ᠣᠶᠢᠷ᠎ᠠ ᠳᠤ᠂ ᠳᠤᠮᠳᠠᠳᠤ ᠤᠯᠤᠰ ᠤᠨ ᠬᠢᠯᠢ ᠪᠠᠷ ᠭᠠᠷᠴᠤ ᠣᠷᠣᠬᠤ ᠰᠢᠯᠭᠠᠨ ᠪᠠᠶᠢᠴᠠᠭᠠᠯᠲᠠ ᠬᠢᠵᠢᠭ | ᠪᠠᠶᠢᠴᠠᠭᠠᠯᠲᠠ ᠶᠢᠨ ᠨᠡᠶᠢᠭᠡᠮᠯᠢᠭ ᠠᠴᠠ ᠠᠮᠢ ᠠᠬᠤᠶ ᠶᠢᠨ ᠣᠭ ᠭᠠᠷᠤᠯᠲᠠ ᠶᠢᠨ ᠣᠷᠣᠨ ᠤ ᠪᠦᠲᠦᠭᠡᠭᠳᠡᠬᠦᠨ ᠤ | ᠬᠠᠮᠠᠭᠠᠯᠠᠯᠲᠠ ᠶᠢᠨ ᠣᠷᠣᠨ ᠵᠢᠴᠢ ᠠᠮᠢ ᠠᠬᠤᠶ ᠶᠢᠨ ᠣᠭ ᠭᠠᠷᠤᠯᠲᠠ ᠶᠢᠨ ᠣᠷᠣᠨ ᠤ ᠬᠠᠮᠠᠭᠠᠯᠠᠯᠲᠠ ᠶᠢᠨ | ᠪᠦᠲᠦᠭᠡᠭᠳᠡᠬᠦᠨ ᠤ ᠨᠡᠷᠡᠰ ᠢ ᠨᠡᠶᠢᠲᠡᠯᠡᠵᠦ᠂ ᠲᠦᠴᠢᠦᠸᠠᠨ ᠰᠢᠶᠠᠨ ᠵᠢᠭᠰᠠᠭᠠᠯᠲᠠ ᠳᠤ ᠣᠷᠣᠵᠤ᠂ ᠪᠥᠬᠦ ᠣᠷᠣᠨ ᠤ | ᠠᠩᠬᠠᠳᠠᠭᠴᠢ ᠪᠦᠯᠦᠭ ᠠᠮᠢ ᠠᠬᠤᠶ ᠶᠢᠨ ᠣᠭ ᠭᠠᠷᠤᠯᠲᠠ ᠶᠢᠨ ᠣᠷᠣᠨ ᠤ ᠪᠦᠲᠦᠭᠡᠭᠳᠡᠬᠦᠨ ᠤ ᠬᠠᠮᠠᠭᠠᠯᠠᠯᠲᠠ ᠶᠢᠨ | ᠣᠷᠣᠨ ᠪᠣᠯᠵᠣ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠲᠠᠰ ᠤᠨ ᠠᠮᠢ ᠠᠬᠤᠶ ᠶᠢᠨ | ᠣᠭ ᠭᠠᠷᠤᠯᠲᠠ ᠶᠢᠨ ᠣᠷᠣᠨ ᠤ ᠪᠦᠲᠦᠭᠡᠭᠳᠡᠬᠦᠨ ᠤ ᠬᠠᠮᠠᠭᠠᠯᠠᠯᠲᠠ ᠶᠢᠨ ᠣᠷᠣᠨ ᠥᠬᠡᠶ ᠪᠠᠶᠢᠭᠰᠠᠨ ᠪᠠᠶᠢᠳᠠᠯ ᠢ | ᠡᠴᠦᠰᠯᠡᠭᠦᠯᠪᠡ᠃ ᠡᠭᠦᠨ ᠤ ᠬᠠᠮᠲᠤ᠂ ︽ᠲᠦᠴᠢᠦᠸᠠᠨ ᠤ ᠨᠠᠷᠢᠮᠤ︾᠂ ︽ᠲᠦᠴᠢᠦᠸᠠᠨ ᠤ ᠨᠣᠭᠤᠭᠠᠨ ᠪᠤᠷᠴᠠᠭ︾ | ᠂ ︽ᠲᠦᠴᠢᠦᠸᠠᠨ ᠤ ᠬᠠᠭᠤᠷᠠᠶ ᠳ᠋ᠧᠦᠹᠦ᠋︾᠂ ︽ᠲᠦᠴᠢᠦᠸᠠᠨ ᠤ ᠪᠣᠷᠣ ᠰᠠᠷᠢᠮᠰᠠᠭ︾᠂ ︽ᠲᠦᠴᠢᠦᠸᠠᠨ ᠤ | ᠠᠪᠠᠭᠠᠯᠳᠠᠶ ᠡᠪᠡᠰᠦ︾ ᠠᠮᠢ ᠠᠬᠤᠶ ᠶᠢᠨ ᠣᠭ ᠭᠠᠷᠤᠯᠲᠠ ᠶᠢᠨ ᠣᠷᠣᠨ ᠤ ᠬᠠᠮᠠᠭᠠᠯᠠᠯᠲᠠ ᠶᠢᠨ ᠪᠦᠲᠦᠭᠡᠭᠳᠡᠬᠦᠨ ᠢ | ᠠᠮᠵᠢᠯᠲᠠ ᠲᠠᠢ ᠮᠡᠳᠡᠭᠦᠯᠪᠡ᠃ | | ︽ᠲᠦᠴᠢᠦᠸᠠᠨ ᠰᠢᠶᠠᠨ ᠤ ᠯᠢᠦ ᠬᠣ᠋ ᠪᠠᠯᠭᠠᠰᠤᠨ ᠤ ᠬᠠᠭᠤᠷᠠᠢ ᠳ᠋ᠧᠦᠹᠦ᠋ ᠬᠢᠬᠦ ᠤᠷ᠎ᠠ ᠮᠡᠷᠭᠡᠵᠢᠯ ᠨᠢ ᠲᠤᠬᠠᠢ | ᠶᠢᠨ ᠭᠠᠵᠠᠷ ᠲᠤ ᠵᠠᠭᠤ ᠭᠠᠷᠤᠢ ᠵᠢᠯ ᠤᠯᠠᠮᠵᠢᠯᠠᠭᠳᠠᠵᠤ᠂ ᠨᠢᠭᠡᠨᠲᠡ ᠪᠣᠳᠠᠰ ᠤᠨ ᠪᠤᠰᠤ ᠰᠣᠶᠣᠯ ᠤᠨ ᠥᠪ ᠲᠤ | ᠵᠢᠭᠰᠠᠭᠠᠭᠳᠠᠪᠠ᠃ ᠠᠳᠡᠬᠢ ᠭᠠᠵᠠᠷ ᠳᠣᠤᠷᠠᠬᠢ ᠤᠰᠤ ᠨᠢ ᠠᠮᠲᠠᠯᠢᠭ ᠴᠡᠪᠡᠷ᠂ ᠣᠯᠠᠨ ᠵᠦᠶᠯ ᠤᠨ ᠡᠷᠦᠳᠡᠰᠦ ᠪᠣᠳᠠᠰ | ᠪᠠ ᠪᠢᠴᠢᠯ ᠡᠯᠧᠮᠧᠨ᠋ᠲ ᠡᠯᠪᠡᠭ ᠠᠭᠤᠯᠤᠭᠳᠠᠵᠤ᠂ ᠬᠠᠭᠤᠷᠠᠶ ᠳ᠋ᠧᠦᠹᠦ᠋ ᠪᠣᠯᠪᠠᠰᠤᠷᠠᠭᠤᠯᠬᠤ ᠳᠤ ᠴᠢᠨᠠᠷ ᠰᠠᠶᠢᠲᠠᠶ | ᠤᠰᠤᠨ ᠤ ᠰᠤᠷᠪᠤᠯᠵᠢ ᠬᠠᠩᠭᠠᠵᠤ᠂ ᠯᠢᠦ ᠬᠣ᠋ ᠪᠠᠯᠭᠠᠰᠤ ᠵᠢᠴᠢ ᠭᠤᠤᠯ ᠳᠠᠭᠠᠤ ᠭᠠᠵᠠᠷ ᠣᠷᠣᠨ ᠤ ᠪᠤᠷᠴᠠᠭ ᠤᠨ | ᠴᠢᠨᠠᠷ ᠨᠢ ᠰᠠᠶᠢᠨ᠂ ᠬᠠᠭᠤᠷᠠᠶ ᠳ᠋ᠧᠦᠹᠦ᠋ ᠪᠣᠯᠪᠠᠰᠤᠷᠠᠭᠤᠯᠬᠤ ᠳᠤ ᠴᠢᠨᠠᠷ ᠰᠠᠶᠢᠲᠠᠶ ᠲᠦᠭᠦᠬᠡᠶ ᠮᠠᠲ᠋ᠧᠷᠢᠶᠠᠯ ᠬᠠᠩᠭᠠᠪᠠ᠃ | ︾ ᠭᠡᠵᠦ ᠲᠦᠴᠢᠦᠸᠠᠨ ᠰᠢᠶᠠᠨ ᠤ ᠯᠢᠦ ᠬᠤ᠋ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ | ᠳᠠᠷᠤᠭ᠎ᠠ ᠫᠠᠩ ᠯᠢᠶᠠᠩ ᠬᠡᠯᠡᠪᠡ᠃ | | ᠣᠯᠠᠨ ᠠᠴᠠ ᠬᠡᠲᠦᠶᠢᠳᠦᠭᠰᠡᠨ ᠳᠠᠪᠠᠭᠤᠯᠢᠭ ᠲᠠᠯ᠎ᠠ ᠲᠠᠢ ᠪᠠᠶᠢᠬᠤ ᠶᠢᠨ ᠳᠡᠭᠡᠷ᠎ᠡ ᠵᠠᠭᠤᠨ ᠵᠢᠯ ᠤᠯᠠᠮᠵᠢᠯᠠᠭᠳᠠᠭᠰᠠᠨ | ᠤᠯᠠᠮᠵᠢᠯᠠᠯᠲᠤ ᠭᠠᠷ ᠤᠷᠠᠯᠠᠯ ᠨᠢ ᠬᠠᠭᠤᠷᠠᠶ᠂ ᠨᠢᠮᠭᠡᠨ᠂ ᠨᠠᠷᠢᠯᠢᠭ᠂ ᠤᠶᠠᠨ ᠬᠠᠲᠠᠨ ᠯᠢᠦ ᠬᠣ᠋ ᠶᠢᠨ ᠬᠠᠭᠤᠷᠠᠶ | ᠳ᠋ᠧᠦᠹᠦ᠋ ᠶᠢ ᠪᠣᠶ ᠪᠣᠯᠭᠠᠵᠤ᠂ ᠯᠢᠦ ᠬᠣ᠋ ᠶᠢᠨ ᠪᠠᠯᠭᠠᠰᠤᠨ ᠤ ᠣᠷᠣᠯᠠᠭᠤᠯᠵᠤ ᠪᠣᠯᠤᠰᠢ ᠥᠬᠡᠶ ︽ᠠᠯᠲᠠᠨ ᠦᠰᠦᠭᠲᠦ | ᠨᠠᠷᠠᠲᠤ ᠲᠡᠮᠳᠡᠭ︾ ᠪᠣᠯᠤᠭᠰᠠᠨ ᠪᠠᠶᠢᠨ᠎ᠠ᠃ ᠪᠠᠰᠠ ᠠᠮᠢ ᠠᠬᠤᠶ ᠶᠢᠨ ᠤᠭ ᠭᠠᠷᠤᠯᠲᠠ ᠶᠢᠨ ᠣᠷᠣᠨ ᠤ | ᠬᠠᠮᠠᠭᠠᠯᠠᠯᠲᠠ ᠶᠢᠨ ᠪᠦᠲᠦᠭᠡᠭᠳᠡᠬᠦᠨ ᠢ ᠭᠤᠶᠤᠴᠢᠯᠠᠨ ᠮᠡᠳᠡᠭᠦᠯᠬᠦ ᠳᠤ ᠨᠥᠬᠦᠴᠡᠯ ᠬᠠᠩᠭᠠᠪᠠ᠃ ᠡᠭᠦᠨ ᠢᠶᠠᠷ ᠪᠠᠷᠠᠬᠤ | ᠥᠬᠡᠶ᠂ ᠲᠦᠴᠢᠦᠸᠠᠨ ᠰᠢᠶᠠᠨ ᠤ ᠨᠠᠷᠢᠮᠤ᠂ ᠨᠣᠭᠤᠭᠠᠨ ᠪᠤᠷᠴᠠᠭ᠂ ᠪᠣᠷᠣ ᠰᠠᠷᠢᠮᠰᠠᠭ᠂ ᠬᠡᠦᠬᠡᠯᠳᠡᠶ ᠬᠤᠷᠣᠬᠠᠶ ᠡᠪᠡᠰᠦ | ᠵᠡᠷᠭᠡ ᠦᠶᠯᠡᠳᠬᠦᠨ ᠤ ᠠᠵᠤ ᠦᠶᠯᠡᠰ ᠤᠨ ᠬᠡᠯᠬᠢᠶ᠎ᠡ ᠨᠢ ᠪᠦᠷᠢᠨ ᠪᠦᠲᠦᠨ ᠪᠠᠶᠢᠵᠤ᠂ ᠠᠵᠤ ᠦᠶᠯᠡᠰ ᠬᠢᠭᠡᠳ | ᠣᠷᠴᠢᠨ ᠲᠣᠭᠤᠷᠢᠨ ᠨᠥᠬᠦᠷᠰᠡᠭ ᠢᠶᠠᠷ ᠬᠥᠭᠵᠢᠵᠦ᠂ ᠵᠢᠱᠢᠶ᠎ᠡ ᠦᠵᠡᠭᠦᠯᠬᠦ ᠦᠶᠯᠡᠳᠦᠯ ᠢᠶᠠᠷ ᠴᠢᠩᠭ᠎ᠠ ᠪᠠᠶᠢᠵᠤ᠂ | ᠨᠢᠭᠡ ᠪᠦᠯᠦᠭ ᠠᠮᠢ ᠠᠬᠤᠶ ᠶᠢᠨ ᠥᠪᠡᠷᠮᠢᠴᠡ ᠣᠨᠴᠠᠯᠢᠭ ᠲᠠᠢ ᠳᠠᠪᠠᠭᠤᠯᠢᠭ ᠠᠵᠤ ᠦᠶᠯᠡᠰ ᠢ ᠪᠦᠷᠢᠯᠳᠦᠭᠦᠯᠵᠡᠶ᠃ | | ᠠᠮᠢ ᠠᠬᠤᠢ ᠶᠢᠨ ᠣᠬ ᠭᠠᠷᠤᠯᠲᠠ ᠶᠢᠨ ᠭᠠᠵᠠᠷ ᠤᠨ ᠦᠢᠯᠡᠳᠬᠦᠨ ᠤ ᠭᠡᠷᠡᠴᠢᠯᠡᠯ ᠪᠣᠯ ᠭᠡᠷᠡᠴᠢᠯᠡᠬᠦ ᠴᠢᠨᠠᠷᠲᠠᠢ | ᠭᠡᠷᠡᠴᠢᠯᠡᠯ ᠳᠤ ᠲᠣᠭᠠᠴᠠᠭᠳᠠᠨ᠎ᠠ᠂ ᠲᠡᠷᠡ ᠨᠢ ᠦᠢᠯᠡᠳᠬᠦᠨ ᠤ ᠣᠬ ᠭᠠᠷᠤᠯᠲᠠ ᠶᠢᠨ ᠭᠠᠵᠠᠷ ᠨᠢ ᠣᠨᠴᠠᠭᠠᠢ ᠠᠭᠤᠷ | ᠠᠮᠢᠰᠬᠤᠯ᠂ ᠬᠥᠷᠥᠰᠥ ᠰᠢᠷᠣᠢ ᠪᠣᠯᠤᠨ ᠣᠷᠴᠢᠨ ᠠᠬᠤᠢ ᠵᠡᠷᠭᠡ ᠨᠥᠬᠦᠴᠡᠯ ᠢ ᠪᠦᠷᠢᠯᠳᠦᠭᠦᠯᠦᠭᠰᠡᠨ ᠪᠥᠭᠡᠳ ᠶᠠᠰᠤ | ᠴᠢᠨᠠᠷ ᠤᠨ ᠲᠠᠯ᠎ᠠ ᠪᠠᠷ ᠢᠯᠡᠳᠲᠡ ᠳᠠᠪᠠᠭᠤᠯᠢᠭ ᠲᠠᠯ᠎ᠠ ᠲᠠᠢ ᠪᠠᠶᠢᠬᠤ ᠶᠢ ᠬᠠᠷᠠᠭᠤᠯᠵᠤ ᠪᠠᠶᠢᠨ᠎ᠠ᠃ ᠠᠮᠢ ᠠᠬᠤᠶ ᠶᠢᠨ | ᠤᠭ ᠭᠠᠷᠤᠯᠲᠠ ᠶᠢᠨ ᠣᠷᠣᠨ ᠤ ᠪᠦᠲᠦᠭᠡᠭᠳᠡᠬᠦᠨ ᠪᠣᠯ ᠪᠣᠬᠢᠷᠲᠤᠯ ᠦᠭᠡᠶ᠂ ᠳᠣᠣᠷ᠎ᠠ ᠨᠡᠭᠦᠷᠡᠰᠦᠳᠦᠷᠦᠭᠴᠢᠳᠦ᠂ | ᠡᠨᠧᠷᠭᠢ ᠠᠷᠪᠢᠯᠠᠬᠤ᠂ ᠣᠷᠴᠢᠯᠲᠠ ᠶᠢᠨ ᠱᠠᠭᠠᠷᠳᠠᠯᠭ᠎ᠠ ᠳᠤ ᠨᠡᠶᠢᠴᠡᠬᠦ ᠶᠢᠨ ᠬᠠᠮᠲᠤ᠂ ᠤᠭ ᠭᠠᠷᠤᠯᠲᠠ ᠶᠢᠨ ᠣᠷᠣᠨ | ᠤ ᠣᠨᠴᠠᠯᠢᠭ ᠪᠠ ᠣᠨᠴᠠᠯᠢᠭ ᠪᠦᠬᠦᠢ ᠠᠮᠢ ᠠᠬᠤᠶ ᠶᠢᠨ ᠬᠡᠯᠪᠡᠷᠢ ᠶᠢᠨ ᠪᠦᠲᠦᠭᠡᠭᠳᠡᠬᠦᠨ ᠪᠣᠯᠤᠨ᠎ᠠ᠂ ᠪᠦᠲᠦᠭᠡᠭᠳᠡᠬᠦᠨ | ᠳᠤ ︽ᠠᠮᠢ ᠠᠬᠤᠶ ᠶᠢᠨ ᠤᠭ ᠭᠠᠷᠤᠯᠲᠠ ᠶᠢᠨ ᠣᠷᠣᠨ ᠤ ᠪᠦᠲᠦᠭᠡᠭᠳᠡᠬᠦᠨ ᠢ ᠬᠠᠮᠠᠭᠠᠯᠠᠬᠤ︾ ᠦᠨᠡᠮᠯᠡᠯ ᠪᠠ | ᠲᠡᠮᠳᠡᠭ ᠢ ᠨᠢᠭᠡᠳᠦᠯᠲᠡᠶ ᠬᠡᠷᠡᠭᠯᠡᠵᠦ᠂ ᠬᠠᠮᠢᠶ᠎ᠠ ᠪᠦᠬᠦᠢ ᠬᠠᠤᠯᠢ ᠴᠠᠭᠠᠵᠠ ᠶᠢᠨ ᠬᠠᠮᠠᠭᠠᠯᠠᠯᠲᠠ ᠶᠢ ᠣᠯᠤᠨ᠎ᠠ᠃ | | ᠲᠦᠴᠢᠦᠸᠠᠨ ᠰᠢᠶᠠᠨ ᠶᠡᠭᠡ ᠬᠢᠩᠭᠠᠨ ᠳᠠᠪᠠᠭ᠎ᠠ ᠶᠢᠨ ᠡᠮᠦᠨ᠎ᠡ ᠬᠤᠷᠮᠣᠢ ᠳᠤ ᠪᠠᠶᠢᠷᠢᠯᠠᠵᠤ᠂ ᠡᠯᠪᠡᠭ ᠪᠠᠶᠠᠯᠢᠭ | ᠡᠬᠢ ᠪᠠᠶᠠᠯᠢᠭ ᠲᠠᠢ᠂ ᠳᠠᠪᠠᠭᠤᠯᠢᠭ ᠣᠷᠴᠢᠨ ᠲᠣᠭᠤᠷᠢᠨ ᠲᠠᠢ᠂ ᠡᠯᠪᠡᠭ ᠪᠠᠶᠠᠯᠢᠭ ᠰᠣᠶᠣᠯ ᠲᠠᠢ᠂ ᠬᠥᠷᠥᠰᠥ ᠰᠢᠷᠣᠢ | ᠦᠩ ᠰᠢᠮᠡᠯᠢᠭ᠂ ᠠᠭᠤᠷ ᠠᠮᠢᠰᠬᠤᠯ ᠳᠤᠯᠠᠭᠠᠨ᠂ ᠰᠠᠶᠢᠨ ᠰᠠᠶᠢᠬᠠᠨ ᠲᠠᠷᠢᠶᠠᠯᠠᠩ᠂ ᠤᠢ ᠰᠢᠭᠤᠢ᠂ ᠮᠠᠯ ᠠᠵᠤ | ᠠᠬᠤᠢ ᠶᠢᠨ ᠬᠥᠭᠵᠢᠯᠲᠡ ᠶᠢᠨ ᠪᠠᠶᠢᠭᠠᠯᠢ ᠶᠢᠨ ᠨᠥᠬᠦᠴᠡᠯ ᠲᠠᠢ᠂ ᠪᠦᠬᠦ ᠤᠯᠤᠰ ᠤᠨ ᠲᠡᠰ ᠠᠴᠠ ᠳᠠᠪᠠᠭᠰᠠᠨ ᠠᠮᠤ | ᠪᠤᠳᠠᠭᠠᠨ ᠤ ᠭᠠᠷᠤᠯᠲᠠ ᠶᠢᠨ ᠲᠤᠮᠤ ᠰᠢᠶᠠᠨ᠂ ᠪᠦᠬᠦ ᠤᠯᠤᠰ ᠤᠨ ᠤᠢ ᠰᠢᠭᠤᠢ ᠶᠢᠨ ᠠᠮᠢ ᠠᠬᠤᠢ ᠶᠢᠨ ᠪᠦᠳᠦᠭᠡᠨ | ᠪᠠᠶᠢᠭᠤᠯᠤᠯᠲᠠ ᠶᠢᠨ ᠲᠡᠷᠢᠭᠦᠨ ᠤ ᠰᠢᠶᠠᠨ᠂ ᠤᠯᠤᠰ ᠤᠨ ᠮᠠᠯ ᠠᠵᠤ ᠠᠬᠤᠢ ᠲᠡᠵᠢᠭᠡᠨ ᠦᠷᠡᠵᠢᠭᠦᠯᠬᠦ ᠲᠤᠮᠤ ᠰᠢᠶᠠᠨ | ᠤ ᠲᠠᠷᠢᠵᠦ ᠲᠡᠵᠢᠭᠡᠬᠦ ᠶᠢ ᠤᠶᠠᠯᠳᠤᠭᠤᠯᠵᠤ ᠪᠦᠬᠦᠶᠢᠯᠡ ᠰᠢᠶᠠᠨ ᠢ ᠠᠬᠢᠭᠤᠯᠬᠤ ᠲᠤᠷᠰᠢᠯᠲᠠ ᠶᠢᠨ ᠰᠢᠶᠠᠨ᠂ ᠤᠯᠤᠰ | ᠤᠨ ᠲᠡᠰ ᠤᠨ ᠭᠠᠳᠠᠭᠠᠳᠤ ᠳᠤ ᠭᠠᠷᠭᠠᠬᠤ ᠢᠳᠡᠭᠡᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ | ᠲᠦᠪᠰᠢᠨ ᠤ ᠵᠢᠱᠢᠶ᠎ᠡ ᠦᠵᠡᠭᠦᠯᠬᠦ ᠣᠷᠣᠨ᠂ ᠳᠤᠮᠳᠠᠳᠤ ᠤᠯᠤᠰ ᠤᠨ ᠭᠤᠸ᠎ᠠ ᠨᠣᠭᠤᠭ᠎ᠠ ᠶᠢᠨ ᠰᠢᠶᠠᠩ᠂ ᠪᠦᠬᠦ | ᠤᠯᠤᠰ ᠤᠨ ᠰᠣᠶᠣᠯ ᠤᠨ ᠲᠡᠷᠢᠭᠦᠨ ᠤ ᠰᠢᠶᠠᠨ᠂ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠪᠠᠷ | ᠬᠦᠴᠦᠷᠬᠡᠭ ᠰᠢᠶᠠᠨ ᠢ ᠪᠦᠳᠦᠭᠡᠨ ᠪᠠᠶᠢᠭᠤᠯᠬᠤ ᠲᠤᠷᠰᠢᠯᠲᠠ ᠶᠢᠨ ᠰᠢᠶᠠᠨ᠃ | | ᠣᠶᠢᠷ᠎ᠠ ᠶᠢᠨ ᠵᠢᠯ ᠠᠴᠠ ᠨᠠᠭᠠᠰᠢ᠂ ᠲᠦᠴᠢᠦᠸᠠᠨ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ | ᠣᠷᠳᠣᠨ ᠠᠮᠢ ᠠᠬᠤᠶ ᠶᠢᠨ ᠣᠭ ᠭᠠᠷᠤᠯᠲᠠ ᠶᠢᠨ ᠣᠷᠣᠨ ᠤ ᠪᠦᠲᠦᠭᠡᠭᠳᠡᠬᠦᠨ ᠢ ᠬᠠᠮᠠᠭᠠᠯᠠᠬᠤ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ | ︾ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠭᠤᠶᠢᠪᠢᠰᠢ ᠥᠬᠡᠶ ᠪᠠᠷᠢᠮᠲᠠᠯᠠᠵᠤ᠂ ᠲᠦᠴᠢᠦᠸᠠᠨ ᠰᠢᠶᠠᠨ ᠤ ᠡᠯᠪᠡᠭ | ᠪᠠᠶᠠᠯᠢᠭ ᠪᠠᠶᠢᠭᠠᠯᠢ ᠶᠢᠨ ᠡᠬᠢ ᠪᠠᠶᠠᠯᠢᠭ ᠲᠤ ᠲᠦᠰᠢᠭᠯᠡᠨ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ | ᠦᠷᠭᠦᠯᠵᠢᠯᠡᠨ ᠠᠬᠢᠭᠤᠯᠵᠤ᠂ ᠠᠮᠢ ᠠᠬᠤᠶ ᠶᠢᠨ ᠣᠭ ᠭᠠᠷᠤᠯᠲᠠ ᠶᠢᠨ ᠣᠷᠣᠨ ᠤ ᠪᠦᠲᠦᠭᠡᠭᠳᠡᠬᠦᠨ ᠤ ᠬᠠᠮᠠᠭᠠᠯᠠᠯᠲᠠ | ᠶᠢᠨ ᠣᠷᠣᠨ ᠤ ᠪᠥᠲᠥᠭᠡᠨ ᠪᠠᠶᠢᠭᠤᠯᠤᠯᠲᠠ ᠶᠢᠨ ᠠᠵᠢᠯ ᠢ ᠨᠠᠷᠢᠨ ᠬᠢᠨᠠᠮᠠᠭᠠᠶ ᠥᠷᠨᠢᠭᠦᠯᠪᠡ᠃ | | ᠠᠮᠢ ᠠᠬᠤᠶ ᠶᠢᠨ ᠣᠭ ᠭᠠᠷᠤᠯᠲᠠ ᠶᠢᠨ ᠣᠷᠣᠨ ᠤ ᠪᠦᠲᠦᠭᠡᠭᠳᠡᠬᠦᠨ ᠢ ᠬᠠᠮᠠᠭᠠᠯᠠᠬᠤ ᠣᠷᠣᠨ ᠢ ᠠᠮᠵᠢᠯᠲᠠ ᠲᠠᠢ | ᠡᠭᠦᠳᠦᠨ ᠪᠠᠶᠢᠭᠤᠯᠤᠭᠰᠠᠨ ᠨᠢ ᠲᠦᠴᠢᠦᠸᠠᠨ ᠰᠢᠶᠠᠨ ᠤ ᠠᠮᠢ ᠠᠬᠤᠶ ᠶᠢᠨ ᠪᠦᠲᠦᠭᠡᠭᠳᠡᠬᠦᠨ ᠢ ᠦᠶᠯᠡᠳᠪᠦᠷᠢᠯᠡᠬᠦ | ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠷᠣᠨ ᠪᠦᠰᠡ ᠶᠢᠨ ᠠᠵᠤ ᠠᠬᠤᠶ ᠶᠢᠨ ᠬᠡᠯᠪᠡᠷᠢ ᠪᠠᠨ | ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ ᠨᠠᠷᠠᠲᠤ ᠲᠡᠮᠳᠡᠭᠲᠦ ᠶᠢᠨ ᠥᠷᠢᠰᠥᠯᠳᠦᠭᠡᠨ ᠤ ᠰᠢᠨ᠎ᠡ ᠳᠠᠪᠠᠭᠤᠯᠢᠭ | ᠢ ᠪᠣᠶᠢᠵᠢᠭᠤᠯᠵᠤ᠂ ᠠᠮᠢ ᠠᠬᠤᠶ ᠶᠢᠨ ᠣᠭ ᠭᠠᠷᠤᠯᠲᠠ ᠶᠢᠨ ᠣᠷᠣᠨ ᠤ ᠬᠠᠮᠠᠭᠠᠯᠠᠯᠲᠠ ᠶᠢᠨ ᠪᠦᠲᠦᠭᠡᠭᠳᠡᠬᠦᠨ ᠤ | ᠳᠡᠯᠡᠬᠡᠶ ᠨᠡᠶᠢᠲᠡ ᠪᠠ ᠤᠯᠤᠰ ᠤᠨ ᠳᠣᠲᠣᠭᠠᠳᠤ ᠶᠢᠨ ᠥᠷᠢᠰᠥᠯᠳᠦᠬᠦ ᠬᠦᠴᠦᠨ ᠢ ᠴᠢᠩᠭᠠᠷᠠᠭᠤᠯᠵᠤ᠂ ᠠᠵᠤ ᠠᠬᠤᠶ | ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ᠂ ᠠᠮᠢ ᠠᠬᠤᠶ ᠶᠢᠨ ᠦᠷ᠎ᠡ ᠠᠰᠢᠭ ᠢ ᠵᠡᠷᠭᠡᠪᠡᠷ ᠳᠡᠭᠡᠭᠰᠢᠯᠡᠭᠦᠯᠬᠦ | ᠪᠣᠯᠤᠨ᠎ᠠ᠃ | | ︽ᠢᠷᠡᠭᠡᠳᠦᠢ ᠶᠢ ᠪᠠᠷᠠᠯᠠᠬᠤᠶ᠎ᠠ᠂ ᠲᠦᠴᠢᠦᠸᠠᠨ ᠰᠢᠶᠠᠨ ᠠᠮᠢ ᠠᠬᠤᠢ ᠶᠢᠨ ᠤᠭ ᠭᠠᠷᠤᠯᠲᠠ ᠶᠢᠨ ᠣᠷᠣᠨ ᠤ | ᠬᠠᠮᠠᠭᠠᠯᠠᠯᠲᠠ ᠶᠢᠨ ᠦᠢᠯᠡᠳᠬᠦᠨ ᠵᠢᠴᠢ ᠬᠠᠮᠠᠭᠠᠯᠠᠯᠲᠠ ᠶᠢᠨ ᠣᠷᠣᠨ ᠢᠶᠠᠷ ᠠᠬᠢᠭᠤᠯᠬᠤ ᠬᠦᠴᠦᠨ ᠪᠣᠯᠭᠠᠵᠤ᠂ | ᠪᠣᠬᠢᠷᠲᠤᠯ ᠦᠭᠡᠢ ᠬᠥᠭᠵᠢᠯᠲᠡ ᠪᠠᠷ ᠢᠮᠠᠭᠲᠠ ᠬᠠᠮᠤᠭ ᠤᠨ ᠦᠵᠡᠰᠬᠦᠯᠡᠩᠲᠦ ᠰᠠᠶᠢᠬᠠᠨ ᠳᠡᠪᠢᠰᠬᠡᠷ ᠦᠩᠭᠡ | ᠪᠣᠯᠭᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠪᠦᠬᠦ ᠰᠢᠶᠠᠨ ᠤ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠪᠦᠬᠦ ᠲᠠᠯ᠎ᠠ ᠶᠢᠨ ᠴᠢᠬᠤᠯᠠ ᠪᠠᠶᠢᠷᠢᠨ ᠳᠤ ᠲᠠᠯᠪᠢᠨ ᠠᠳᠬᠤᠵᠤ᠂ ᠲᠦᠷᠦᠯ ᠲᠡᠮᠳᠡᠭ ᠤᠨ | ᠪᠠᠶᠢᠭᠤᠯᠤᠯᠲᠠ ᠶᠢ ᠲᠦᠷᠭᠡᠳᠬᠡᠵᠦ᠂ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠨᠡᠩ ᠤᠯᠠᠨ ᠲᠠᠷᠢᠶᠠᠯᠠᠩ ᠤᠨ | ᠪᠦᠲᠦᠭᠡᠭᠳᠡᠬᠦᠨ ᠵᠢᠴᠢ ᠠᠵᠤ ᠠᠬᠤᠶᠢᠯᠠᠯ ᠢ ᠬᠦᠳᠦᠯᠦᠨ ᠵᠢᠯᠣᠭᠤᠳᠴᠤ ᠪᠠᠶᠢᠭᠠᠳ ᠪᠣᠬᠢᠷᠲᠤᠯ ᠦᠭᠡᠢ᠂ ᠠᠮᠢ | ᠠᠬᠤᠢᠢᠵᠢᠭᠰᠠᠨ᠂ ᠲᠦᠷᠦᠯ ᠲᠡᠮᠳᠡᠭᠵᠢᠭᠰᠡᠨ ᠬᠥᠭᠵᠢᠯᠲᠡ ᠶᠢᠨ ᠵᠠᠮ ᠢᠶᠠᠷ ᠵᠠᠮᠨᠠᠭᠤᠯᠵᠤ᠂ ᠡᠭᠦᠨ ᠤ ᠤᠯᠠᠮ ᠢᠶᠠᠷ | ᠪᠦᠬᠦ ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯᠤᠨ᠎ᠠ᠃︾ ᠭᠡᠵᠦ | ᠲᠦᠴᠢᠦᠸᠠᠨ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠬᠤ᠋ ᠶᠠᠩ ᠬᠡᠯᠡᠪᠡ᠃ |