ᠲᠦᠴᠢᠦᠸᠠᠨ ᠰᠢᠶᠠᠨ ᠪᠥᠬᠦ ᠣᠷᠣᠨ ᠤ ᠠᠩᠬᠠᠳᠠᠭᠴᠢ ᠪᠦᠯᠦᠭ ᠠᠮᠢ ᠠᠬᠤᠶ ᠶᠢᠨ ᠣᠭ ᠭᠠᠷᠤᠯᠲᠠ ᠶᠢᠨ ᠣᠷᠣᠨ ᠤ ᠦᠶᠯᠡᠳᠬᠦᠨ ᠤ ᠬᠠᠮᠠᠭᠠᠯᠠᠯᠲᠠ ᠶᠢᠨ ᠣᠷᠣᠨ ᠪᠣᠯᠪᠠ
ᠨᠡᠶᠢᠲᠡᠯᠡᠭᠰᠡᠨ ᠴᠠᠭ᠄
2024/8/27
   ᠣᠶᠢᠷ᠎ᠠ ᠳᠤ᠂ ᠳᠤᠮᠳᠠᠳᠤ ᠤᠯᠤᠰ ᠤᠨ ᠬᠢᠯᠢ ᠪᠠᠷ ᠭᠠᠷᠴᠤ ᠣᠷᠣᠬᠤ ᠰᠢᠯᠭᠠᠨ ᠪᠠᠶᠢᠴᠠᠭᠠᠯᠲᠠ ᠬᠢᠵᠢᠭ ᠪᠠᠶᠢᠴᠠᠭᠠᠯᠲᠠ ᠶᠢᠨ ᠨᠡᠶᠢᠭᠡᠮᠯᠢᠭ ᠠᠴᠠ ᠠᠮᠢ ᠠᠬᠤᠶ ᠶᠢᠨ ᠣᠭ ᠭᠠᠷᠤᠯᠲᠠ ᠶᠢᠨ ᠣᠷᠣᠨ ᠤ ᠪᠦᠲᠦᠭᠡᠭᠳᠡᠬᠦᠨ ᠤ ᠬᠠᠮᠠᠭᠠᠯᠠᠯᠲᠠ ᠶᠢᠨ ᠣᠷᠣᠨ ᠵᠢᠴᠢ ᠠᠮᠢ ᠠᠬᠤᠶ ᠶᠢᠨ ᠣᠭ ᠭᠠᠷᠤᠯᠲᠠ ᠶᠢᠨ ᠣᠷᠣᠨ ᠤ ᠬᠠᠮᠠᠭᠠᠯᠠᠯᠲᠠ ᠶᠢᠨ ᠪᠦᠲᠦᠭᠡᠭᠳᠡᠬᠦᠨ ᠤ ᠨᠡᠷᠡᠰ ᠢ ᠨᠡᠶᠢᠲᠡᠯᠡᠵᠦ᠂ ᠲᠦᠴᠢᠦᠸᠠᠨ ᠰᠢᠶᠠᠨ ᠵᠢᠭᠰᠠᠭᠠᠯᠲᠠ ᠳᠤ ᠣᠷᠣᠵᠤ᠂ ᠪᠥᠬᠦ ᠣᠷᠣᠨ ᠤ ᠠᠩᠬᠠᠳᠠᠭᠴᠢ ᠪᠦᠯᠦᠭ ᠠᠮᠢ ᠠᠬᠤᠶ ᠶᠢᠨ ᠣᠭ ᠭᠠᠷᠤᠯᠲᠠ ᠶᠢᠨ ᠣᠷᠣᠨ ᠤ ᠪᠦᠲᠦᠭᠡᠭᠳᠡᠬᠦᠨ ᠤ ᠬᠠᠮᠠᠭᠠᠯᠠᠯᠲᠠ ᠶᠢᠨ ᠣᠷᠣᠨ ᠪᠣᠯᠵᠣ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠲᠠᠰ ᠤᠨ ᠠᠮᠢ ᠠᠬᠤᠶ  ᠶᠢᠨ ᠣᠭ ᠭᠠᠷᠤᠯᠲᠠ ᠶᠢᠨ ᠣᠷᠣᠨ ᠤ ᠪᠦᠲᠦᠭᠡᠭᠳᠡᠬᠦᠨ ᠤ ᠬᠠᠮᠠᠭᠠᠯᠠᠯᠲᠠ ᠶᠢᠨ ᠣᠷᠣᠨ ᠥᠬᠡᠶ ᠪᠠᠶᠢᠭᠰᠠᠨ ᠪᠠᠶᠢᠳᠠᠯ ᠢ ᠡᠴᠦᠰᠯᠡᠭᠦᠯᠪᠡ᠃ ᠡᠭᠦᠨ ᠤ ᠬᠠᠮᠲᠤ᠂ ︽ᠲᠦᠴᠢᠦᠸᠠᠨ ᠤ ᠨᠠᠷᠢᠮᠤ︾᠂ ︽ᠲᠦᠴᠢᠦᠸᠠᠨ ᠤ ᠨᠣᠭᠤᠭᠠᠨ ᠪᠤᠷᠴᠠᠭ︾ ᠂ ︽ᠲᠦᠴᠢᠦᠸᠠᠨ ᠤ ᠬᠠᠭᠤᠷᠠᠶ ᠳ᠋ᠧᠦᠹᠦ᠋︾᠂ ︽ᠲᠦᠴᠢᠦᠸᠠᠨ ᠤ ᠪᠣᠷᠣ ᠰᠠᠷᠢᠮᠰᠠᠭ︾᠂ ︽ᠲᠦᠴᠢᠦᠸᠠᠨ ᠤ ᠠᠪᠠᠭᠠᠯᠳᠠᠶ ᠡᠪᠡᠰᠦ︾ ᠠᠮᠢ ᠠᠬᠤᠶ ᠶᠢᠨ ᠣᠭ ᠭᠠᠷᠤᠯᠲᠠ ᠶᠢᠨ ᠣᠷᠣᠨ ᠤ ᠬᠠᠮᠠᠭᠠᠯᠠᠯᠲᠠ ᠶᠢᠨ ᠪᠦᠲᠦᠭᠡᠭᠳᠡᠬᠦᠨ ᠢ ᠠᠮᠵᠢᠯᠲᠠ ᠲᠠᠢ ᠮᠡᠳᠡᠭᠦᠯᠪᠡ᠃
   ︽ᠲᠦᠴᠢᠦᠸᠠᠨ ᠰᠢᠶᠠᠨ ᠤ ᠯᠢᠦ ᠬᠣ᠋ ᠪᠠᠯᠭᠠᠰᠤᠨ ᠤ ᠬᠠᠭᠤᠷᠠᠢ ᠳ᠋ᠧᠦᠹᠦ᠋ ᠬᠢᠬᠦ ᠤᠷ᠎ᠠ ᠮᠡᠷᠭᠡᠵᠢᠯ ᠨᠢ ᠲᠤᠬᠠᠢ  ᠶᠢᠨ ᠭᠠᠵᠠᠷ ᠲᠤ ᠵᠠᠭᠤ ᠭᠠᠷᠤᠢ ᠵᠢᠯ ᠤᠯᠠᠮᠵᠢᠯᠠᠭᠳᠠᠵᠤ᠂ ᠨᠢᠭᠡᠨᠲᠡ ᠪᠣᠳᠠᠰ ᠤᠨ ᠪᠤᠰᠤ ᠰᠣᠶᠣᠯ ᠤᠨ ᠥᠪ ᠲᠤ ᠵᠢᠭᠰᠠᠭᠠᠭᠳᠠᠪᠠ᠃ ᠠᠳᠡᠬᠢ ᠭᠠᠵᠠᠷ ᠳᠣᠤᠷᠠᠬᠢ ᠤᠰᠤ ᠨᠢ ᠠᠮᠲᠠᠯᠢᠭ ᠴᠡᠪᠡᠷ᠂ ᠣᠯᠠᠨ ᠵᠦᠶᠯ ᠤᠨ ᠡᠷᠦᠳᠡᠰᠦ ᠪᠣᠳᠠᠰ ᠪᠠ ᠪᠢᠴᠢᠯ ᠡᠯᠧᠮᠧᠨ᠋ᠲ ᠡᠯᠪᠡᠭ ᠠᠭᠤᠯᠤᠭᠳᠠᠵᠤ᠂ ᠬᠠᠭᠤᠷᠠᠶ ᠳ᠋ᠧᠦᠹᠦ᠋ ᠪᠣᠯᠪᠠᠰᠤᠷᠠᠭᠤᠯᠬᠤ ᠳᠤ ᠴᠢᠨᠠᠷ ᠰᠠᠶᠢᠲᠠᠶ ᠤᠰᠤᠨ ᠤ ᠰᠤᠷᠪᠤᠯᠵᠢ ᠬᠠᠩᠭᠠᠵᠤ᠂ ᠯᠢᠦ ᠬᠣ᠋ ᠪᠠᠯᠭᠠᠰᠤ ᠵᠢᠴᠢ ᠭᠤᠤᠯ ᠳᠠᠭᠠᠤ ᠭᠠᠵᠠᠷ ᠣᠷᠣᠨ ᠤ ᠪᠤᠷᠴᠠᠭ ᠤᠨ ᠴᠢᠨᠠᠷ ᠨᠢ ᠰᠠᠶᠢᠨ᠂ ᠬᠠᠭᠤᠷᠠᠶ ᠳ᠋ᠧᠦᠹᠦ᠋ ᠪᠣᠯᠪᠠᠰᠤᠷᠠᠭᠤᠯᠬᠤ ᠳᠤ ᠴᠢᠨᠠᠷ ᠰᠠᠶᠢᠲᠠᠶ ᠲᠦᠭᠦᠬᠡᠶ ᠮᠠᠲ᠋ᠧᠷᠢᠶᠠᠯ ᠬᠠᠩᠭᠠᠪᠠ᠃︾ ᠭᠡᠵᠦ ᠲᠦᠴᠢᠦᠸᠠᠨ ᠰᠢᠶᠠᠨ ᠤ ᠯᠢᠦ ᠬᠤ᠋ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠫᠠᠩ ᠯᠢᠶᠠᠩ ᠬᠡᠯᠡᠪᠡ᠃
   ᠣᠯᠠᠨ ᠠᠴᠠ ᠬᠡᠲᠦᠶᠢᠳᠦᠭᠰᠡᠨ ᠳᠠᠪᠠᠭᠤᠯᠢᠭ ᠲᠠᠯ᠎ᠠ ᠲᠠᠢ ᠪᠠᠶᠢᠬᠤ ᠶᠢᠨ ᠳᠡᠭᠡᠷ᠎ᠡ ᠵᠠᠭᠤᠨ ᠵᠢᠯ ᠤᠯᠠᠮᠵᠢᠯᠠᠭᠳᠠᠭᠰᠠᠨ ᠤᠯᠠᠮᠵᠢᠯᠠᠯᠲᠤ ᠭᠠᠷ ᠤᠷᠠᠯᠠᠯ ᠨᠢ ᠬᠠᠭᠤᠷᠠᠶ᠂ ᠨᠢᠮᠭᠡᠨ᠂ ᠨᠠᠷᠢᠯᠢᠭ᠂ ᠤᠶᠠᠨ ᠬᠠᠲᠠᠨ ᠯᠢᠦ ᠬᠣ᠋  ᠶᠢᠨ ᠬᠠᠭᠤᠷᠠᠶ ᠳ᠋ᠧᠦᠹᠦ᠋ ᠶᠢ ᠪᠣᠶ ᠪᠣᠯᠭᠠᠵᠤ᠂ ᠯᠢᠦ ᠬᠣ᠋ ᠶᠢᠨ ᠪᠠᠯᠭᠠᠰᠤᠨ ᠤ ᠣᠷᠣᠯᠠᠭᠤᠯᠵᠤ ᠪᠣᠯᠤᠰᠢ ᠥᠬᠡᠶ ︽ᠠᠯᠲᠠᠨ ᠦᠰᠦᠭᠲᠦ ᠨᠠᠷᠠᠲᠤ ᠲᠡᠮᠳᠡᠭ︾ ᠪᠣᠯᠤᠭᠰᠠᠨ ᠪᠠᠶᠢᠨ᠎ᠠ᠃ ᠪᠠᠰᠠ ᠠᠮᠢ ᠠᠬᠤᠶ ᠶᠢᠨ ᠤᠭ ᠭᠠᠷᠤᠯᠲᠠ ᠶᠢᠨ ᠣᠷᠣᠨ ᠤ ᠬᠠᠮᠠᠭᠠᠯᠠᠯᠲᠠ ᠶᠢᠨ ᠪᠦᠲᠦᠭᠡᠭᠳᠡᠬᠦᠨ ᠢ ᠭᠤᠶᠤᠴᠢᠯᠠᠨ ᠮᠡᠳᠡᠭᠦᠯᠬᠦ ᠳᠤ ᠨᠥᠬᠦᠴᠡᠯ ᠬᠠᠩᠭᠠᠪᠠ᠃ ᠡᠭᠦᠨ  ᠢᠶᠠᠷ ᠪᠠᠷᠠᠬᠤ ᠥᠬᠡᠶ᠂ ᠲᠦᠴᠢᠦᠸᠠᠨ ᠰᠢᠶᠠᠨ ᠤ ᠨᠠᠷᠢᠮᠤ᠂ ᠨᠣᠭᠤᠭᠠᠨ ᠪᠤᠷᠴᠠᠭ᠂ ᠪᠣᠷᠣ ᠰᠠᠷᠢᠮᠰᠠᠭ᠂ ᠬᠡᠦᠬᠡᠯᠳᠡᠶ ᠬᠤᠷᠣᠬᠠᠶ ᠡᠪᠡᠰᠦ ᠵᠡᠷᠭᠡ ᠦᠶᠯᠡᠳᠬᠦᠨ ᠤ ᠠᠵᠤ ᠦᠶᠯᠡᠰ ᠤᠨ ᠬᠡᠯᠬᠢᠶ᠎ᠡ ᠨᠢ ᠪᠦᠷᠢᠨ ᠪᠦᠲᠦᠨ ᠪᠠᠶᠢᠵᠤ᠂ ᠠᠵᠤ ᠦᠶᠯᠡᠰ ᠬᠢᠭᠡᠳ ᠣᠷᠴᠢᠨ ᠲᠣᠭᠤᠷᠢᠨ ᠨᠥᠬᠦᠷᠰᠡᠭ ᠢᠶᠠᠷ ᠬᠥᠭᠵᠢᠵᠦ᠂ ᠵᠢᠱᠢᠶ᠎ᠡ ᠦᠵᠡᠭᠦᠯᠬᠦ ᠦᠶᠯᠡᠳᠦᠯ ᠢᠶᠠᠷ ᠴᠢᠩᠭ᠎ᠠ ᠪᠠᠶᠢᠵᠤ᠂ ᠨᠢᠭᠡ ᠪᠦᠯᠦᠭ ᠠᠮᠢ ᠠᠬᠤᠶ ᠶᠢᠨ ᠥᠪᠡᠷᠮᠢᠴᠡ ᠣᠨᠴᠠᠯᠢᠭ ᠲᠠᠢ ᠳᠠᠪᠠᠭᠤᠯᠢᠭ ᠠᠵᠤ ᠦᠶᠯᠡᠰ ᠢ ᠪᠦᠷᠢᠯᠳᠦᠭᠦᠯᠵᠡᠶ᠃
   ᠠᠮᠢ ᠠᠬᠤᠢ ᠶᠢᠨ ᠣᠬ ᠭᠠᠷᠤᠯᠲᠠ ᠶᠢᠨ ᠭᠠᠵᠠᠷ ᠤᠨ ᠦᠢᠯᠡᠳᠬᠦᠨ ᠤ ᠭᠡᠷᠡᠴᠢᠯᠡᠯ ᠪᠣᠯ ᠭᠡᠷᠡᠴᠢᠯᠡᠬᠦ ᠴᠢᠨᠠᠷᠲᠠᠢ ᠭᠡᠷᠡᠴᠢᠯᠡᠯ ᠳᠤ ᠲᠣᠭᠠᠴᠠᠭᠳᠠᠨ᠎ᠠ᠂ ᠲᠡᠷᠡ ᠨᠢ ᠦᠢᠯᠡᠳᠬᠦᠨ ᠤ ᠣᠬ ᠭᠠᠷᠤᠯᠲᠠ ᠶᠢᠨ ᠭᠠᠵᠠᠷ ᠨᠢ ᠣᠨᠴᠠᠭᠠᠢ ᠠᠭᠤᠷ ᠠᠮᠢᠰᠬᠤᠯ᠂ ᠬᠥᠷᠥᠰᠥ ᠰᠢᠷᠣᠢ ᠪᠣᠯᠤᠨ ᠣᠷᠴᠢᠨ ᠠᠬᠤᠢ ᠵᠡᠷᠭᠡ ᠨᠥᠬᠦᠴᠡᠯ ᠢ ᠪᠦᠷᠢᠯᠳᠦᠭᠦᠯᠦᠭᠰᠡᠨ ᠪᠥᠭᠡᠳ ᠶᠠᠰᠤ ᠴᠢᠨᠠᠷ ᠤᠨ ᠲᠠᠯ᠎ᠠ ᠪᠠᠷ ᠢᠯᠡᠳᠲᠡ ᠳᠠᠪᠠᠭᠤᠯᠢᠭ ᠲᠠᠯ᠎ᠠ ᠲᠠᠢ ᠪᠠᠶᠢᠬᠤ ᠶᠢ ᠬᠠᠷᠠᠭᠤᠯᠵᠤ ᠪᠠᠶᠢᠨ᠎ᠠ᠃ ᠠᠮᠢ ᠠᠬᠤᠶ ᠶᠢᠨ ᠤᠭ ᠭᠠᠷᠤᠯᠲᠠ ᠶᠢᠨ ᠣᠷᠣᠨ ᠤ ᠪᠦᠲᠦᠭᠡᠭᠳᠡᠬᠦᠨ ᠪᠣᠯ ᠪᠣᠬᠢᠷᠲᠤᠯ ᠦᠭᠡᠶ᠂ ᠳᠣᠣᠷ᠎ᠠ ᠨᠡᠭᠦᠷᠡᠰᠦᠳᠦᠷᠦᠭᠴᠢᠳᠦ᠂ ᠡᠨᠧᠷᠭᠢ ᠠᠷᠪᠢᠯᠠᠬᠤ᠂ ᠣᠷᠴᠢᠯᠲᠠ ᠶᠢᠨ ᠱᠠᠭᠠᠷᠳᠠᠯᠭ᠎ᠠ ᠳᠤ ᠨᠡᠶᠢᠴᠡᠬᠦ ᠶᠢᠨ ᠬᠠᠮᠲᠤ᠂ ᠤᠭ ᠭᠠᠷᠤᠯᠲᠠ ᠶᠢᠨ ᠣᠷᠣᠨ  ᠤ ᠣᠨᠴᠠᠯᠢᠭ ᠪᠠ ᠣᠨᠴᠠᠯᠢᠭ ᠪᠦᠬᠦᠢ ᠠᠮᠢ ᠠᠬᠤᠶ ᠶᠢᠨ ᠬᠡᠯᠪᠡᠷᠢ ᠶᠢᠨ ᠪᠦᠲᠦᠭᠡᠭᠳᠡᠬᠦᠨ ᠪᠣᠯᠤᠨ᠎ᠠ᠂ ᠪᠦᠲᠦᠭᠡᠭᠳᠡᠬᠦᠨ  ᠳᠤ ︽ᠠᠮᠢ ᠠᠬᠤᠶ ᠶᠢᠨ ᠤᠭ ᠭᠠᠷᠤᠯᠲᠠ ᠶᠢᠨ ᠣᠷᠣᠨ ᠤ ᠪᠦᠲᠦᠭᠡᠭᠳᠡᠬᠦᠨ ᠢ ᠬᠠᠮᠠᠭᠠᠯᠠᠬᠤ︾ ᠦᠨᠡᠮᠯᠡᠯ ᠪᠠ ᠲᠡᠮᠳᠡᠭ ᠢ ᠨᠢᠭᠡᠳᠦᠯᠲᠡᠶ ᠬᠡᠷᠡᠭᠯᠡᠵᠦ᠂ ᠬᠠᠮᠢᠶ᠎ᠠ ᠪᠦᠬᠦᠢ ᠬᠠᠤᠯᠢ ᠴᠠᠭᠠᠵᠠ ᠶᠢᠨ ᠬᠠᠮᠠᠭᠠᠯᠠᠯᠲᠠ ᠶᠢ ᠣᠯᠤᠨ᠎ᠠ᠃
   ᠲᠦᠴᠢᠦᠸᠠᠨ ᠰᠢᠶᠠᠨ ᠶᠡᠭᠡ ᠬᠢᠩᠭᠠᠨ ᠳᠠᠪᠠᠭ᠎ᠠ ᠶᠢᠨ ᠡᠮᠦᠨ᠎ᠡ ᠬᠤᠷᠮᠣᠢ ᠳᠤ ᠪᠠᠶᠢᠷᠢᠯᠠᠵᠤ᠂ ᠡᠯᠪᠡᠭ ᠪᠠᠶᠠᠯᠢᠭ ᠡᠬᠢ ᠪᠠᠶᠠᠯᠢᠭ ᠲᠠᠢ᠂ ᠳᠠᠪᠠᠭᠤᠯᠢᠭ ᠣᠷᠴᠢᠨ ᠲᠣᠭᠤᠷᠢᠨ ᠲᠠᠢ᠂ ᠡᠯᠪᠡᠭ ᠪᠠᠶᠠᠯᠢᠭ ᠰᠣᠶᠣᠯ ᠲᠠᠢ᠂ ᠬᠥᠷᠥᠰᠥ ᠰᠢᠷᠣᠢ ᠦᠩ ᠰᠢᠮᠡᠯᠢᠭ᠂ ᠠᠭᠤᠷ ᠠᠮᠢᠰᠬᠤᠯ ᠳᠤᠯᠠᠭᠠᠨ᠂ ᠰᠠᠶᠢᠨ ᠰᠠᠶᠢᠬᠠᠨ ᠲᠠᠷᠢᠶᠠᠯᠠᠩ᠂ ᠤᠢ ᠰᠢᠭᠤᠢ᠂ ᠮᠠᠯ ᠠᠵᠤ ᠠᠬᠤᠢ ᠶᠢᠨ ᠬᠥᠭᠵᠢᠯᠲᠡ ᠶᠢᠨ ᠪᠠᠶᠢᠭᠠᠯᠢ ᠶᠢᠨ ᠨᠥᠬᠦᠴᠡᠯ ᠲᠠᠢ᠂ ᠪᠦᠬᠦ ᠤᠯᠤᠰ ᠤᠨ ᠲᠡᠰ ᠠᠴᠠ ᠳᠠᠪᠠᠭᠰᠠᠨ ᠠᠮᠤ ᠪᠤᠳᠠᠭᠠᠨ ᠤ ᠭᠠᠷᠤᠯᠲᠠ ᠶᠢᠨ ᠲᠤᠮᠤ ᠰᠢᠶᠠᠨ᠂ ᠪᠦᠬᠦ ᠤᠯᠤᠰ ᠤᠨ ᠤᠢ ᠰᠢᠭᠤᠢ ᠶᠢᠨ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠲᠡᠷᠢᠭᠦᠨ ᠤ ᠰᠢᠶᠠᠨ᠂ ᠤᠯᠤᠰ ᠤᠨ ᠮᠠᠯ ᠠᠵᠤ ᠠᠬᠤᠢ ᠲᠡᠵᠢᠭᠡᠨ ᠦᠷᠡᠵᠢᠭᠦᠯᠬᠦ ᠲᠤᠮᠤ ᠰᠢᠶᠠᠨ  ᠤ ᠲᠠᠷᠢᠵᠦ ᠲᠡᠵᠢᠭᠡᠬᠦ ᠶᠢ ᠤᠶᠠᠯᠳᠤᠭᠤᠯᠵᠤ ᠪᠦᠬᠦᠶᠢᠯᠡ ᠰᠢᠶᠠᠨ ᠢ ᠠᠬᠢᠭᠤᠯᠬᠤ ᠲᠤᠷᠰᠢᠯᠲᠠ ᠶᠢᠨ ᠰᠢᠶᠠᠨ᠂ ᠤᠯᠤᠰ  ᠤᠨ ᠲᠡᠰ ᠤᠨ ᠭᠠᠳᠠᠭᠠᠳᠤ ᠳᠤ ᠭᠠᠷᠭᠠᠬᠤ ᠢᠳᠡᠭᠡᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠵᠢᠱᠢᠶ᠎ᠡ ᠦᠵᠡᠭᠦᠯᠬᠦ ᠣᠷᠣᠨ᠂ ᠳᠤᠮᠳᠠᠳᠤ ᠤᠯᠤᠰ ᠤᠨ ᠭᠤᠸᠠ ᠨᠣᠭᠤᠭ᠎ᠠ ᠶᠢᠨ ᠰᠢᠶᠠᠩ᠂ ᠪᠦᠬᠦ ᠤᠯᠤᠰ ᠤᠨ ᠰᠣᠶᠣᠯ ᠤᠨ ᠲᠡᠷᠢᠭᠦᠨ ᠤ ᠰᠢᠶᠠᠨ᠂ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠪᠠᠷ ᠬᠦᠴᠦᠷᠬᠡᠭ ᠰᠢᠶᠠᠨ ᠢ ᠪᠦᠳᠦᠭᠡᠨ ᠪᠠᠶᠢᠭᠤᠯᠬᠤ ᠲᠤᠷᠰᠢᠯᠲᠠ ᠶᠢᠨ ᠰᠢᠶᠠᠨ᠃
   ᠣᠶᠢᠷ᠎ᠠ ᠶᠢᠨ ᠵᠢᠯ ᠠᠴᠠ ᠨᠠᠭᠠᠰᠢ᠂ ᠲᠦᠴᠢᠦᠸᠠᠨ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠠᠮᠢ ᠠᠬᠤᠶ ᠶᠢᠨ ᠣᠭ ᠭᠠᠷᠤᠯᠲᠠ ᠶᠢᠨ ᠣᠷᠣᠨ ᠤ ᠪᠦᠲᠦᠭᠡᠭᠳᠡᠬᠦᠨ ᠢ ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ︾ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠭᠤᠶᠢᠪᠢᠰᠢ ᠥᠬᠡᠶ ᠪᠠᠷᠢᠮᠲᠠᠯᠠᠵᠤ᠂ ᠲᠦᠴᠢᠦᠸᠠᠨ ᠰᠢᠶᠠᠨ ᠤ ᠡᠯᠪᠡᠭ ᠪᠠᠶᠠᠯᠢᠭ ᠪᠠᠶᠢᠭᠠᠯᠢ ᠶᠢᠨ ᠡᠬᠢ ᠪᠠᠶᠠᠯᠢᠭ ᠲᠤ ᠲᠦᠰᠢᠭᠯᠡᠨ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠠᠮᠢ ᠠᠬᠤᠶ ᠶᠢᠨ ᠣᠭ ᠭᠠᠷᠤᠯᠲᠠ ᠶᠢᠨ ᠣᠷᠣᠨ ᠤ ᠪᠦᠲᠦᠭᠡᠭᠳᠡᠬᠦᠨ ᠤ ᠬᠠᠮᠠᠭᠠᠯᠠᠯᠲᠠ  ᠶᠢᠨ ᠣᠷᠣᠨ ᠤ ᠪᠥᠲᠥᠭᠡᠨ ᠪᠠᠶᠢᠭᠤᠯᠤᠯᠲᠠ ᠶᠢᠨ ᠠᠵᠢᠯ ᠢ ᠨᠠᠷᠢᠨ ᠬᠢᠨᠠᠮᠠᠭᠠᠶ ᠥᠷᠨᠢᠭᠦᠯᠪᠡ᠃
   ᠠᠮᠢ ᠠᠬᠤᠶ ᠶᠢᠨ ᠣᠭ ᠭᠠᠷᠤᠯᠲᠠ ᠶᠢᠨ ᠣᠷᠣᠨ ᠤ ᠪᠦᠲᠦᠭᠡᠭᠳᠡᠬᠦᠨ ᠢ ᠬᠠᠮᠠᠭᠠᠯᠠᠬᠤ ᠣᠷᠣᠨ ᠢ ᠠᠮᠵᠢᠯᠲᠠ ᠲᠠᠢ ᠡᠭᠦᠳᠦᠨ ᠪᠠᠶᠢᠭᠤᠯᠤᠭᠰᠠᠨ ᠨᠢ ᠲᠦᠴᠢᠦᠸᠠᠨ ᠰᠢᠶᠠᠨ ᠤ ᠠᠮᠢ ᠠᠬᠤᠶ ᠶᠢᠨ ᠪᠦᠲᠦᠭᠡᠭᠳᠡᠬᠦᠨ ᠢ ᠦᠶᠯᠡᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠷᠣᠨ ᠪᠦᠰᠡ ᠶᠢᠨ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ ᠨᠠᠷᠠᠲᠤ ᠲᠡᠮᠳᠡᠭᠲᠦ ᠶᠢᠨ ᠥᠷᠢᠰᠥᠯᠳᠦᠭᠡᠨ ᠤ ᠰᠢᠨ᠎ᠡ ᠳᠠᠪᠠᠭᠤᠯᠢᠭ  ᠢ ᠪᠣᠶᠢᠵᠢᠭᠤᠯᠵᠤ᠂ ᠠᠮᠢ ᠠᠬᠤᠶ ᠶᠢᠨ ᠣᠭ ᠭᠠᠷᠤᠯᠲᠠ ᠶᠢᠨ ᠣᠷᠣᠨ ᠤ ᠬᠠᠮᠠᠭᠠᠯᠠᠯᠲᠠ ᠶᠢᠨ ᠪᠦᠲᠦᠭᠡᠭᠳᠡᠬᠦᠨ ᠤ ᠳᠡᠯᠡᠬᠡᠶ ᠨᠡᠶᠢᠲᠡ ᠪᠠ ᠤᠯᠤᠰ ᠤᠨ ᠳᠣᠲᠣᠭᠠᠳᠤ ᠶᠢᠨ ᠥᠷᠢᠰᠥᠯᠳᠦᠬᠦ ᠬᠦᠴᠦᠨ ᠢ ᠴᠢᠩᠭᠠᠷᠠᠭᠤᠯᠵᠤ᠂ ᠠᠵᠤ ᠠᠬᠤᠶ  ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ᠂ ᠠᠮᠢ ᠠᠬᠤᠶ ᠶᠢᠨ ᠦᠷ᠎ᠡ ᠠᠰᠢᠭ ᠢ ᠵᠡᠷᠭᠡᠪᠡᠷ ᠳᠡᠭᠡᠭᠰᠢᠯᠡᠭᠦᠯᠬᠦ ᠪᠣᠯᠤᠨ᠎ᠠ᠃
   ︽ᠢᠷᠡᠭᠡᠳᠦᠢ ᠶᠢ ᠪᠠᠷᠠᠯᠠᠬᠤᠶ᠎ᠠ᠂ ᠲᠦᠴᠢᠦᠸᠠᠨ ᠰᠢᠶᠠᠨ ᠠᠮᠢ ᠠᠬᠤᠢ ᠶᠢᠨ ᠤᠭ ᠭᠠᠷᠤᠯᠲᠠ ᠶᠢᠨ ᠣᠷᠣᠨ ᠤ ᠬᠠᠮᠠᠭᠠᠯᠠᠯᠲᠠ ᠶᠢᠨ ᠦᠢᠯᠡᠳᠬᠦᠨ ᠵᠢᠴᠢ ᠬᠠᠮᠠᠭᠠᠯᠠᠯᠲᠠ ᠶᠢᠨ ᠣᠷᠣᠨ ᠢᠶᠠᠷ ᠠᠬᠢᠭᠤᠯᠬᠤ ᠬᠦᠴᠦᠨ ᠪᠣᠯᠭᠠᠵᠤ᠂ ᠪᠣᠬᠢᠷᠲᠤᠯ ᠦᠭᠡᠢ ᠬᠥᠭᠵᠢᠯᠲᠡ ᠪᠠᠷ ᠢᠮᠠᠭᠲᠠ ᠬᠠᠮᠤᠭ ᠤᠨ ᠦᠵᠡᠰᠬᠦᠯᠡᠩᠲᠦ ᠰᠠᠶᠢᠬᠠᠨ ᠳᠡᠪᠢᠰᠬᠡᠷ ᠦᠩᠭᠡ ᠪᠣᠯᠭᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠶᠢᠨ ᠴᠢᠬᠤᠯᠠ ᠪᠠᠶᠢᠷᠢᠨ ᠳᠤ ᠲᠠᠯᠪᠢᠨ ᠠᠳᠬᠤᠵᠤ᠂ ᠲᠦᠷᠦᠯ ᠲᠡᠮᠳᠡᠭ ᠤᠨ ᠪᠠᠶᠢᠭᠤᠯᠤᠯᠲᠠ ᠶᠢ ᠲᠦᠷᠭᠡᠳᠬᠡᠵᠦ᠂ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠨᠡᠩ ᠤᠯᠠᠨ ᠲᠠᠷᠢᠶᠠᠯᠠᠩ ᠤᠨ ᠪᠦᠲᠦᠭᠡᠭᠳᠡᠬᠦᠨ ᠵᠢᠴᠢ ᠠᠵᠤ ᠠᠬᠤᠶᠢᠯᠠᠯ ᠢ ᠬᠦᠳᠦᠯᠦᠨ ᠵᠢᠯᠣᠭᠤᠳᠴᠤ ᠪᠠᠶᠢᠭᠠᠳ ᠪᠣᠬᠢᠷᠲᠤᠯ ᠦᠭᠡᠢ᠂ ᠠᠮᠢ ᠠᠬᠤᠢᠢᠵᠢᠭᠰᠠᠨ᠂ ᠲᠦᠷᠦᠯ ᠲᠡᠮᠳᠡᠭᠵᠢᠭᠰᠡᠨ ᠬᠥᠭᠵᠢᠯᠲᠡ ᠶᠢᠨ ᠵᠠᠮ ᠢᠶᠠᠷ ᠵᠠᠮᠨᠠᠭᠤᠯᠵᠤ᠂ ᠡᠭᠦᠨ ᠤ ᠤᠯᠠᠮ ᠢᠶᠠᠷ ᠪᠦᠬᠦ ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯᠤᠨ᠎ᠠ᠃︾ ᠭᠡᠵᠦ ᠲᠦᠴᠢᠦᠸᠠᠨ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠬᠤ᠋ ᠶᠠᠩ ᠬᠡᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号