᠢ ᠨᠢ ᠥᠷᠯᠥᠭᠡ ᠡᠷᠲᠡ ᠪᠣᠷᠳᠤᠭ᠎ᠠ ᠪᠠᠨ ᠢᠳᠡᠰᠢᠨ ᠤ ᠣᠩᠭᠤᠴᠠᠨ ᠳᠤ ᠬᠢᠳᠡᠭ᠂ ᠭᠡᠪᠡᠴᠦ ᠦᠳᠡ ᠶᠢᠨ ᠬᠤᠶᠢᠨ᠎ᠠ ᠪᠣᠯᠬᠤ ᠳᠤ ᠬᠤᠨᠢ ᠨᠢ ᠡᠳᠡᠭᠡᠷ ᠪᠣᠷᠳᠤᠭ᠎ᠠ ᠪᠠᠨ ᠢᠳᠡᠵᠦ ᠪᠠᠷᠠᠭᠠᠳᠤᠢ ᠪᠠᠶᠢᠳᠠᠭ᠃ ᠲᠡᠭᠡᠪᠡᠯ ᠬᠤᠨᠢ ᠶᠠᠭᠠᠬᠢᠭᠠᠳ ᠢᠳᠡᠰᠢᠯᠡᠳᠡᠭ ᠦᠭᠡᠢ ᠪᠣᠶ ︖ ᠡᠭᠦᠨ ᠢ ᠬᠡᠷᠬᠢᠨ ᠰᠢᠢᠳᠪᠦᠷᠢᠯᠡᠪᠡᠯ ᠵᠣᠬᠢᠬᠤ ᠪᠤᠢ︖    ᠪᠣᠷᠳᠤᠭ᠎ᠠ ᠪᠠᠨ ᠠᠯᠢ ᠴᠢᠳᠠᠬᠤ ᠪᠠᠷ ᠪᠠᠭ᠎ᠠ ᠰᠢᠭ᠋ ᠣᠷᠣᠭᠤᠯᠤᠨ᠎ᠠ᠃ ᠲᠡᠵᠢᠭᠡᠯ ᠪᠣᠷᠳᠣᠭᠠᠨ ᠳᠤ ᠬᠥᠭᠡᠴᠦ ᠦᠭᠡᠶᠢᠳᠡᠭᠦᠯᠦᠭᠴᠢ ᠨᠡᠮᠡᠵᠦ᠂ ᠲᠡᠵᠢᠭᠡᠯ ᠪᠣᠷᠳᠤᠭ᠎ᠠ ᠸᠠᠯᠠᠬᠤ ᠠᠴᠠ ᠰᠡᠷᠭᠡᠶᠢᠯᠡᠵᠦ ᠬᠤᠣᠷᠳᠠᠭᠳᠠᠬᠤ ᠠᠴᠠ ᠰᠡᠷᠭᠡᠢᠯᠡᠨ᠎ᠡ ᠃ ᠲᠡᠵᠢᠭᠡᠯ ᠪᠣᠷᠳᠤᠭ᠎ᠠ ᠬᠡᠷᠪᠡ ᠨᠢᠭᠡᠨᠲᠡ ᠸᠠᠯᠠᠭᠰᠠᠨ ᠪᠠᠶᠢᠪᠠᠯ ᠬᠤᠨᠢ ᠲᠡᠵᠢᠭᠡᠵᠦ ᠪᠣᠯᠬᠤ ᠦᠭᠡᠢ᠂ ᠢᠰᠬᠡᠭᠴᠢ ᠪᠠᠷ ᠢᠰᠬᠡᠵᠦ᠂ ᠬᠥᠭᠡᠴᠦ ᠶᠢ ᠴᠡᠪᠡᠷᠯᠡᠨ ᠠᠷᠢᠯᠭᠠᠨ᠎ᠠ᠃ ᠵᠢᠩᠬᠢᠨᠢ ᠪᠥᠭᠡᠳ ᠴᠢᠨᠠᠷ ᠤᠨ ᠪᠠᠲᠤᠯᠠᠭ᠎ᠠ ᠲᠠᠢ ᠦᠢᠯᠡᠳᠪᠦᠷᠢ ᠶᠢ ᠰᠣᠩᠭᠤᠵᠤ ᠲᠡᠵᠢᠭᠡᠯ ᠪᠣᠷᠳᠤᠭ᠎ᠠ ᠬᠤᠳᠠᠯᠳᠤᠨ ᠠᠪᠬᠤ ᠬᠡᠷᠡᠭᠲᠡᠢ᠃    ᠲᠡᠵᠢᠭᠡᠯ ᠪᠣᠷᠳᠣᠭᠠᠨ ᠳᠤ ᠰᠢᠪᠲᠦᠷᠲᠦ ᠬᠦᠴᠢᠯ ᠢ ᠲᠣᠬᠢᠷᠠᠭᠤᠯᠬᠤ ᠡᠳ᠋ ᠨᠡᠮᠡᠨ᠎ᠡ᠃ ᠰᠢᠪᠲᠦᠷᠲᠦ ᠬᠦᠴᠢᠯ ᠢ ᠲᠣᠬᠢᠷᠠᠭᠤᠯᠬᠤ ᠡᠳ᠋ ᠨᠢ ᠰᠢᠪᠲᠦᠷᠲᠦ ᠬᠦᠴᠢᠯ ᠤᠨ ᠲᠡᠩᠴᠡᠭᠦᠷᠢ ᠶᠢ ᠵᠣᠬᠢᠴᠠᠭᠤᠯᠵᠤ᠂ ᠨᠠᠷᠢᠨ ᠭᠡᠳᠡᠰᠦᠨ ᠤ ᠴᠡᠯᠮᠡᠨ ᠦᠰᠦᠨ ᠤ ᠥᠰᠦᠯᠲᠡ ᠳᠤ ᠰᠡᠳᠦᠯᠲᠡ ᠥᠭᠴᠦ᠂ ᠤᠭᠤᠷᠠᠭ ᠪᠣᠯᠣᠨ ᠡᠨᠧᠷᠭᠢ ᠵᠡᠷᠭᠡ ᠰᠢᠮ᠎ᠡ ᠲᠡᠵᠢᠭᠡᠯ ᠤᠨ ᠪᠣᠳᠠᠰ ᠤᠨ ᠰᠢᠩᠭᠡᠭᠡᠯᠲᠡ ᠶᠢ ᠳᠡᠭᠡᠭᠰᠢᠯᠡᠭᠦᠯᠳᠡᠭ᠃    ᠪᠣᠷᠳᠤᠭ᠎ᠠ ᠪᠤᠶᠤ ᠤᠰᠤᠨ ᠳᠤ ᠸᠢᠲ᠋ᠠᠮᠢᠨ ᠨᠡᠮᠡᠨ᠎ᠡ᠃ ᠸᠢᠲ᠋ᠠᠮᠢᠨ ᠢ ᠬᠡᠷᠡᠭᠯᠡᠬᠦ ᠨᠢ ᠡᠪᠡᠳᠴᠢᠨ ᠤ ᠶᠠᠪᠤᠴᠠ ᠶᠢ ᠪᠣᠭᠤᠨᠢᠰᠬᠠᠬᠤ ᠶᠢᠨ ᠬᠠᠮᠲᠤ ᠪᠠᠰᠠ ᠬᠥᠭᠡᠴᠦ ᠦᠭᠡᠶᠢᠳᠡᠭᠦᠯᠦᠭᠴᠢ ᠶᠢᠨ ᠰᠣᠷᠣᠨ ᠨᠠᠭᠠᠯᠳᠤᠭᠤᠯᠬᠤ ᠠᠴᠠ ᠰᠦᠢᠳᠦᠭᠰᠡᠨ ᠸᠢᠲ᠋ᠠᠮᠢᠨ ᠢ ᠨᠥᠬᠦᠪᠦᠷᠢᠯᠡᠵᠦ᠂ ᠡᠯᠢᠭᠡ ᠪᠥᠭᠡᠷ᠎ᠡ ᠶᠢ ᠬᠠᠮᠠᠭᠠᠯᠠᠵᠤ᠂ ᠡᠯᠢᠭᠡ ᠪᠥᠭᠡᠷ᠎ᠡ ᠶᠢᠨ ᠠᠵᠢᠯᠯᠠᠭ᠎ᠠ ᠶᠢ ᠳᠡᠭᠡᠭᠰᠢᠯᠡᠭᠦᠯᠦᠨ᠂ ᠬᠤᠳᠣᠭᠤᠳᠤ ᠭᠡᠳᠡᠰᠦᠨ ᠤ ᠤᠷᠪᠠᠯ ᠢ ᠳᠡᠭᠡᠭᠰᠢᠯᠡᠭᠦᠯᠵᠦ᠂ ᠬᠤᠨᠢᠨ ᠤ ᠢᠳᠡᠰᠢ ᠶᠢ ᠨᠡᠮᠡᠭᠳᠡᠭᠦᠯᠦᠨ᠎ᠡ᠃    ᠨᠢᠭᠡ ᠳᠤ ᠪᠣᠷᠳᠤᠭ᠎ᠠ ᠬᠤᠯᠢᠨ᠎ᠠ᠃ ᠬᠤᠯᠢᠮᠠᠯ ᠪᠣᠷᠳᠤᠭ᠎ᠠ ᠶᠢ ᠥᠪᠡᠷᠲᠡᠭᠡᠨ ᠨᠠᠶᠢᠷᠠᠭᠤᠯᠬᠤ ︵ᠪᠤᠷᠴᠠᠭ ᠤᠨ ᠰᠢᠭᠠᠷᠤ᠂ ᠪᠤᠷᠴᠠᠭ ᠤᠨ ᠪᠣᠣᠪᠤ᠂ ᠡᠷᠳᠡᠨᠢ ᠰᠢᠰᠢ᠂ ᠪᠠᠭ᠎ᠠ ᠰᠤᠳᠠ ᠪᠠ ᠪᠤᠭᠤᠳᠠᠢ ᠶᠢᠨ ᠬᠡᠪᠡᠭ ᠲᠠᠢ ᠬᠠᠪᠰᠤᠷᠭᠠᠬᠤ ︶ ᠦᠶ᠎ᠡ ᠳᠤ ᠸᠢᠲ᠋ᠠᠮᠢᠨ ᠦᠨᠳᠦᠰᠦᠨ ᠳᠡᠭᠡᠨ ᠭᠦᠢᠴᠡᠳ ᠪᠠᠶᠢᠳᠠᠭ᠂ ᠭᠡᠪᠡᠴᠦ ᠵᠤᠨ ᠤ ᠴᠠᠭ ᠲᠤ ᠨᠡᠯᠢᠶᠡᠳ ᠶᠡᠭᠡ ᠵᠠᠷᠤᠴᠠᠭᠤᠯᠳᠠᠭ ᠪᠣᠯᠬᠤᠷ᠂ ᠪᠠᠰᠠ ᠲᠡᠵᠢᠭᠡᠯ ᠪᠣᠷᠳᠣᠭᠠᠨ ᠤ ᠳᠣᠲᠣᠷ᠎ᠠ ᠲᠤᠰᠠᠭᠠᠷ ᠸᠢᠲ᠋ᠠᠮᠢᠨ ᠢ ᠨᠡᠮᠡᠵᠦ᠂ ᠬᠤᠨᠢᠨ ᠤ ᠸᠢᠲ᠋ᠠᠮᠢᠨ ᠤ ᠬᠡᠮᠵᠢᠶ᠎ᠡ ᠶᠢ ᠨᠡᠮᠡᠭᠳᠡᠭᠦᠯᠦᠨ᠎ᠡ᠃    ᠬᠤᠶᠠᠷ ᠲᠤ ᠤᠰᠤᠯᠠᠨ᠎ᠠ᠃ ᠪᠣᠷᠳᠤᠭ᠎ᠠ ᠬᠤᠯᠢᠬᠤ ᠳᠤ ᠳᠥᠭᠦᠮ ᠦᠭᠡᠢ ᠮᠥᠷᠲᠡᠭᠡᠨ ᠥᠳᠬᠡᠴᠡ ᠶᠢ ᠨᠢ ᠡᠵᠡᠮᠰᠢᠬᠦ ᠳᠤ ᠬᠦᠴᠢᠷ᠂ ᠡᠶᠢᠮᠦ ᠠᠴᠠ ᠤᠰᠤᠨ ᠳᠣᠲᠣᠷ᠎ᠠ ᠰᠢᠭᠤᠳ ᠴᠠᠬᠢᠯᠭᠠᠨ ᠵᠠᠳᠠᠯᠤᠯ ᠤᠨ ᠤᠯᠠᠨ ᠸᠢᠲ᠋ᠠᠮᠢᠨ ᠢ ᠨᠡᠮᠡᠵᠦ᠂ ᠬᠤᠨᠢ ᠤᠰᠤ ᠤᠤᠭᠤᠬᠤ ᠪᠠᠷ ᠳᠠᠮᠵᠢᠨ ᠭᠦᠢᠴᠡᠳ ᠬᠡᠮᠵᠢᠶᠡᠨ ᠤ ᠸᠢᠲ᠋ᠠᠮᠢᠨ ᠢ ᠰᠢᠩᠭᠡᠬᠡᠨ ᠠᠪᠴᠤ᠂ ᠡᠪᠡᠳᠴᠢᠨ ᠤ ᠡᠭᠦᠰᠦᠯᠲᠡ ᠶᠢ ᠪᠠᠭᠠᠰᠬᠠᠵᠤ᠂ ᠲᠠᠷᠭᠤ ᠶᠢ ᠨᠢ ᠪᠠᠲᠤᠯᠠᠳᠠᠭ ᠪᠠᠶᠢᠨ᠎ᠠ᠃    ᠲᠡᠵᠢᠭᠡᠯ ᠪᠣᠷᠳᠣᠭᠠᠨ ᠳᠤ ᠰᠤᠳᠠ ᠶᠢᠨ ᠨᠤᠨᠳᠠᠭ ᠨᠡᠮᠡᠨ᠎ᠡ᠃ ᠰᠤᠳᠠ ᠶᠢᠨ ᠨᠤᠨᠳᠠᠭ ᠨᠢ ᠬᠤᠳᠣᠭᠤᠳᠤᠨ ᠤ ᠬᠦᠴᠢᠯ ᠲᠠᠢ ᠨᠡᠶᠢᠯᠡᠭᠡᠳ ᠰᠢᠭᠡᠰᠦ ᠶᠢ ᠬᠤᠵᠢᠷᠰᠢᠭᠤᠯᠵᠤ᠂ ᠬᠤᠳᠣᠭᠤᠳᠤᠨ ᠤ ᠬᠦᠴᠢᠯ ᠢ ᠪᠦᠲᠦᠮᠵᠢᠲᠡᠶ ᠬᠢᠵᠠᠭᠠᠷᠯᠠᠵᠤ᠂ ᠢᠳᠡᠰᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃    ᠢᠳᠡᠭᠡᠨ ᠤ ᠳᠠᠪᠤᠰᠤ ᠶᠢ ᠵᠣᠬᠢᠬᠤ ᠬᠡᠮᠵᠢᠶ᠎ᠡ ᠪᠠᠷ ᠨᠡᠮᠡᠨ᠎ᠡ᠃ ᠶᠡᠷᠦ ᠳᠡᠭᠡᠨ ᠬᠤᠯᠢᠮᠠᠭ ᠪᠣᠷᠳᠤᠭ᠎ᠠ᠂ ᠠᠭᠰᠢᠭᠠᠮᠠᠯ ᠪᠣᠷᠳᠣᠭᠠᠨ ᠤ ᠨᠠᠶᠢᠷᠠᠯᠭ᠎ᠠ ᠳᠤ ᠢᠳᠡᠭᠡᠨ ᠤ ᠳᠠᠪᠤᠰᠤ ᠨᠢ ᠪᠦᠷ ᠬᠤᠨᠢᠨ ᠤ ᠡᠪᠡᠳᠴᠢᠨ ᠤ ᠱᠠᠭᠠᠷᠳᠠᠯᠭ᠎ᠠ ᠳᠤ ᠬᠦᠷᠳᠡᠭ ᠂ ᠭᠡᠪᠡᠴᠦ ᠵᠤᠨ ᠤ ᠤᠯᠠᠷᠢᠯ ᠤᠨ ᠬᠤᠨᠢᠨ ᠤ ᠰᠣᠯᠢᠯᠴᠠᠭ᠎ᠠ ᠲᠦᠷᠭᠡᠰᠴᠦ᠂ ᠢᠳᠡᠭᠡᠨ ᠤ ᠳᠠᠪᠤᠰᠤᠨ ᠤ ᠬᠡᠷᠡᠭᠴᠡᠭᠡ ᠬᠦᠷᠦᠯᠴᠡᠬᠦ ᠦᠭᠡᠢ ᠪᠠᠶᠢᠵᠤ ᠮᠡᠳᠡᠨ᠎ᠡ᠂ ᠡᠶᠢᠮᠦ ᠠᠴᠠ ᠲᠡᠵᠢᠭᠡᠯ ᠪᠣᠷᠳᠣᠭᠠᠨ ᠳᠠᠭᠠᠨ 0.5% ᠣᠷᠴᠢᠮ ᠤᠨ ᠢᠳᠡᠭᠡᠨ ᠤ ᠳᠠᠪᠤᠰᠤ ᠶᠢ ᠢᠯᠡᠭᠦᠦ ᠨᠡᠮᠡᠵᠦ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号