ᠬᠠᠮᠤᠭ ᠤᠨ ᠰᠢᠨ᠎ᠡ ᠠᠯᠪᠠᠨ ᠵᠠᠷ︕  ᠡᠨᠡ ᠬᠡᠳᠦᠨ ᠲᠥᠷᠥᠯ ᠤᠨ    ᠬᠥᠮᠦᠰ ᠠᠩᠬᠠᠷ︕  ᠢᠳᠡᠬᠦ ᠦᠭᠡᠢ ᠪᠤᠯ ᠰᠠᠶᠢᠨ
ᠨᠡᠶᠢᠲᠡᠯᠡᠭᠰᠡᠨ ᠴᠠᠭ᠄
2024/8/29
   ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ 26 ᠤ ᠡᠳᠦᠷ ᠠᠯᠪᠠᠨ ᠵᠠᠷ ᠨᠡᠶᠢᠲᠡᠯᠡᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠵᠢᠴᠢ ᠲᠡᠭᠦᠨ ᠢ ᠬᠡᠷᠡᠭᠵᠢᠭᠦᠯᠬᠦ ᠲᠦᠷᠢᠮ ᠢ ᠦᠨᠳᠦᠰᠦᠯᠡᠨ᠂ ︽ᠤᠯᠠᠮᠵᠢᠯᠠᠯᠲᠤ ᠢᠳᠡᠭᠡᠨ ᠪᠣᠯᠬᠤ ᠮᠥᠷᠲᠡᠭᠡᠨ ᠪᠠᠰᠠ ᠬᠢᠲᠠᠳ ᠡᠮ ᠤᠨ ᠮᠠᠲ᠋ᠧᠷᠢᠶᠠᠯ ᠪᠤᠯᠬᠤ ᠪᠣᠳᠠᠰ ᠤᠨ ᠭᠠᠷᠴᠠᠭ ᠤᠨ ᠬᠠᠮᠢᠶᠠᠷᠤᠯᠲᠠ ᠶᠢᠨ ᠲᠣᠭᠲᠠᠭᠠᠯ︾ ᠶᠣᠰᠣᠭᠠᠷ᠂ ᠠᠶᠤᠯᠭᠦᠶ ᠴᠢᠨᠠᠷ ᠤᠨ ᠦᠨᠡᠯᠡᠨ ᠵᠢᠱᠢᠯᠲᠡ ᠬᠢᠬᠦ ᠪᠠᠷ ᠳᠡᠮᠵᠢᠨ᠂ ᠡᠳᠦᠭᠡ ᠬᠤᠷᠤᠭᠤᠪᠴᠢᠨ ᠴᠡᠴᠡᠭ᠂ ᠦᠨᠳᠦᠰᠦᠨ ᠠᠷᠪᠠᠢ᠂ ᠬᠡᠷᠢᠶᠡᠨ ᠨᠢᠳᠦ᠂ ᠵᠦᠷᠵᠢ ᠶᠢᠨ ᠤᠯᠠᠭᠠᠨ ᠵᠡᠷᠭᠡ ᠵᠦᠢᠯ ᠤᠨ ᠪᠣᠳᠠᠰ ᠢ ᠤᠯᠠᠮᠵᠢᠯᠠᠯᠲᠤ ᠢᠳᠡᠭᠡᠨ ᠮᠥᠷᠲᠡᠭᠡᠨ ᠪᠠᠰᠠ ᠬᠢᠲᠠᠳ ᠡᠮ ᠤᠨ ᠮᠠᠲ᠋ᠧᠷᠢᠶᠠᠯ ᠪᠤᠯᠬᠤ ᠪᠣᠳᠠᠰ ᠤᠨ ᠭᠠᠷᠴᠠᠭ ᠲᠤ ᠣᠷᠣᠭᠤᠯᠪᠠ᠃    ᠬᠤᠷᠤᠭᠤᠪᠴᠢᠨ ᠴᠡᠴᠡᠭ᠂ ᠦᠨᠳᠦᠰᠦᠨ ᠠᠷᠪᠠᠢ᠂ ᠬᠡᠷᠢᠶᠡᠨ ᠨᠢᠳᠦ᠂ ᠵᠦᠷᠵᠢ ᠶᠢᠨ ᠤᠯᠠᠭᠠᠨ (地黄᠂ 麦冬᠂ 天冬᠂ 化橘) ᠵᠡᠷᠭᠡ 4 ᠵᠦᠢᠯ ᠤᠨ ᠰᠢᠨ᠎ᠡ ᠪᠠᠷ ᠨᠡᠮᠡᠭᠳᠡᠭᠰᠡᠨ ᠢᠳᠡᠭᠡᠨ ᠪᠠ ᠡᠮ ᠤᠨ ᠪᠣᠳᠠᠰ ᠲᠤ ᠭᠤᠤᠯᠳᠠᠭᠤ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠦᠨᠡᠯᠡᠨ ᠵᠢᠱᠢᠬᠦ ᠵᠠᠷᠴᠢᠮ ᠪᠠ ᠠᠷᠭ᠎ᠠ ᠶᠢ ᠬᠡᠷᠡᠭᠯᠡᠨ ᠠᠮᠤᠷ ᠲᠦᠪᠰᠢᠨ ᠤ ᠴᠢᠨᠠᠷᠲᠠᠶ ᠦᠨᠡᠯᠡᠨ ᠵᠢᠱᠢᠯᠲᠡ ᠬᠢᠬᠦ ᠶᠢᠨ ᠬᠠᠮᠲᠤ᠂ ᠲᠡᠭᠦᠨ ᠤ ᠮᠠᠨ ᠤ ᠤᠯᠤᠰ ᠤᠨ ᠤᠯᠠᠮᠵᠢᠯᠠᠯᠲᠤ ᠢᠳᠡᠭᠡᠨ ᠪᠣᠯᠬᠤ ᠶᠢᠨ ᠬᠤᠪᠢ ᠳᠤ ᠢᠳᠡᠬᠦ ᠪᠠᠶᠢᠳᠠᠯ ᠵᠢᠴᠢ ᠣᠷᠣᠨ ᠨᠤᠲᠤᠭ ᠤᠨ ᠬᠠᠮᠢᠶ᠎ᠠ ᠪᠥᠬᠦᠶ ᠢᠳᠡᠭᠡᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠵᠡᠷᠭᠡ ᠶᠢ ᠶᠡᠷᠦᠩᠬᠡᠶᠢᠯᠡᠨ ᠪᠣᠳᠣᠯᠬᠢᠯᠠᠬᠰᠠᠨ ᠰᠠᠭᠤᠷᠢᠨ ᠲᠡᠭᠡᠷ᠎ᠡ ᠶᠡᠷᠦᠩᠬᠡᠶᠢᠯᠡᠨ ᠨᠤᠲᠠᠯᠠᠵᠤ ᠲᠣᠭᠲᠠᠭᠠᠪᠠ᠃ ᠢᠳᠡᠭᠡᠨ ᠪᠠ ᠡᠮ ᠤᠨ ᠪᠣᠳᠠᠰ ᠪᠤᠯᠬᠤ ᠶᠢᠨ ᠬᠤᠪᠢ ᠳᠤ᠂ ᠤᠯᠠᠮᠵᠢᠯᠠᠯᠲᠤ ᠠᠷᠭ᠎ᠠ ᠬᠡᠯᠪᠡᠷᠢ ᠪᠠᠷ ᠵᠣᠬᠢᠰᠲᠠᠶ ᠢᠳᠡᠵᠦ᠂ ᠵᠢᠷᠮᠦᠰᠦᠨ ᠡᠮᠡᠭᠲᠡᠶ᠂ ᠬᠥᠬᠦᠭᠦᠯ ᠬᠤᠭᠤᠴᠠᠭᠠᠨ ᠤ ᠡᠮᠡᠭᠲᠡᠶᠢᠴᠦᠳ ᠵᠢᠴᠢ ᠨᠢᠯᠬ᠎ᠠ ᠬᠡᠦᠬᠡᠳ ᠵᠡᠷᠭᠡ ᠣᠨᠴᠠᠭᠠᠶ ᠬᠥᠮᠦᠰ ᠲᠤ ᠢᠳᠡᠬᠦᠯᠬᠦ ᠥᠬᠡᠶ ᠪᠠᠶᠢᠬᠤ ᠶᠢ ᠰᠠᠨᠠᠭᠤᠯᠤᠶ᠎ᠠ᠃ ᠳᠡᠭᠡᠷ᠎ᠡ ᠳᠤᠷᠠᠳᠤᠭᠰᠠᠨ ᠪᠣᠳᠠᠰ ᠢ ᠡᠷᠡᠭᠦᠯᠵᠢᠯ ᠤᠨ ᠢᠳᠡᠭᠡᠨ ᠤ ᠲᠦᠭᠦᠬᠡᠢ ᠡᠳ᠋ ᠪᠣᠯᠭᠠᠨ ᠬᠡᠷᠡᠭᠯᠡᠬᠦ ᠳᠡᠭᠡᠨ ᠡᠷᠡᠭᠦᠯᠵᠢᠯ ᠤᠨ ᠢᠳᠡᠭᠡᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠮᠢᠶᠠᠷᠬᠤ ᠬᠡᠷᠡᠭᠲᠡᠢ︔ ᠬᠢᠲᠠᠳ ᠡᠮ ᠤᠨ ᠮᠠᠲ᠋ᠧᠷᠢᠶᠠᠯ ᠪᠣᠯᠭᠠᠨ ᠬᠡᠷᠡᠭᠯᠡᠬᠦ ᠳᠡᠭᠡᠨ ᠬᠢᠲᠠᠳ ᠡᠮ ᠤᠨ ᠮᠠᠲ᠋ᠧᠷᠢᠶᠠᠯ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠮᠢᠶᠠᠷᠬᠤ ᠬᠡᠷᠡᠭᠲᠡᠶ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号