ᠢᠦᠶ ᠵᠢᠶ ᠱᠦᠨ ᠤᠯᠠᠭᠠᠨᠬᠤᠲᠠ ᠳᠤ ᠬᠦᠷᠴᠦ ᠳᠤᠯᠠᠭᠠᠨ ᠢᠨᠵᠧᠨᠧᠷᠢᠩ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/8/29
   8 ᠰᠠᠷ᠎ᠠ ᠶᠢᠨ 23 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠤᠯᠠᠭᠠᠨᠬᠤᠲᠠ ᠳᠤ ᠬᠦᠷᠴᠦ ᠳᠤᠯᠠᠭᠠᠨ ᠢᠨᠵᠧᠨᠧᠷᠢᠩ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃    ᠢᠦᠢ ᠵᠢᠢ ᠱᠦᠨ ᠲᠤᠬᠠᠢ ᠶᠢᠨ ᠭᠠᠵᠠᠷ ᠲᠤᠨᠢ ᠬᠤᠸᠠ ᠨᠧᠩ ᠰᠢᠨᠬᠤᠸᠠ ᠪᠤᠳᠤᠭᠲᠤ ᠬᠡᠪᠯᠡᠯ ᠤᠨ ᠢᠯᠴᠢ ᠰᠣᠯᠢᠯᠴᠠᠬᠤ ᠦᠷᠳᠡᠭᠡ ᠶᠢ ᠲᠡᠰ ᠳᠡᠪᠰᠢᠭᠦᠯᠦᠨ ᠥᠭᠡᠷᠡᠴᠢᠯᠡᠬᠦ ᠲᠦᠷᠦᠯ ᠵᠦᠢᠯ᠂ ᠲᠦᠩ ᠽᠧ ᠢᠦᠢ ᠼᠠᠢ ᠵᠠᠮ ᠤᠨ ᠨᠢᠭᠡᠳᠦᠭᠡᠷ ᠤᠳᠠᠭ᠎ᠠ ᠶᠢᠨ ᠬᠤᠭᠤᠯᠠᠢ ᠶᠢᠨ ᠲᠣᠣᠷ ᠤᠨ ᠥᠭᠡᠷᠡᠴᠢᠯᠡᠯᠲᠡ ᠶᠢᠨ ᠲᠦᠷᠦᠯ ᠵᠦᠢᠯ᠂ ᠮᠧᠩ ᠨᠧᠩ ᠬᠢᠩᠭᠠᠨ ᠢᠯᠴᠢ ᠶᠢᠨ ᠴᠠᠬᠢᠯᠭᠠᠨ ᠤ ᠠᠩᠬᠠᠨ ᠤ ᠦᠷᠳᠡᠭᠡ ᠶᠢᠨ ᠪᠠᠭᠲᠠᠭᠠᠮᠵᠢ ᠶᠢ ᠥᠷᠭᠡᠳᠬᠡᠨ ᠥᠭᠡᠷᠡᠴᠢᠯᠡᠬᠦ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠪᠠᠶᠢᠴᠠᠭᠠᠨ ᠦᠵᠡᠵᠦ᠂ ᠲᠤᠬᠠᠢ ᠶᠢᠨ ᠲᠠᠯᠠᠪᠠᠢ ᠳᠤ ᠲᠦᠷᠦᠯ ᠵᠦᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠰᠢᠢᠳᠪᠦᠷᠢᠯᠡᠪᠡ᠃ ᠲᠡᠷᠡ ᠴᠢᠬᠤᠯᠠᠴᠢᠯᠠᠬᠤ ᠳᠠᠭᠠᠨ᠂ ︽ᠳᠤᠯᠠᠭᠠᠯᠠᠬᠤ ᠢᠨᠵᠧᠨᠧᠷᠢᠩ︾ ᠪᠣᠯ ᠲᠦᠭ ᠲᠦᠮᠡᠨ ᠠᠶᠢᠯ ᠡᠷᠦᠬᠡ ᠳᠤ ᠬᠤᠯᠪᠣᠭᠳᠠᠬᠤ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠮᠥᠨ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠤᠳ ᠴᠠᠭ ᠬᠤᠭᠤᠴᠠᠭ᠎ᠠ ᠶᠢ ᠴᠢᠩᠭ᠎ᠠ ᠠᠳᠬᠤᠵᠤ᠂ ᠪᠠᠷᠢᠯᠭ᠎ᠠ ᠶᠢᠨ ᠠᠬᠢᠴᠠ ᠶᠢ ᠠᠮᠵᠢᠨ ᠠᠳᠬᠤᠵᠤ᠂ ᠪᠠᠷᠢᠯᠭ᠎ᠠ ᠶᠢᠨ ᠠᠮᠤᠷ ᠲᠦᠪᠰᠢᠨ ᠪᠣᠯᠤᠨ ᠪᠠᠷᠢᠯᠭ᠎ᠠ ᠶᠢᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠪᠥᠲᠥᠭᠡᠨ ᠪᠠᠶᠢᠭᠤᠯᠤᠯᠲᠠ ᠶᠢᠨ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠥᠨᠳᠥᠷ ᠪᠠᠷᠢᠮᠵᠢᠶ᠎ᠠ ᠪᠠᠷ ᠪᠡᠶᠡᠯᠡᠭᠦᠯᠵᠦ᠂ ᠣᠯᠠᠨ ᠲᠦᠮᠡᠨ ᠤ ᠡᠪᠦᠯ ᠢ ᠳᠤᠯᠠᠭᠠᠬᠠᠨ ᠥᠩᠭᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠶ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号