ᠲᠦᠴᠢᠦᠸᠠᠨ ᠰᠢᠶᠠᠨ ᠤ ᠠᠷᠪᠠᠨ ᠨᠠᠶᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠳᠣᠯᠣᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/27
   8 ᠰᠠᠷ᠎ᠠ ᠶᠢᠨ 26 ᠤ ᠡᠳᠦᠷ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠴᠧᠨ ᠭᠦᠸᠧ ᠮᠢᠩ ᠲᠦᠴᠢᠦᠸᠠᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠳᠣᠯᠣᠳᠤᠭᠠᠷ ᠬᠤᠷᠠᠯᠳᠤᠭᠠᠨ ᠢ ᠡᠷᠬᠢᠯᠡᠨ ᠬᠤᠷᠠᠯᠳᠤᠭᠤᠯᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠼᠤᠤ ᠶᠦᠩ ᠰᠢᠨ᠂ ᠯᠠᠨ ᠰᠢᠶᠠᠨ ᠹᠧᠩ᠂ ᠴᠢᠦᠶ ᠲᠦᠩ ᠨᠢᠶᠠᠨ ᠵᠢᠴᠢ ᠰᠢᠶᠠᠨ ᠤ ᠠᠷᠪᠠᠨ ᠨᠠᠶᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠪᠠ᠃ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠬᠤ᠋ ᠶᠠᠩ᠂ ᠰᠢᠭᠦᠬᠦ ᠬᠤᠷᠢᠶᠠᠨ ᠤ ᠳᠠᠷᠤᠭ᠎ᠠ ᠯᠢᠦ ᠬᠤᠢ᠂ ᠪᠠᠶᠢᠴᠠᠭᠠᠬᠤ ᠬᠤᠷᠢᠶ᠎ᠠ᠂ ᠬᠢᠨᠠᠨ ᠪᠤᠳᠤᠬᠤ ᠲᠣᠪᠴᠢᠶ᠎ᠠ᠂ ᠵᠠᠰᠠᠭ ᠤᠨ ᠣᠷᠳᠣᠨ ᠤ ᠠᠯᠪᠠᠨ ᠭᠡᠷ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠣᠨᠴᠠ ᠤᠷᠢᠭᠰᠠᠨ 5 ᠠᠷᠠᠳ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃    ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠨᠠᠶᠠᠨ ᠲᠠᠪᠤᠳᠤᠭᠠᠷ ᠬᠤᠷᠠᠯ ᠵᠢᠴᠢ ᠰᠢᠶᠠᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠳᠡᠭᠡᠷ᠎ᠡ ᠬᠠᠭᠠᠰ ᠵᠢᠯ ᠤᠨ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ ᠳᠡᠭᠡᠷ᠎ᠡ ᠬᠠᠭᠠᠰ ᠵᠢᠯ ᠤᠨ ᠲᠥᠰᠦᠪ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠭᠰᠠᠨ ᠲᠤᠬᠠᠶ ᠮᠡᠳᠡᠭᠦᠯᠦᠯᠲᠡ ᠵᠡᠷᠭᠡ ᠶᠢ ᠰᠣᠨᠣᠰᠴᠤ ᠬᠢᠨᠠᠨ ᠵᠥᠪᠯᠡᠭᠰᠡᠨ ᠪᠥᠭᠡᠳ ᠠᠵᠢᠯᠲᠠᠨ ᠢ ᠲᠣᠮᠢᠯᠠᠵᠤ ᠪᠠᠭᠤᠯᠭᠠᠪᠠ᠃    ᠬᠤᠷᠠᠯ ᠠᠴᠠ᠂ ᠵᠣᠭᠰᠣᠴᠠ ᠪᠠᠨ ᠳᠡᠭᠡᠭᠰᠢᠯᠡᠭᠦᠯᠬᠦ ᠶᠢ ᠪᠠᠷᠢᠮᠲᠠᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠪᠠ ᠠᠵᠢᠯ ᠤᠨ ᠣᠨᠴᠠᠯᠢᠭ ᠤᠨ ᠲᠣᠭᠤᠷᠢᠨ ᠳᠤ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠦᠷᠢᠮ ᠲᠣᠭᠲᠠᠭᠠᠯ ᠰᠠᠬᠢᠯᠭ᠎ᠠ ᠪᠠᠲᠤ ᠶᠢ ᠵᠢᠷᠤᠮᠯᠠᠬᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠢ᠃ ᠰᠢᠰᠲ᠋ᠧᠮ ᠲᠠᠢ ᠰᠤᠷᠤᠯᠴᠠᠬᠤ ᠶᠢ ᠪᠠᠷᠢᠮᠲᠠᠯᠠᠵᠤ᠂ ᠮᠡᠳᠡᠬᠦ ᠶᠣᠰᠣᠲᠠᠢ ᠴᠢᠳᠠᠬᠤ ᠶᠣᠰᠣᠲᠠᠢ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠪᠠ ᠤᠯᠤᠰ ᠤᠨ ᠬᠠᠤᠯᠢ ᠴᠠᠭᠠᠵᠠ ᠶᠢ ᠰᠤᠷᠤᠯᠴᠠᠬᠤ ᠠᠴᠠ ᠰᠤᠷᠤᠯᠴᠠᠬᠤ ᠪᠠᠶᠢᠭᠤᠯᠭ᠎ᠠ ᠶᠢᠨ ᠡᠯ᠎ᠡ ᠵᠦᠢᠯ ᠤᠨ ᠲᠦᠷᠢᠮ ᠲᠣᠭᠲᠠᠭᠠᠯ ᠢ ᠰᠤᠷᠤᠯᠴᠠᠬᠤ ᠬᠦᠷᠲᠡᠯ᠎ᠡ᠂ ᠨᠡᠶᠢᠯᠡᠭᠦᠯᠦᠨ ᠨᠡᠪᠳᠡᠷᠡᠳᠡᠯ᠎ᠡ ᠣᠶᠢᠯᠠᠭᠠᠵᠤ᠂ ᠨᠢᠭᠡ ᠴᠤᠬᠴᠠᠵᠢᠭᠤᠯᠤᠨ ᠡᠵᠡᠮᠳᠡᠬᠦ ᠶᠢ ᠪᠡᠶᠡᠯᠡᠭᠦᠯᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠣᠳᠠᠲᠠᠢ ᠲᠠᠢ ᠨᠢᠭᠲᠠ ᠤᠶᠠᠯᠳᠤᠭᠤᠯᠤᠨ᠂ ᠦᠵᠡᠯ ᠰᠠᠨᠠᠭᠠᠨ ᠤ ᠵᠥᠷᠢᠶ᠎ᠡ ᠶᠢ ᠵᠠᠯᠠᠷᠠᠭᠤᠯᠵᠤ᠂ ᠥᠪᠡᠷ ᠢ ᠪᠠᠨ ᠬᠢᠵᠠᠭᠠᠷᠯᠠᠬᠤ ᠶᠢ ᠴᠢᠩᠭᠠᠳᠬᠠᠨ᠂ ᠲᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠪᠢᠰᠢᠷᠡᠨ ᠵᠢᠷᠦᠬᠡᠰᠢᠶᠡᠬᠦ ᠶᠢ ᠪᠠᠷᠢᠮᠲᠠᠯᠠᠵᠤ᠂ ᠵᠥᠪ ᠠᠵᠢᠯ ᠤᠨ ᠠᠮᠵᠢᠯᠲᠠ ᠶᠢᠨ ᠦᠵᠡᠯᠲᠡ ᠶᠢ ᠪᠠᠲᠤ ᠪᠤᠢ ᠪᠣᠯᠭᠠᠵᠤ᠂ ᠡᠷᠬᠢᠮ ᠳᠡᠭᠡᠳᠦ ᠵᠣᠷᠢᠭ ᠰᠠᠨᠠᠭᠠᠨ ᠤ ᠬᠥᠭᠡᠭᠡᠴᠡᠯᠳᠦᠯ ᠢ ᠪᠠᠷᠢᠮᠲᠠᠯᠠᠵᠤ᠂ ᠬᠥᠮᠦᠨ ᠤ ᠠᠮᠢᠳᠤᠷᠠᠯ ᠢ ᠬᠦᠨᠳᠦᠳᠬᠡᠵᠦ᠂ ᠵᠣᠬᠢᠶᠠᠨ ᠪᠠᠶᠢᠭᠤᠯᠤᠯᠲᠠ ᠶᠢ ᠬᠦᠨᠳᠦᠳᠬᠡᠵᠦ᠂ ᠡᠷᠬᠡ ᠶᠢ ᠬᠦᠨᠳᠦᠳᠬᠡᠵᠦ ᠂ ᠬᠠᠤᠯᠢ ᠰᠠᠬᠢᠯᠭ᠎ᠠ ᠶᠢ ᠬᠦᠨᠳᠦᠳᠬᠡᠵᠦ᠂ ᠢᠮᠠᠭᠲᠠ ᠦᠨᠡᠨᠴᠢ ᠰᠢᠳᠤᠷᠭᠤ᠂ ᠠᠷᠢᠭᠤᠨ ᠴᠢᠬᠡᠴᠢ᠂ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ ᠳᠡᠭᠡᠳᠦ ᠱᠠᠳᠤ ᠨᠢ ᠲᠤᠤᠷᠠᠳᠤ ᠱᠠᠳᠤ ᠪᠠᠨ ᠳᠠᠭᠠᠭᠤᠯᠬᠤ ᠶᠢ ᠪᠠᠷᠢᠮᠲᠠᠯᠠᠵᠤ᠂ ᠴᠢᠩᠭ᠎ᠠ ᠬᠠᠮᠢᠶᠠᠷᠴᠤ ᠬᠢᠨᠠᠯᠲᠠ ᠲᠠᠯᠪᠢᠬᠤ ᠪᠠ ᠬᠠᠷᠢᠭᠤᠴᠠᠯᠭ᠎ᠠ ᠡᠭᠦᠷᠭᠡᠯᠡᠬᠦ ᠶᠢ ᠵᠣᠷᠢᠭᠵᠢᠭᠤᠯᠬᠤ ᠶᠢ ᠨᠢᠭᠡᠳᠬᠡᠵᠦ᠂ ᠺᠠᠳ᠋ᠷ ᠤᠨ ᠠᠵᠢᠯ ᠬᠢᠵᠦ ᠦᠢᠯᠡᠰ ᠪᠤᠰᠬᠠᠬᠤ ᠳᠣᠲᠣᠭᠠᠳᠤ ᠬᠥᠳᠡᠯᠭᠡᠬᠦ ᠬᠦᠴᠦᠨ ᠢ ᠭᠦᠢᠴᠡᠳ ᠬᠥᠭᠵᠢᠭᠡᠵᠦ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠶᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠠᠬᠢᠭᠤᠯᠬᠤ ᠪᠦᠲᠦᠮᠵᠢᠲᠡᠢ ᠠᠷᠭ᠎ᠠ ᠬᠡᠮᠵᠢᠶ᠎ᠡ ᠪᠣᠯᠭᠠᠬᠤ ᠬᠡᠷᠡᠭᠲᠡᠢ ᠭᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号