ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ ᠰᠦᠨ ᠱᠤᠤ ᠴᠧᠩ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2024/8/27
   8 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠬᠤᠷᠠᠯ ᠢ ᠡᠷᠭᠢᠯᠡᠵᠡᠢ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠳ᠋ᠧᠩ ᠰᠢᠶᠣᠣ ᠫᠢᠩ ᠨᠥᠬᠦᠷ ᠤᠨ ᠮᠡᠨᠳᠦᠯᠡᠭᠰᠡᠨ 120 ᠵᠢᠯ ᠤᠨ ᠤᠢ ᠶᠢ ᠳᠤᠷᠠᠰᠬᠠᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠤᠭ ᠰᠠᠨᠠᠭ᠎ᠠ ᠪᠠᠨ ᠦᠯᠦ ᠮᠠᠷᠲᠠᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠡᠷᠡᠰ ᠭᠤᠶᠢᠪᠢᠰᠢ ᠦᠭᠡᠢ ᠪᠠᠷ ᠮᠠᠤ ᠽᠧ ᠳ᠋ᠦᠩ᠂ ᠳ᠋ᠧᠩ ᠰᠢᠶᠣᠣ ᠫᠢᠩ ᠵᠡᠷᠭᠡ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠨᠡᠭᠡᠭᠡᠭᠰᠡᠨ ᠵᠠᠮ ᠢᠶᠠᠷ ᠵᠠᠮᠨᠠᠵᠤ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠤᠷᠤᠭᠰᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠤᠯᠭᠠᠵᠤ᠂ ᠬᠤᠶᠠᠷ ᠶᠡᠭᠡ ᠶᠠᠪᠤᠳᠠᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳᠤ ᠣᠷᠣᠵᠤ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠲᠡᠢ᠃ ᠨᠠᠮ ᠤᠨ ᠰᠢᠨ᠎ᠡ ᠡᠭᠦᠳᠦᠯᠲᠡ ᠶᠢᠨ ᠤᠨᠤᠯ ᠢᠶᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠲᠡᠭᠦᠨ ᠤ ᠳᠤᠮᠳᠠ ᠠᠴᠠ ᠤᠶᠤᠨ ᠤᠬᠠᠭᠠᠨ ᠬᠦᠴᠦᠨ ᠴᠢᠳᠠᠯ ᠣᠯᠵᠤ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ᠂ ᠠᠵᠢᠯ ᠤᠨ ᠰᠢᠨ᠎ᠡ ᠶᠢ ᠡᠭᠦᠳᠴᠦ ᠠᠬᠢᠭᠤᠯᠬᠤ ᠰᠡᠳᠬᠢᠮᠵᠢ ᠠᠷᠭ᠎ᠠ ᠬᠡᠮᠵᠢᠶ᠎ᠡ ᠶᠢ ᠡᠷᠢᠯᠬᠢᠯᠡᠵᠦ᠂ ᠤᠨᠤᠯ ᠢ ᠰᠤᠷᠤᠯᠴᠠᠬᠤ᠂ ᠤᠨᠤᠯ ᠢ ᠬᠡᠷᠡᠭᠯᠡᠬᠦ ᠴᠢᠳᠠᠪᠤᠷᠢ ᠲᠦᠪᠰᠢᠨ ᠢᠶᠠᠨ ᠳᠡᠭᠡᠭᠰᠢᠯᠡᠭᠦᠯᠭᠦ ᠬᠡᠷᠡᠭᠲᠡᠢ᠃ ᠴᠢᠩᠭ᠎ᠠ ᠬᠦᠴᠦᠲᠡᠢ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠡᠯ᠎ᠡ ᠵᠦᠢᠯ ᠤᠨ ᠠᠵᠢᠯ ᠢ ᠪᠣᠳᠠᠲᠠᠢ ᠠᠳᠬᠤᠵᠤ ᠨᠠᠷᠢᠯᠢᠭ ᠠᠳᠬᠤᠵᠤ᠂ ᠥᠭᠡᠷᠡᠴᠢᠯᠡᠯᠲᠡ ᠰᠠᠶᠢᠵᠢᠷᠠᠯᠲᠠ ᠲᠠᠢ᠂ ᠥᠭᠡᠷᠡᠴᠢᠯᠡᠯᠲᠡ ᠪᠦᠳᠦᠮᠵᠢ ᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ 33 ᠳ᠋ᠤᠭᠠᠷ ᠬᠤᠭᠤᠴᠠᠭᠠᠨ ᠤ ᠣᠯᠢᠮᠫᠢᠺ ᠤᠨ ᠲᠠᠮᠢᠷ ᠤᠨ ᠴᠤᠭᠯᠠᠭᠠᠨ ᠤ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠭᠦᠮ ᠢ ᠭᠥᠯᠢᠶᠡᠨ ᠠᠪᠴᠤ ᠠᠭᠤᠯᠵᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠥᠷᠢᠰᠦᠯᠳᠦᠭᠡᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠪᠣᠯᠣᠨ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ᠂ ᠡᠷᠡᠭᠦᠯ ᠡᠩᠬᠡ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠬᠤ ᠬᠡᠷᠡᠭᠲᠡᠢ᠃ ᠳᠤᠮᠳᠠᠳᠤ ᠪᠠᠭ᠎ᠠ ᠰᠤᠷᠭᠠᠭᠤᠯᠢ ᠠᠴᠠ ᠡᠬᠢᠯᠡᠨ ᠪᠡᠶ᠎ᠡ ᠶᠢᠨ ᠲᠠᠮᠢᠷ ᠤᠨ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠵᠤ᠂ ᠪᠤᠺᠰ ᠤᠨ ᠲᠡᠮᠡᠴᠡᠭᠡᠨ᠂ ᠪᠤᠶᠢᠺᠤ ᠪᠥᠮᠪᠦᠭᠡ᠂ ᠪᠦᠭᠡ ᠵᠡᠷᠭᠡ ᠳᠠᠪᠠᠭᠤᠯᠢᠭ ᠪᠠ ᠳᠠᠯᠳᠠ ᠬᠦᠴᠦᠨ ᠲᠠᠢ ᠲᠥᠷᠥᠯ ᠵᠦᠢᠯ ᠢ ᠪᠠᠬᠢᠵᠢᠭᠦᠯᠦᠨ ᠬᠥᠭᠵᠢᠭᠦᠯᠵᠦ᠂ ᠲᠠᠮᠢᠷᠴᠢᠳ ᠢ ᠵᠣᠬᠢᠶᠠᠨ ᠪᠠᠶᠢᠭᠤᠯᠤᠨ ᠢᠳᠡᠪᠬᠢᠲᠡᠢ ᠪᠣᠯᠪᠠᠰᠤᠷᠠᠭᠤᠯᠤᠨ ᠤᠷᠤᠯᠳᠤᠭᠠᠨ ᠳᠤ ᠪᠡᠯᠡᠳᠬᠡᠵᠦ᠂ ᠡᠯ᠎ᠡ ᠲᠥᠷᠥᠯ ᠤᠨ ᠤᠷᠤᠯᠳᠤᠭᠠᠨ ᠳᠤ ᠣᠷᠣᠯᠴᠠᠭᠤᠯᠵᠤ᠂ ᠤᠷᠤᠯᠳᠤᠭᠠᠨ ᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ ᠃ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠲᠠᠯᠠᠪᠤᠷ ᠭᠠᠵᠠᠷ ᠤᠨ ᠲᠥᠬᠦᠭᠡᠷᠦᠮᠵᠢ ᠶᠢ ᠰᠠᠶᠢᠲᠤᠷ ᠬᠡᠷᠡᠭᠯᠡᠵᠦ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠴᠢᠯᠡᠭᠡ ᠪᠠ ᠤᠬᠠᠭᠤᠯᠭ᠎ᠠ ᠶᠢ ᠴᠢᠩᠭᠠᠳᠬᠠᠨ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠢᠳᠡᠪᠬᠢᠲᠡᠢ ᠣᠷᠣᠯᠴᠠᠭᠤᠯᠵᠤ᠂ ᠡᠷᠡᠭᠦᠯ ᠴᠢᠭᠢᠷᠠᠭ ᠤᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠡᠯ᠎ᠡ ᠲᠤᠰᠬᠠᠢ ᠳᠤᠭᠤᠶᠢᠯᠠᠩ ᠪᠣᠯᠣᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠤᠯᠪᠣᠭᠳᠠᠯ ᠪᠦᠬᠦᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽︿ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠠᠨᠠᠯ ﹀ ᠤᠨ ᠲᠤᠬᠠᠢ ᠠᠵᠢᠯ ᠤᠨ ᠬᠤᠪᠢᠶᠠᠷᠢᠯᠠᠯ ᠤᠨ ᠲᠥᠰᠥᠯ ︾᠂ ︽ᠠᠮᠢ ᠠᠬᠤᠢ ᠣᠷᠴᠢᠨ ᠲᠣᠭᠤᠷᠢᠨ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ ︾ ᠢ ᠬᠢᠨᠠᠨ ᠵᠥᠪᠯᠡᠵᠦ ᠪᠠᠲᠤᠯᠠᠨ᠂ ᠥᠭᠡᠷᠡᠴᠢᠯᠡᠯᠲᠡ ᠶᠢ ᠠᠳᠬᠤᠬᠤ ᠳᠠᠭᠠᠨ ᠵᠣᠷᠢᠭᠲᠠᠢ ᠪᠠᠷ ᠰᠢᠨ᠎ᠡ ᠶᠢ ᠡᠭᠦᠳᠬᠦ ᠮᠥᠷᠲᠡᠭᠡᠨ ᠨᠢᠭᠡᠳᠦᠯᠲᠡᠢ ᠲᠥᠯᠥᠪᠵᠢᠭᠦᠯᠬᠦ ᠶᠢ ᠴᠢᠬᠤᠯᠠᠴᠢᠯᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠤᠨ ᠠᠵᠢᠯ ᠤᠨ ᠲᠣᠬᠢᠷᠠᠭᠤᠯᠤᠯᠲᠠ ᠶᠣᠰᠣᠭᠠᠷ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠪᠦᠭᠦ ᠬᠦᠴᠦᠨ ᠢᠶᠠᠷ ᠢᠶᠠᠨ ᠪᠣᠭᠤᠮᠲᠠ ᠰᠢᠪᠲᠤᠯᠬᠤ ᠬᠡᠷᠡᠭᠲᠡᠢ᠃ ᠡᠯ᠎ᠡ ᠵᠦᠢᠯ ᠤᠨ ᠠᠵᠢᠯ ᠤᠨ ᠬᠤᠭᠤᠷᠣᠨᠳᠣᠭᠢ ᠳᠣᠲᠣᠭᠠᠳᠤ ᠬᠤᠯᠪᠤᠭ᠎ᠠ ᠶᠢ ᠰᠠᠶᠢᠲᠤᠷ ᠡᠵᠡᠮᠳᠡᠵᠦ᠂ ᠰᠢᠰᠲ᠋ᠧᠮᠵᠢᠭᠦᠯᠦᠨ ᠬᠤᠷᠠᠭᠤᠯᠬᠤ ᠶᠢ ᠴᠢᠩᠭᠠᠳᠬᠠᠵᠤ᠂ ᠥᠭᠡᠷᠡᠴᠢᠯᠡᠯᠲᠡ ᠶᠢ ᠰᠢᠰᠲ᠋ᠧᠮᠵᠢᠭᠦᠯᠦᠨ ᠰᠤᠳᠤᠯᠤᠨ ᠠᠬᠢᠭᠤᠯᠬᠤ ᠬᠡᠷᠡᠭᠲᠡᠢ᠃ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠢ ᠦᠨᠡᠯᠡᠵᠦ ᠬᠢᠨᠠᠨ ᠰᠢᠯᠭᠠᠬᠤ ᠶᠢ ᠴᠢᠩᠭᠠᠳᠬᠠᠵᠤ᠂ ᠡᠯ᠎ᠡ ᠲᠠᠯ᠎ᠠ ᠶᠢᠨ ᠬᠢᠨ ᠤ ᠱᠠᠯᠠᠪᠳᠠᠨ ᠬᠥᠳᠡᠯᠦᠯᠴᠡᠬᠦ ᠶᠢ ᠠᠬᠢᠭᠤᠯᠵᠤ᠂ ᠬᠠᠮᠲᠤ ᠪᠠᠷ ᠥᠭᠡᠷᠡᠴᠢᠯᠡᠯᠲᠡ ᠬᠢᠬᠦ ᠳᠤ ᠬᠦᠴᠦᠯᠡᠵᠦ᠂ ᠦᠨᠡᠨ ᠪᠣᠳᠠᠲᠠᠢ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠦᠪᠦᠷ ᠮᠤᠩᠭᠤᠯ ‍ᠤᠨ‌ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠦᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号