ᠲᠦᠴᠢᠦᠸᠠᠨ ᠰᠢᠶᠠᠨ ᠤ ᠡᠮᠡᠭᠲᠡᠶ ᠶᠢᠨ ᠬᠥᠯ ᠪᠥᠮᠪᠦᠭᠡ ᠶᠢᠨ ᠠᠩᠭᠢ ᠰᠠᠶᠢᠨ ᠬᠢᠷᠢ ᠪᠦᠲᠦᠮᠵᠢ ᠣᠯᠪᠠ
ᠨᠡᠶᠢᠲᠡᠯᠡᠭᠰᠡᠨ ᠴᠠᠭ᠄
2024/8/27
   8 ᠰᠠᠷ᠎ᠠ ᠶᠢᠨ 21 ᠤ ᠡᠳᠦᠷ ᠠᠴᠠ 24 ᠤ ᠡᠳᠦᠷ ᠪᠣᠯᠲᠠᠯ᠎ᠠ᠂ ᠳᠥᠷᠪᠡᠨ ᠡᠳᠦᠷ ᠤᠨ ᠬᠤᠭᠤᠴᠠᠭ᠎ᠠ ᠲᠠᠢ ᠶᠠᠪᠤᠭᠳᠠᠭᠰᠠᠨ ᠬᠤᠶᠠᠳᠤᠭᠠᠷ ᠬᠤᠭᠤᠴᠠᠭᠠᠨ ᠤ UYC ᠡᠮᠡᠭᠲᠡᠶ ᠶᠢᠨ ᠬᠥᠯ ᠪᠥᠮᠪᠦᠭᠡ ᠶᠢᠨ ᠴᠠᠭᠠᠷᠢᠭ ᠪᠥᠮᠪᠥᠭᠡᠨ ᠬᠤᠨᠳᠠᠭᠠᠲᠤ U 12 ᠮᠠᠩᠯᠠᠶ ᠰᠢᠯᠭᠠᠷᠠᠭᠤᠯᠬᠤ ᠤᠷᠤᠯᠳᠤᠭᠠᠨ ︵ᠣᠯᠠᠨ ᠤᠯᠤᠰ ᠤᠨ ᠬᠥᠯ ᠪᠥᠮᠪᠦᠭᠡ ᠶᠢᠨ ᠬᠤᠯᠪᠣᠭᠠᠨ ᠳᠤ ᠳᠠᠩᠰᠠᠯᠠᠭᠤᠯᠤᠭᠰᠠᠨ ᠳᠤᠮᠳᠠᠳᠤ ᠤᠯᠤᠰ ᠤᠨ ᠬᠥᠯ ᠪᠥᠮᠪᠦᠭᠡ ᠶᠢᠨ ᠨᠡᠶᠢᠭᠡᠮᠯᠢᠭ ᠲᠡᠮᠵᠢᠭᠰᠡᠨᠨ︶ ᠥᠨᠳᠥᠷᠯᠡᠪᠡ᠃ ᠮᠠᠨ ᠤ ᠰᠢᠶᠠᠨ ᠤ ᠲᠥᠯᠥᠭᠡᠯᠡᠭᠴᠢᠳ ᠤᠨ ᠠᠩᠭᠢ ᠬᠦᠴᠦᠯᠡᠨ ᠲᠡᠮᠡᠴᠡᠵᠦ᠂ ᠳᠥᠷᠪᠡᠳᠦᠭᠡᠷ ᠲᠤ ᠣᠷᠣᠭᠰᠠᠨ ᠰᠢᠯᠢᠳᠡᠭ ᠬᠢᠷᠢ ᠪᠦᠲᠦᠮᠵᠢ ᠣᠯᠪᠠ᠃
   ︽ᠴᠠᠭᠠᠷᠢᠭ ᠪᠥᠮᠪᠥᠭᠡᠨ ᠬᠤᠨᠳᠠᠭᠠᠲᠤ︾ ᠪᠣᠯ ᠳᠡᠯᠡᠬᠡᠶ ᠶᠢᠨ ᠵᠠᠯᠠᠭᠤ ᠪᠠᠭᠠᠴᠤᠳ ᠤᠨ ᠬᠥᠯ ᠪᠥᠮᠪᠦᠭᠡ ᠶᠢᠨ ᠨᠠᠷᠠᠲᠤ ᠤᠷᠤᠯᠳᠤᠭᠠᠨ ᠪᠣᠯᠤᠨ᠎ᠠ᠂ ᠠᠩᠭ᠍ᠯᠢ ᠬᠡᠯᠡᠨ ᠤ ᠲᠣᠪᠴᠢ ᠨᠡᠷ᠎ᠡ ᠨᠢ ︽UYC︾ ᠭᠡᠳᠡᠭ᠂ U11 ᠪᠠ U12 ᠨᠠᠰᠤᠨ ᠤ ᠬᠤᠭᠤᠷᠣᠨᠳᠣ᠂ ᠪᠠᠭ᠎ᠠ ᠳᠡᠯᠡᠬᠡᠶ ᠶᠢᠨ ᠬᠤᠨᠳᠠᠭᠠᠲᠤ ᠤᠷᠤᠯᠳᠤᠭᠠᠨ ᠭᠡᠳᠡᠭ᠃ ᠳᠡᠯᠡᠬᠡᠶ ᠶᠢᠨ ᠡᠯ᠎ᠡ ᠭᠠᠵᠠᠷ ᠤᠨ ᠨᠠᠷᠠᠲᠤ ᠺᠯᠦ᠋ᠪ ᠪᠦᠷ ᠡᠩᠨᠡᠭᠡ ᠲᠣᠮᠢᠯᠠᠨ ᠣᠷᠣᠯᠴᠠᠭᠤᠯᠤᠨ᠎ᠠ᠃ ᠢᠲ᠋ᠠᠯᠢ ᠶᠢᠨ ᠲᠣᠰᠺᠠᠨᠠ ᠶᠡᠭᠡ ᠲᠣᠭᠤᠷᠢᠭ ᠤᠨ ᠮᠠᠯᠮᠢᠪᠦᠷᠡᠭ ᠬᠤᠲᠠ ᠪᠠ ᠮᠤᠨᠲ᠋ᠢᠨᠢᠤᠰᠤ᠋ ᠬᠤᠲᠠ ᠳᠤ ᠲᠤᠰ ᠲᠤᠰ 12 ᠳ᠋ᠤᠭᠠᠷ ᠬᠤᠭᠤᠴᠠᠭᠠᠨ ᠤ ᠡᠷᠡᠭᠲᠡᠶ ᠶᠢᠨ ᠬᠥᠯ ᠪᠥᠮᠪᠦᠭᠡ ᠶᠢᠨ ᠴᠠᠭᠠᠷᠢᠭ ᠪᠥᠮᠪᠥᠭᠡᠨ ᠬᠤᠨᠳᠠᠭ᠎ᠠ ᠪᠠ ᠠᠩᠬᠠᠳᠤᠭᠠᠷ ᠬᠤᠭᠤᠴᠠᠭᠠᠨ ᠤ ᠡᠮᠡᠭᠲᠡᠶ  ᠶᠢᠨ ᠬᠥᠯ ᠪᠥᠮᠪᠦᠭᠡ ᠶᠢᠨ ᠴᠠᠭᠠᠷᠢᠭ ᠪᠥᠮᠪᠥᠭᠡᠨ ᠬᠤᠨᠳᠠᠭ᠎ᠠ ᠡᠷᠭᠢᠯᠡᠪᠡ᠃ ᠠᠩᠬᠠᠳᠤᠭᠠᠷ ᠬᠤᠭᠤᠴᠠᠭᠠᠨ ᠤ ᠡᠮᠡᠭᠲᠡᠶ  ᠶᠢᠨ ᠬᠥᠯ ᠪᠥᠮᠪᠦᠭᠡ ᠶᠢᠨ ᠴᠠᠭᠠᠷᠢᠭ ᠪᠥᠮᠪᠥᠭᠡᠨ ᠬᠤᠨᠳᠠᠭᠠᠲᠤ ᠤᠷᠤᠯᠳᠤᠭᠠᠨ ᠳᠤ ᠫᠣᠷᠲ᠋ᠦ᠋ᠭᠠᠯ ᠤᠨ ᠪᠧᠨᠹᠸᠢᠢᠺᠠ ᠠᠩᠭᠢ᠂ ᠹᠷᠠᠨᠼᠢ ᠶᠢᠨ ᠫᠠᠷᠢᠰ ᠤᠨ ᠰᠠᠨᠲ ᠭᠧᠷᠮᠠᠨ ᠠᠩᠭᠢ᠂ ᠢᠲ᠋ᠠᠯᠢ ᠶᠢᠨ ᠶᠦᠦᠸ᠋ᠨᠲ᠋ᠦ᠋ᠰ ᠪᠣᠯᠤᠨ ᠭᠠᠨᠵᠸᠦ ᠶᠢᠨ ᠳ᠋ᠢᠩ ᠨᠠᠨ ᠵᠡᠷᠭᠡ 16 ᠪᠥᠮᠪᠥᠭᠡᠨ ᠠᠩᠭᠢ ᠣᠷᠣᠯᠴᠠᠵᠤ᠂ ᠡᠮᠡᠭᠲᠡᠶ ᠶᠢᠨ ᠬᠥᠯ ᠪᠥᠮᠪᠦᠭᠡ ᠶᠢᠨ ᠴᠠᠭᠠᠷᠢᠭ ᠪᠥᠮᠪᠥᠭᠡᠨ ᠬᠤᠨᠳᠠᠭᠠᠲᠤ ᠤᠷᠤᠯᠳᠤᠭᠠᠨ ᠳᠤ ᠣᠯᠠᠨ ᠤᠯᠤᠰ ᠤᠨ ᠬᠥᠯ ᠪᠥᠮᠪᠦᠭᠡ ᠶᠢᠨ ᠬᠤᠯᠪᠣᠭᠠᠨ ᠤ ᠬᠦᠴᠦᠲᠡᠶ ᠳᠡᠮᠵᠢᠯᠭᠡ ᠶᠢ ᠣᠯᠵᠠᠶ᠂ ᠡᠨᠡ ᠪᠣᠯ ᠣᠳᠣᠬᠠᠨ ᠤ ᠴᠣᠷ ᠤᠨ ᠭᠠᠭᠴᠠ FIFA ᠲᠡᠮᠳᠡᠭ ᠢ ᠬᠡᠷᠡᠭᠯᠡᠵᠦ ᠪᠣᠯᠬᠤ ᠵᠠᠯᠠᠭᠤᠴᠤᠳ ᠪᠠᠭᠠᠴᠤᠳ ᠤᠨ ᠡᠮᠡᠭᠲᠡᠶ ᠶᠢᠨ ᠬᠥᠯ ᠪᠥᠮᠪᠦᠭᠡ ᠶᠢᠨ ᠤᠷᠤᠯᠳᠤᠭᠠᠨ ᠪᠣᠯᠤᠨ᠎ᠠ᠂ ᠠᠩᠬᠠᠳᠤᠭᠠᠷ ᠬᠤᠭᠤᠴᠠᠭᠠᠨ ᠤ ᠤᠷᠤᠯᠳᠤᠭᠠᠨ ᠳᠤ ᠣᠷᠣᠯᠴᠠᠭᠰᠠᠨ ᠪᠤᠶ ᠪᠦᠬᠦᠢ ᠲᠠᠮᠢᠷᠴᠢᠳ ᠴᠥᠮ ᠣᠯᠠᠨ ᠤᠯᠤᠰ ᠤᠨ ᠬᠥᠯ ᠪᠥᠮᠪᠦᠭᠡ ᠶᠢᠨ ᠬᠤᠯᠪᠣᠭᠠᠨ ᠤ ᠪᠡᠯᠡᠭᠯᠡᠭᠰᠡᠨ FIFA ᠲᠡᠮᠳᠡᠭ ᠲᠠᠢ ᠪᠥᠮᠪᠥᠭᠡᠨ ᠬᠤᠪᠴᠠᠰᠤ ᠶᠢ ᠤᠯᠤᠨ᠎ᠠ᠃    ᠲᠤᠰ ᠤᠳᠠᠭᠠᠨ ᠤ ᠤᠷᠤᠯᠳᠤᠭᠠᠨ ᠤ ᠳᠦᠷᠢᠮ ᠨᠢ ᠨᠠᠢᠮᠠᠨ ᠬᠥᠮᠦᠨ ᠤ ᠳᠦᠷᠢᠮᠲᠦ ᠤᠷᠤᠯᠳᠤᠭᠠᠨ ᠪᠠᠶᠢᠵᠤ᠂ ᠳᠡᠭᠡᠷ᠎ᠡ ᠳᠣᠣᠷ᠎ᠠ ᠬᠤᠶᠠᠷ ᠬᠠᠭᠠᠰ ᠲᠠᠯᠠᠪᠤᠷ ᠬᠤᠪᠢᠶᠠᠵᠤ᠂ ᠬᠠᠭᠠᠰ ᠲᠠᠯᠠᠪᠤᠷ ᠪᠦᠷᠢ ᠳᠤ ᠲᠤᠰ ᠲᠤᠰ 20 ᠮᠢᠨᠦ᠋ᠲ ᠪᠠᠶᠢᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ 32 ᠲᠥᠯᠥᠭᠡᠯᠡᠭᠴᠢᠳ ᠤᠨ ᠠᠩᠭᠢ ᠤᠷᠤᠯᠳᠤᠭᠠᠨ ᠳᠤ ᠣᠷᠣᠯᠴᠠᠪᠠ᠃ ᠤᠷᠤᠯᠳᠤᠭᠠᠨ ᠤ ᠳᠤᠮᠳᠠ ᠮᠠᠨ ᠤ ᠰᠢᠶᠠᠨ ᠤ ᠠᠩᠭᠢ ᠶᠢᠨ ᠭᠡᠰᠢᠭᠦᠳ ᠰᠢᠷᠭᠠᠭᠤ ᠬᠠᠲᠠᠭᠤᠵᠢᠯᠲᠠᠶ ᠲᠡᠮᠡᠴᠡᠵᠦ᠂ ᠡᠰᠡᠷᠭᠦ ᠡᠲᠡᠭᠡᠳ ᠨᠢᠭᠡᠪᠦᠷᠢ ᠲᠠᠢ᠂ ᠪᠣᠯᠪᠠᠰᠤᠨ ᠪᠠᠷ ᠤᠷᠤᠯᠳᠤᠨ ᠰᠠᠨᠠᠭᠠᠴᠢᠯᠠᠭ᠎ᠠ ᠠᠴᠠ ᠪᠠᠨ ᠤᠭᠲᠤᠨ ᠪᠠᠶᠢᠯᠳᠤᠪᠠ᠃    ᠳᠤᠭᠤᠢᠯᠠᠩ ᠤᠨ ᠤᠷᠤᠯᠳᠤᠭᠠᠨ ᠱᠠᠨᠳᠦ᠋ᠩ᠂ ᠰᠧᠷᠪᠢᠶ᠎ᠠ᠂ ᠾᠧᠹᠧᠢ ᠶᠢ ᠢᠯᠠᠪᠠ᠃    ᠤᠷᠤᠯᠳᠤᠭᠠᠨ ᠤ ᠳᠤᠮᠳᠠ ᠠᠩᠭᠢ ᠶᠢᠨ ᠭᠡᠰᠢᠭᠦᠳ ᠳᠠᠷᠤᠯᠲᠠ ᠶᠢ ᠲᠤᠯᠵᠤ᠂ ᠰᠡᠳᠬᠢᠯ ᠰᠠᠨᠠᠭ᠎ᠠ ᠪᠠᠨ ᠠᠭᠤᠵᠢᠭᠤ ᠲᠠᠯᠪᠢᠵᠤ᠂ ᠡᠷᠡᠯᠬᠡᠭᠯᠡᠨ ᠲᠡᠮᠡᠴᠡᠵᠦ᠂ ᠳᠤᠭᠤᠢᠯᠠᠩ ᠤᠨ ᠤᠷᠤᠯᠳᠤᠭᠠᠨ ᠠᠴᠠ ᠨᠢᠭᠡ ᠵᠠᠮ ᠪᠣᠭᠤᠮᠲᠠ ᠳᠠᠪᠠᠵᠤ ᠳᠥᠷᠪᠡᠨ ᠬᠦᠴᠦᠷᠬᠡᠭ ᠲᠤ ᠣᠷᠣᠪᠠ᠃ ᠡᠴᠦᠰ ᠲᠡᠭᠡᠨ ᠳᠥᠷᠪᠡᠳᠦᠭᠡᠷ ᠲᠤ ᠣᠷᠣᠵᠤ᠂ ᠫᠣᠷᠲ᠋ᠦ᠋ᠭᠠᠯ ᠨᠢᠭᠡᠳᠦᠭᠡᠷ ᠲᠤ᠂ ᠲᠠᠨᠽᠠᠨᠢᠶ᠎ᠠ ᠬᠤᠶᠠᠳᠤᠭᠠᠷ ᠲᠤ᠂ ᠭᠤᠸᠠᠩᠳᠦ᠋ᠩ ᠤᠨ ᠮᠧᠶᠢᠵᠸᠦ ᠭᠤᠷᠪᠠᠳᠤᠭᠠᠷ ᠲᠤ ᠣᠷᠣᠵᠠᠶ᠃    ᠤᠷᠤᠯᠳᠤᠭᠠᠨ ᠳᠤ ᠣᠷᠣᠯᠴᠠᠬᠤ ᠪᠠᠷ ᠳᠠᠮᠵᠢᠨ᠂ ᠡᠩᠨᠡᠭᠡ ᠪᠠᠨ ᠳᠠᠪᠲᠠᠨ ᠪᠣᠯᠪᠠᠰᠤᠷᠠᠭᠤᠯᠵᠤ᠂ ᠭᠡᠰᠢᠭᠦᠳ ᠤᠨ  ᠢᠶᠠᠨ ᠤᠷᠤᠯᠳᠤᠭᠠᠨ ᠤ ᠬᠢᠷᠢ ᠲᠦᠪᠰᠢᠨ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠭᠡᠰᠢᠭᠦᠳ ᠲᠤ ᠨᠥᠬᠦᠷᠯᠡᠯ ᠲᠠᠢ ᠪᠣᠯᠭᠠᠵᠠᠶ᠃    ᠲᠤᠰ ᠤᠳᠠᠭᠠᠨ ᠤ ᠤᠷᠤᠯᠳᠤᠭᠠᠨ ᠨᠢ ᠮᠠᠨ ᠤ ᠰᠢᠶᠠᠨ ᠤ ᠬᠥᠯ ᠪᠥᠮᠪᠦᠭᠡ ᠶᠢᠨ ᠤᠷᠤᠯᠳᠤᠭᠠᠨ ᠤ ᠲᠡᠦᠬᠡᠨ ᠳᠡᠭᠡᠷᠡᠬᠢ ᠰᠢᠨ᠎ᠡ ᠰᠢᠪᠲᠤᠯᠤᠯᠲᠠ ᠶᠢ ᠪᠡᠶᠡᠯᠡᠭᠦᠯᠪᠡ᠃ ᠭᠡᠰᠢᠭᠦᠳ ᠪᠣᠳᠠᠲᠤ ᠠᠵᠢᠯᠯᠠᠭ᠎ᠠ ᠪᠠ ᠪᠣᠳᠠᠲᠤ ᠬᠦᠴᠦᠨ ᠢᠶᠠᠷ ᠮᠠᠨ ᠤ ᠰᠢᠶᠠᠨ ᠤ ᠭᠡᠰᠢᠭᠦᠳ ᠤᠨ ᠣᠶᠤᠨ ᠰᠠᠨᠠᠭᠠᠨ ᠤ ᠳᠦᠷᠰᠦ ᠪᠠᠢᠳᠠᠯ ᠪᠠ ᠤᠷᠤᠯᠳᠤᠭᠠᠨ ᠤ ᠬᠢᠷᠢ ᠲᠦᠪᠰᠢᠨ ᠢ ᠢᠯᠡᠷᠡᠭᠦᠯᠪᠡ︕    ᠤᠷᠤᠯᠳᠤᠭᠠᠨ ᠳᠠᠭᠤᠰᠤᠭᠰᠠᠨ ᠤ ᠳᠠᠷᠠᠭ᠎ᠠ᠂ ︽ᠳᠡᠯᠡᠬᠡᠶ ᠶᠢᠨ ᠨᠢᠭᠡᠳᠦᠭᠡᠷ ᠳᠤᠭᠤᠶᠢᠯᠠᠩ︾ ᠤᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠡᠷᠳᠡᠮ ᠰᠢᠨᠵᠢᠯᠡᠭᠡᠨ ᠤ ᠰᠣᠯᠢᠯᠴᠠᠭᠠᠨ ᠤ ᠬᠤᠷᠠᠯ ᠬᠢᠵᠦ᠂ ᠮᠠᠨ ᠤ ᠰᠢᠶᠠᠨ ᠤ ᠲᠥᠯᠥᠭᠡᠯᠡᠭᠴᠢᠳ ᠤᠨ ᠠᠩᠭᠢ ᠬᠤᠷᠠᠯ ᠳᠡᠭᠡᠷ᠎ᠡ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号