ᠲᠡᠵᠢᠭᠡᠯ ᠤᠨ ᠨᠣᠬᠠᠢ ᠶᠢᠨ ᠬᠤᠰᠢᠭᠤ ᠶᠢ ᠨᠠᠶᠢᠷᠠᠭᠤᠯᠬᠤ ᠪᠠ ᠬᠠᠳᠠᠭᠠᠯᠠᠬᠤ
ᠨᠡᠶᠢᠲᠡᠯᠡᠭᠰᠡᠨ ᠴᠠᠭ᠄
2024/8/28
   ᠨᠢᠭᠡ᠂ ᠬᠥᠬᠡ ᠬᠠᠭᠤᠷᠠᠢ ᠡᠪᠡᠰᠦ ᠶᠢ ᠡᠭᠡᠭᠡᠵᠦ ᠬᠠᠳᠠᠭᠠᠬᠤ    ᠬᠠᠳᠤᠭᠰᠠᠨ ᠬᠥᠬᠡ ᠡᠪᠡᠰᠦ ᠪᠠᠨ ᠲᠤᠬᠠᠢ ᠶᠢᠨ ᠭᠠᠵᠠᠷ ᠲᠤᠨᠢ 1-2d ᠳᠡᠯᠭᠡᠵᠦ᠂ ᠳᠤᠮᠳᠠ ᠨᠢ ᠨᠢᠭᠡ ᠤᠳᠠᠭ᠎ᠠ ᠤᠷᠪᠠᠭᠤᠯᠵᠤ᠂ ᠰᠠᠯᠠᠭ᠎ᠠ ᠨᠠᠮᠠᠭ᠎ᠠ ᠶᠢᠨ ᠤᠰᠤᠨ ᠤ ᠬᠡᠮᠵᠢᠶ᠎ᠡ ᠨᠢ 23% ᠣᠷᠴᠢᠮ ᠪᠣᠯᠬᠤ ᠦᠶ᠎ᠡ ᠳᠤ ᠪᠣᠭᠤᠵᠢᠯᠠᠵᠤ ᠂ ᠲᠠᠷᠢᠶᠠᠨ ᠳᠤ ᠲᠠᠯᠪᠢᠵᠤ᠂ ᠪᠦᠷᠢᠮᠦᠰᠦᠨ ᠬᠠᠳᠠᠭᠰᠠᠨ ᠤ ᠳᠠᠷᠠᠭ᠎ᠠ ᠲᠡᠭᠡᠭᠡᠪᠦᠷᠢᠯᠡᠨ ᠠᠪᠴᠢᠷᠠᠵᠤ ᠬᠠᠳᠠᠭᠠᠯᠠᠨ᠎ᠠ᠃ ᠪᠠᠰᠠ ᠨᠡᠷᠡᠨ ᠳᠤ ᠡᠭᠡᠭᠡᠬᠦ ᠭᠠᠵᠠᠷ ᠲᠤ ᠳᠠᠬᠢᠨ ᠡᠭᠡᠭᠡᠵᠦ ᠬᠠᠲᠠᠭᠠᠭᠰᠠᠨ ᠤ ᠳᠠᠷᠠᠭ᠎ᠠ ᠴᠠᠭ ᠲᠤᠬᠠᠢ ᠳᠤᠨᠢ ᠬᠠᠳᠠᠭᠠᠯᠠᠵᠤ ᠪᠣᠯᠣᠨ᠎ᠠ᠂ ᠨᠡᠷᠡᠨ ᠳᠤ ᠡᠭᠡᠭᠡᠭᠰᠡᠨ ᠬᠥᠬᠡ ᠬᠠᠭᠤᠷᠠᠢ ᠡᠪᠡᠰᠦᠨ ᠤ ᠤᠰᠤᠨ ᠤ ᠠᠭᠤᠯᠤᠭᠳᠠᠴᠠ ᠶᠢ 14% ᠠᠴᠠ ᠳᠣᠷᠣᠭᠰᠢ ᠪᠠᠶᠢᠯᠭᠠᠬᠤ ᠶᠢ ᠪᠠᠲᠤᠯᠠᠨ᠎ᠠ᠃    ᠡᠪᠡᠰᠦ ᠬᠤᠷᠢᠶᠠᠬᠤ ᠶᠠᠰᠤ ᠴᠢᠨᠠᠷ ᠤᠨ ᠱᠠᠭᠠᠷᠳᠠᠯᠭ᠎ᠠ᠄ ᠡᠷᠬᠡᠪᠰᠢ ᠠᠰ ᠰᠢᠯᠤᠭᠤᠨ ᠢᠶᠠᠷ ᠳᠠᠯᠠᠩᠳᠠᠬᠤ ᠬᠡᠷᠡᠭᠲᠡᠢ᠂ ᠰᠢᠷᠣᠢ ᠪᠣᠯᠣᠨ ᠪᠤᠰᠤᠳ ᠶᠠᠭᠤᠮ᠎ᠠ ᠬᠡᠦᠮ᠎ᠡ ᠶᠢ ᠡᠪᠡᠰᠦᠨ ᠣᠪᠣᠭᠠᠨ ᠳᠤ ᠣᠷᠤᠭᠤᠯᠵᠤ ᠪᠣᠯᠬᠤ ᠦᠭᠡᠢ᠃ ᠳᠠᠬᠢᠨ ᠳᠠᠪᠲᠠᠨ ᠡᠪᠡᠰᠦ ᠬᠤᠷᠢᠶᠠᠬᠤ ᠪᠤᠶᠤ ᠭᠤᠭᠤᠵᠢᠭᠤᠯᠵᠤ ᠪᠣᠯᠬᠤ ᠦᠭᠡᠢ᠂ ᠬᠤᠷᠢᠶᠠᠵᠤ ᠪᠠᠷᠠᠭᠰᠠᠨ ᠤ ᠳᠠᠷᠠᠭᠠᠬᠢ ᠡᠪᠡᠰᠦᠨ ᠣᠪᠣᠭᠠᠨ ᠤ ᠬᠡᠮᠵᠢᠶ᠎ᠡ ᠨᠢ ᠵᠢᠭᠳᠡ ᠪᠥᠭᠡᠳ ᠪᠣᠭᠤᠵᠢᠯᠠᠬᠤ ᠮᠠᠰᠢᠨ ᠤ ᠮᠠᠲ᠋ᠧᠷᠢᠶᠠᠯ ᠣᠷᠣᠭᠤᠯᠬᠤ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃    ᠪᠣᠭᠤᠵᠢᠯᠠᠬᠤ ᠴᠢᠨᠠᠷ ᠤᠨ ᠱᠠᠭᠠᠷᠳᠠᠯᠭ᠎ᠠ᠄ ᠨᠣᠬᠠᠢ ᠶᠢᠨ ᠬᠤᠰᠢᠭᠤ ᠶᠢᠨ ᠤᠰᠤ ᠶᠢᠨ ᠬᠡᠮᠵᠢᠶ᠎ᠡ ᠶᠢ 10%-14% ᠳᠤ ᠬᠢᠵᠠᠭᠠᠷᠯᠠᠵᠤ᠂ ᠪᠣᠭᠤᠵᠢᠯᠠᠬᠤ ᠨᠢᠭᠲᠠᠴᠠ ᠶᠢ 260-270kg/m3 ᠳᠤ ᠬᠢᠵᠠᠭᠠᠷᠯᠠᠬᠤ ᠬᠡᠷᠡᠭᠲᠡᠢ᠃    ᠬᠤᠶᠠᠷ᠂ ᠨᠣᠬᠠᠢ ᠶᠢᠨ ᠬᠤᠰᠢᠭᠤ ᠶᠢ ᠳᠠᠷᠤᠰᠢᠭᠤᠯᠬᠤ    ᠨᠣᠬᠠᠢ ᠶᠢᠨ ᠬᠤᠰᠢᠭᠤ ᠶᠢ ᠳᠠᠷᠤᠰᠢᠭᠤᠯᠬᠤ ᠨᠢ ᠡᠷᠳᠡᠨᠢ ᠰᠢᠰᠢ ᠶᠢ ᠳᠠᠷᠤᠰᠢᠭᠤᠯᠬᠤ ᠲᠠᠢ ᠠᠳᠠᠯᠢᠪᠲᠤᠷ᠂ ᠨᠣᠬᠠᠢ ᠶᠢᠨ ᠬᠤᠰᠢᠭᠤ ᠨᠢ ᠳᠠᠷᠤᠰᠢᠭᠤᠯᠬᠤ ᠵᠣᠭᠤᠷᠢ ᠶᠢᠨ ᠬᠡᠯᠪᠡᠷᠢ ᠶᠢ ᠬᠡᠷᠡᠭᠯᠡᠵᠦ᠂ ᠤᠰᠤ ᠶᠢᠨ ᠬᠡᠮᠵᠢᠶ᠎ᠡ ᠶᠢ ᠨᠢ 55%-65% ᠳᠤ ᠬᠢᠵᠠᠭᠠᠷᠯᠠᠵᠤ᠂ ᠬᠡᠷᠴᠢᠬᠦ ᠣᠷᠳᠣ ᠨᠢ ᠶᠡᠷᠦ ᠳᠡᠭᠡᠨ 2-3cm ᠪᠠᠶᠢᠯᠭᠠᠨ᠎ᠠ᠃ ᠬᠡᠷᠪᠡ ᠤᠰᠤᠨ ᠤ ᠬᠡᠮᠵᠢᠶ᠎ᠡ ᠨᠢ 55% ᠠᠴᠠ ᠳᠣᠣᠷ᠎ᠠ ᠪᠠᠶᠢᠪᠠᠯ᠂ ᠭᠡᠷᠴᠢᠬᠦ ᠤᠷᠲᠤ ᠶᠢᠨ ᠬᠡᠮᠵᠢᠶ᠎ᠡ ᠶᠢ 1cm ᠳᠣᠷᠤᠭᠰᠢᠯᠠᠭᠤᠯᠪᠠᠯ ᠲᠠᠷᠤᠰᠢᠭᠤᠯᠵᠦ ᠪᠤᠯᠤᠩᠨᠠᠬᠤ᠃ ᠳᠠᠷᠤᠯᠲᠠ ᠶᠢ 750kg/m3 ᠪᠠᠶᠢᠯᠭᠠᠨ᠎ᠠ ︔ ᠥᠷᠭᠡᠨ ᠳᠤᠭᠤᠶᠢᠯᠠᠪᠤᠷᠢ ᠪᠠᠷ ᠪᠠᠭᠲᠠᠭᠠᠮᠵᠢ ᠶᠢ ᠳᠠᠷᠤᠵᠤ᠂ ᠶᠡᠭᠡ ᠪᠠᠭ᠎ᠠ ᠲᠷᠠᠺᠲ᠋ᠣᠷ ᠢ ᠬᠠᠪᠰᠤᠷᠭᠠᠨ ᠬᠡᠷᠡᠭᠯᠡᠵᠦ᠂ ᠬᠡᠷᠪᠡ 1d ᠳᠤ ᠳᠠᠷᠤᠵᠤ ᠪᠠᠷᠠᠬᠤ ᠦᠭᠡᠢ ᠪᠣᠯ ᠪᠦᠲᠡᠭᠡᠬᠦ ᠬᠡᠷᠡᠭᠲᠡᠢ᠃ ᠬᠦᠬᠡ ᠳᠠᠷᠤᠰᠢ ᠪᠣᠭᠤᠵᠢᠯᠠᠵᠤ ᠳᠠᠷᠤᠰᠢᠭᠤᠯᠬᠤ ᠮᠠᠰᠢᠨ ᠲᠥᠬᠦᠭᠡᠷᠦᠮᠵᠢ ᠪᠠᠷ ᠬᠦᠬᠡ ᠳᠠᠷᠤᠰᠢ ᠪᠣᠭᠤᠵᠢᠯᠠᠵᠤ ᠳᠠᠷᠤᠰᠢᠭᠤᠯᠤᠨ᠂ ᠳᠡᠵᠢᠭᠡᠯ ᠡᠪᠡᠰᠦ ᠪᠣᠷᠳᠣᠭᠠᠨ ᠤ ᠤᠰᠤᠨ ᠤ ᠠᠭᠤᠯᠤᠭᠳᠠᠴᠠ ᠶᠢ 60%-65% ᠳᠤ ᠬᠢᠵᠠᠭᠠᠷᠯᠠᠬᠤ ᠬᠡᠷᠡᠭᠲᠡᠢ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号