ᠰᠢᠤᠸᠠᠢ ᠲᠢᠶᠠᠨ ᠰᠢᠶᠠᠩ ᠬᠢᠲᠠᠳ ᠡᠮ ᠡᠮᠨᠡᠯᠭᠡ ᠶᠢᠨ ᠲᠣᠬᠢᠷᠠᠮᠵᠢᠲᠠᠶ ᠮᠡᠷᠭᠡᠵᠢᠯ ᠤᠨ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2024/8/28
   ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠦᠶᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠡᠮᠴᠢ ᠶᠢᠨ ᠬᠢᠲᠠᠳ ᠡᠮ ᠡᠮᠨᠡᠯᠭᠡ ᠶᠢᠨ ᠮᠡᠷᠭᠡᠵᠢᠯ ᠤᠨ ᠬᠢᠷᠢ ᠲᠦᠪᠰᠢᠨ  ᠢ ᠳᠡᠭᠡᠭᠰᠢᠯᠡᠭᠦᠯᠦᠨ᠂ ᠠᠷᠠᠳ ᠣᠯᠠᠨ ᠤ ᠬᠢᠲᠠᠳ ᠡᠮ ᠡᠮᠨᠡᠯᠭᠡ ᠶᠢᠨ ᠦᠶᠯᠡᠴᠢᠯᠡᠭᠡᠨ ᠤ ᠬᠡᠷᠡᠭᠴᠡᠭᠡ ᠶᠢ ᠬᠠᠩᠭᠠᠬᠤ  ᠶᠢᠨ ᠲᠥᠯᠥᠭᠡ᠂ ᠰᠢᠤᠸᠠᠢ ᠲᠢᠶᠠᠨ ᠰᠢᠶᠠᠩ ᠤᠨ ᠬᠢᠨ ᠭᠢᠷᠢᠨ ᠮᠤᠵᠢ ᠶᠢᠨ ᠱᠠ ᠾᠧ ᠠᠨᠠᠭᠠᠬᠤ ᠤᠬᠠᠭᠠᠨ ᠤ ᠰᠤᠳᠤᠯᠭᠠᠨ ᠤ ᠲᠥᠪ ᠤᠨ ᠠᠵᠢᠯ ᠡᠷᠭᠢᠯᠡᠬᠦ ᠡᠮᠴᠢ ᠲᠧᠩ ᠰᠢ ᠵᠢᠶᠦ᠋ᠨ ᠢ ᠤᠷᠢᠵᠤ ᠶᠢᠨ ᠰᠢᠩ ᠲᠣᠰᠬᠤᠨ ᠳᠤ ᠬᠦᠷᠴᠦ ᠠᠨᠠᠭᠠᠬᠤ ᠤᠬᠠᠭᠠᠨ ᠤ ᠲᠠᠶᠢᠯᠤᠮᠵᠢ ᠬᠢᠯᠭᠡᠪᠡ᠃ ᠲᠣᠰ ᠤᠳᠠᠭᠠᠨ ᠤ ᠲᠠᠶᠢᠯᠤᠮᠵᠢ ᠳᠤ ᠮᠠᠰᠢ ᠣᠯᠠᠨ ᠬᠠᠷᠢᠶᠠᠲᠤ ᠣᠷᠣᠨ ᠵᠢᠴᠢ ᠡᠷᠬᠢᠨ ᠲᠣᠭᠤᠷᠢᠨ ᠤ ᠰᠢᠶᠠᠩ ᠪᠠᠯᠭᠠᠰᠤᠨ ᠤ ᠬᠥᠳᠡᠭᠡ ᠲᠣᠰᠬᠤᠨ ᠤ ᠡᠮᠴᠢ᠂ ᠬᠢᠲᠠᠳ ᠡᠮ ᠡᠮᠨᠡᠯᠭᠡ ᠳᠤ ᠪᠠᠭ᠋ᠠᠲᠠᠶ᠂ ᠡᠪᠡᠳᠴᠢᠨ ᠳᠤ ᠲᠠᠷᠴᠢᠯᠠᠭᠠᠭᠳᠠᠭᠰᠠᠨ ᠡᠪᠡᠳᠴᠢᠲᠡᠨ ᠣᠷᠣᠯᠴᠠᠭᠰᠠᠨ ᠪᠠᠶᠢᠨ᠎ᠠ᠃
   ︽ᠬᠢᠲᠠᠳ ᠡᠮᠨᠡᠯᠭᠡ ᠪᠣᠯ ᠪᠠᠷᠠᠯᠠᠬᠤ᠂ ᠰᠣᠨᠣᠰᠬᠤ᠂ ᠠᠰᠠᠭᠤᠬᠤ᠂ ᠰᠤᠳᠤᠯᠬᠤ ᠶᠢ ᠡᠷᠬᠢᠮᠯᠡᠵᠦ᠂ ᠠᠯᠬᠤᠮ ᠳᠠᠷᠠᠭ᠎ᠠ ᠲᠠᠢ ᠪᠠᠷ ᠤᠷᠤᠭᠰᠢᠯᠠᠨ᠎ᠠ…︾ ᠲᠧᠩ ᠡᠮᠴᠢ ︽ᠣᠨᠣᠯ ᠤᠨ ᠲᠠᠶᠢᠯᠤᠮᠵᠢ + ᠪᠣᠳᠠᠲᠠᠶ ᠪᠣᠯᠪᠠᠰᠤᠷᠠᠯ︾ ᠢ ᠤᠶᠠᠯᠳᠤᠭᠤᠯᠤᠭᠰᠠᠨ ᠵᠢᠭᠠᠨ ᠰᠤᠷᠭᠠᠯᠲᠠ ᠶᠢᠨ ᠵᠠᠭᠪᠤᠷ ᠢᠶᠠᠷ ᠬᠢᠴᠢᠶᠡᠯᠯᠡᠨ᠎ᠡ᠃ ᠡᠯᠪᠡᠭ ᠪᠠᠶᠠᠯᠢᠭ ᠦᠶᠯᠡᠳᠦᠯᠭᠡ ᠶᠢᠨ ᠲᠤᠷᠰᠢᠯᠭ᠎ᠠ ᠪᠠ ᠯᠠᠪᠳᠠᠭᠤᠨ ᠪᠠᠲᠤᠲᠠᠶ ᠣᠨᠣᠯ ᠤᠨ ᠰᠠᠭᠤᠷᠢ ᠳᠤ ᠲᠦᠰᠢᠭᠯᠡᠨ᠂ ᠬᠡᠯᠡᠨ ᠤ ᠣᠨᠣᠰᠢᠯᠠᠯᠲᠠ᠂ ᠰᠤᠳᠠᠯ  ᠤᠨ ᠤᠨᠦᠰᠢ᠂ ᠵᠡᠭᠦᠦ ᠵᠠᠰᠠᠯ ᠵᠡᠷᠭᠡ ᠣᠯᠠᠨ ᠵᠦᠶᠯ ᠤᠨ ᠬᠢᠲᠠᠳ ᠡᠮ ᠡᠮᠨᠡᠯᠭᠡ ᠶᠢᠨ ᠲᠣᠬᠢᠷᠠᠮᠵᠢᠲᠠᠶ ᠮᠡᠷᠭᠡᠵᠢᠯ ᠤᠨ ᠣᠨᠣᠯ ᠤᠨ ᠰᠠᠭᠤᠷᠢ᠂ ᠠᠵᠢᠯᠯᠠᠬᠤ ᠭᠤᠤᠯᠳᠠᠯᠭ᠎ᠠ ᠪᠠ ᠠᠩᠬᠠᠷᠬᠤ ᠵᠦᠶᠯ ᠢ ᠨᠠᠷᠢᠨ ᠲᠠᠶᠢᠯᠪᠦᠷᠢᠯᠠᠵᠦ᠂ ᠲᠡᠭᠡᠬᠦ ᠮᠥᠷᠲᠡᠭᠡᠨ ᠲᠤᠬᠠᠶ ᠶᠢᠨ ᠲᠠᠯᠠᠪᠠᠢ ᠶᠢᠨ ᠦᠵᠡᠭᠦᠯᠭᠡ ᠪᠠ ᠪᠣᠳᠠᠲᠠᠶ ᠠᠵᠢᠯᠯᠠᠭᠠᠨ ᠤ ᠵᠢᠯᠣᠭᠤᠳᠤᠯᠭ᠎ᠠ ᠪᠠᠷ ᠳᠠᠮᠵᠢᠨ᠂ ᠬᠠᠨᠳᠤᠯᠭᠠᠲᠤ ᠴᠢᠨᠠᠷᠲᠠᠶ ᠪᠠᠷ ᠭᠦᠨᠵᠡᠭᠡᠶ ᠪᠥᠭᠡᠳ ᠣᠶᠢᠯᠠᠭᠠᠮᠵᠢᠲᠠᠶ ᠵᠢᠭᠠᠨ ᠰᠤᠷᠭᠠᠬᠤ ᠠᠵᠢᠯᠯᠠᠭ᠎ᠠ ᠬᠢᠬᠦ᠂ ᠰᠢᠭᠤᠳ ᠠᠵᠢᠭᠯᠠᠯᠲᠠ ᠪᠣᠳᠠᠲᠠᠶ᠂ ᠬᠡᠷᠡᠭᠯᠡᠭᠡᠨ ᠤ ᠴᠢᠨᠠᠷ ᠢᠶᠠᠷ ᠴᠢᠩᠭ᠎ᠠ᠂ ᠬᠢᠲᠠᠳ ᠡᠮ ᠡᠮᠨᠡᠯᠭᠡ ᠶᠢᠨ ᠣᠨᠣᠯ ᠤᠨ ᠮᠡᠳᠡᠯᠭᠡ ᠶᠢ ᠴᠢᠬᠤᠯᠠᠴᠢᠯᠠᠬᠤ ᠮᠥᠷᠲᠡᠭᠡᠨ ᠬᠥᠳᠡᠭᠡ ᠲᠣᠰᠬᠤᠨ ᠤ ᠦᠷᠭᠦᠯᠵᠢ ᠲᠣᠬᠢᠶᠠᠯᠳᠤᠳᠠᠭ ᠡᠪᠡᠳᠴᠢᠨ ᠢ ᠣᠨᠣᠰᠢᠯᠠᠨ ᠡᠮᠨᠡᠬᠦ ᠪᠣᠳᠠᠲᠠᠶ ᠠᠵᠢᠯᠯᠠᠭ᠎ᠠ ᠶᠢ ᠨᠠᠩ ᠴᠢᠬᠤᠯᠠᠴᠢᠯᠠᠨ᠎ᠠ᠃ ᠪᠠᠰᠠ ᠲᠣᠰ ᠪᠡᠶ᠎ᠡ ᠶᠢᠨ ᠲᠤᠷᠰᠢᠯᠭ᠎ᠠ ᠲᠠᠢ ᠤᠠᠯᠳᠤᠭᠤᠯᠵᠦ᠂ ᠲᠠᠷᠢᠬᠢᠨ ᠤ ᠲᠦᠭᠵᠢᠷᠡᠯ᠂ ᠨᠢᠭᠤᠷ ᠤᠨ ᠰᠠ᠂ ᠵᠢᠷᠦᠬᠡ ᠲᠠᠷᠢᠬᠢᠨ ᠤ ᠴᠢᠰᠤᠨ ᠰᠤᠳᠠᠯ ᠤᠨ ᠦᠷᠭᠦᠯᠵᠢ ᠲᠣᠬᠢᠶᠠᠯᠳᠤᠳᠠᠭ ᠡᠪᠡᠳᠴᠢᠨ ᠢ ᠵᠠᠰᠠᠬᠤ᠂ ᠬᠥᠳᠡᠭᠡ ᠲᠣᠰᠬᠤᠨ ᠤ ᠡᠮᠴᠢ ᠲᠠᠢ ᠭᠦᠨᠵᠡᠭᠡᠶ ᠶᠠᠷᠢᠯᠴᠠᠵᠤ᠃ ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ ᠨᠢᠭᠡ ᠰᠡᠳᠬᠢᠯ ᠢᠶᠠᠷ ᠶᠠᠷᠢᠬᠤ ᠶᠢ ᠰᠣᠨᠣᠰᠴᠤ᠂ ᠪᠣᠳᠠᠲᠠᠢ ᠪᠣᠯᠪᠠᠰᠤᠷᠠᠯ ᠤᠨ  ᠲᠤᠭᠤᠷᠢᠨ ᠳᠤ ᠢᠳᠡᠪᠬᠢᠲᠡᠢ ᠬᠢᠵᠦ᠂ ᠲᠤᠰ ᠤᠳᠠᠭ᠎ᠠ ᠶᠢᠨ ᠰᠤᠷᠤᠯᠴᠠᠯᠭ᠎ᠠ ᠪᠠᠷ ᠲᠠᠮᠵᠢᠨ ᠤᠨᠤᠯ  ᠤᠨ ᠮᠡᠳᠡᠯᠭᠡ ᠶᠢᠨ ᠲᠦᠪᠰᠢᠨ ᠢ ᠶᠡᠭᠡ ᠪᠠᠷ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠦᠢᠯᠡᠳᠦᠯᠭᠡ ᠶᠢᠨ ᠴᠢᠨᠠᠷᠲᠠᠢ ᠲᠤᠬᠠᠶᠢᠯᠠᠭᠰᠠᠨ ᠠᠵᠢᠯ ᠤᠨ ᠤᠷ᠎ᠠ ᠴᠢᠳᠠᠪᠤᠷᠢ ᠶᠢ ᠴᠤ ᠳᠡᠭᠡᠭᠰᠢᠯᠡᠭᠦᠯᠪᠡ ᠭᠡᠵᠦ ᠰᠠᠨᠠᠯ ᠨᠢᠭᠡᠲᠡᠢ ᠦᠵᠡᠪᠡ᠃
   ᠪᠣᠯᠪᠠᠰᠤᠷᠠᠯ ᠤᠨ ᠬᠤᠷᠠᠯ ᠤᠨ ᠳᠠᠷᠠᠭ᠎ᠠ᠂ ᠲᠧᠩ ᠡᠮᠴᠢ ᠨᠡᠷ ᠶᠢᠨ ᠰᠢᠩ ᠲᠣᠰᠬᠤᠨ ᠤ ᠨᠠᠰᠤᠲᠠᠨ ᠢ ᠠᠰᠠᠷᠠᠬᠤ ᠬᠦᠷᠢᠶᠡᠯᠡᠩ ᠳᠤ ᠬᠦᠷᠴᠦ᠂ ᠨᠠᠰᠤᠲᠠᠨ ᠢ ᠠᠰᠠᠷᠠᠬᠤ ᠬᠦᠷᠢᠶᠡᠯᠡᠩ ᠤᠨ ᠨᠠᠰᠤᠲᠠᠶᠢᠴᠤᠳ ᠲᠤ ᠰᠦᠢᠳᠬᠡᠯ ᠬᠤᠷᠢᠶᠠᠬᠤ ᠦᠭᠡᠢ ᠪᠠᠷ ᠡᠮᠴᠢᠯᠡᠭᠡ ᠬᠢᠵᠦ ᠥᠭᠪᠡ᠃ ︽ᠮᠢᠨᠦ ᠡᠨᠡ ᠬᠦ ᠲᠠᠷᠢᠬᠢᠨ ᠤ ᠲᠦᠭᠵᠢᠷᠡᠯ ᠨᠢᠭᠡᠨᠲᠡ ᠤᠯᠠᠨ ᠵᠢᠯ ᠪᠣᠯᠵᠠᠢ᠂ ᠲᠸᠡᠭ ᠡᠮᠴᠢ ᠵᠡᠭᠦᠦ ᠲᠠᠯᠪᠢᠭᠰᠠᠨ ᠤ ᠳᠠᠷᠠᠭ᠎ᠠ᠂ ᠲᠣᠯᠣᠭᠠᠢ ᠲᠡᠷᠡ ᠲᠠᠷᠤᠢ ᠬᠥᠩᠭᠡᠷᠡᠭᠰᠡᠨ ᠪᠠᠶᠢᠨ᠎ᠠ᠂ ᠲᠸᠡᠭ ᠡᠮᠴᠢ ᠪᠠᠰᠠ ᠮᠢᠨᠦ ᠡᠨᠡ ᠬᠦ ᠪᠠᠶᠢᠳᠠᠯ ᠢ ᠵᠡᠭᠦᠦ ᠲᠠᠯᠪᠢᠵᠤ ᠵᠠᠰᠠᠬᠤ ᠠᠷᠭ᠎ᠠ ᠶᠢ ᠮᠠᠨ ᠤ ᠲᠣᠰᠬᠤᠨ ᠤ ᠡᠮᠴᠢ ᠳᠤ ᠵᠢᠭᠠᠵᠤ ᠥᠭᠴᠡᠢ᠂ ᠬᠤᠵᠢᠮ ᠪᠢ ᠡᠪᠡᠳᠴᠢᠨ ᠢᠶᠠᠨ ᠳᠠᠬᠢᠨ ᠦᠵᠡᠭᠦᠯᠪᠡᠯ ᠨᠡᠩ ᠳᠥᠭᠦᠮ ᠪᠣᠯᠤᠨ᠎ᠠ︾ ᠭᠡᠵᠦ ᠨᠢᠤ ᠸᠠᠨ ᠴᠧᠩ ᠨᠠᠰᠤᠲᠠᠨ ᠬᠡᠯᠡᠪᠡ᠃
   ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠠᠮᠵᠢᠭᠤᠯᠤᠨ᠂ ᠰᠢᠤᠸᠠᠢ ᠲᠢᠶᠠᠨ ᠰᠢᠶᠠᠩ ᠵᠢᠴᠢ ᠡᠷᠬᠢᠨ ᠲᠣᠭᠤᠷᠢᠨ ᠤ ᠰᠢᠶᠠᠩ ᠪᠠᠯᠭᠠᠰᠤᠨ ᠤ ᠦᠨᠳᠦᠰᠦᠨ ᠱᠠᠲᠤᠨ ᠤ ᠬᠥᠳᠡᠭᠡ ᠲᠣᠰᠬᠤᠨ ᠤ ᠡᠮᠴᠢ ᠶᠢᠨ ᠬᠢᠲᠠᠳ ᠡᠮ ᠡᠮᠨᠡᠯᠭᠡ ᠶᠢᠨ ᠰᠠᠭᠤᠷᠢ ᠣᠨᠣᠯ᠂ ᠦᠨᠳᠦᠰᠦᠨ ᠮᠡᠳᠡᠯᠭᠡ ᠪᠠ ᠲᠣᠬᠢᠷᠠᠮᠵᠢᠲᠠᠶ ᠮᠡᠷᠭᠡᠵᠢᠯ ᠤᠨ ᠦᠶᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠡᠮᠴᠢ ᠳᠤ ᠲᠠᠷᠢᠬᠢᠨ ᠤ ᠲᠦᠭᠵᠢᠷᠡᠯ᠂ ᠨᠢᠭᠤᠷ ᠤᠨ ᠰᠠ ᠵᠡᠷᠭᠡ ᠡᠪᠡᠳᠴᠢᠨ ᠡᠮᠭᠡᠭ ᠢ ᠠᠪᠤᠷᠠᠨ ᠵᠠᠰᠠᠬᠤ ᠮᠡᠷᠭᠡᠵᠢᠯ ᠢ ᠡᠵᠡᠮᠰᠢᠭᠦᠯᠵᠦ᠂ ᠬᠢᠲᠠᠳ ᠡᠮ ᠡᠮᠨᠡᠯᠭᠡ ᠶᠢᠨ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠦᠶᠯᠡᠴᠢᠯᠡᠭᠡ ᠳᠠᠬᠢ ᠦᠶᠯᠡᠳᠦᠯ ᠢ ᠭᠦᠶᠴᠡᠳ ᠪᠠᠳᠠᠷᠠᠭᠤᠯᠵᠤ᠂ ᠥᠷᠭᠡᠨ ᠣᠯᠠᠨ ᠦᠨᠳᠦᠰᠦᠨ ᠱᠠᠲᠤᠨ ᠤ ᠣᠯᠠᠨ ᠲᠦᠮᠡᠨ ᠤ ᠡᠪᠡᠳᠴᠢᠨ ᠦᠵᠡᠭᠦᠯᠬᠦ  ᠳᠤ ︽ᠲᠥᠬᠦᠮ᠂ ᠲᠦᠳᠡ᠂ ᠰᠢᠯᠭᠠᠬᠤ᠂ ᠬᠢᠮᠳᠠ︾ ᠬᠢᠲᠠᠳ ᠡᠮ ᠡᠮᠨᠡᠯᠭᠡ ᠶᠢᠨ ᠦᠶᠯᠡᠴᠢᠯᠡᠭᠡ ᠬᠠᠩᠭᠠᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号