ᠬᠠᠮᠤᠭ ᠤᠨ ᠰᠢᠨ᠎ᠡ ᠠᠯᠪᠠᠨ ᠵᠠᠷᠯᠠᠯ︕ ᠰᠤᠭᠤᠯᠤᠭ᠎ᠠ  ᠶᠢᠨ ᠱᠠᠩᠨᠠᠯ ᠣᠯᠭᠤᠬᠤ ᠲᠠᠢ ᠬᠤᠯᠪᠣᠭᠳᠠᠨ᠎ᠠ︕
ᠨᠡᠶᠢᠲᠡᠯᠡᠭᠰᠡᠨ ᠴᠠᠭ᠄
2024/8/29
   ᠰᠤᠭᠤᠯᠤᠭ᠎ᠠ ᠶᠢᠨ ᠱᠠᠩᠨᠠᠯ ᠣᠯᠭᠤᠬᠤ ᠪᠠ ᠭᠠᠶᠢᠯᠢ ᠶᠢᠨ ᠬᠠᠤᠯᠢ ᠶᠢ ᠬᠡᠷᠡᠭᠯᠡᠬᠦ ᠬᠤᠯᠪᠣᠭᠳᠠᠯ ᠪᠦᠬᠦᠢ ᠪᠠᠷᠢᠮᠵᠢᠶ᠎ᠠ  ᠶᠢᠨ ᠲᠤᠬᠠᠢ ᠠᠯᠪᠠᠨ ᠵᠠᠷᠯᠠᠯ    ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠠᠷᠠᠳ ᠤᠨ ᠶᠠᠪᠤᠳᠠᠯ ᠤᠨ ᠶᠠᠮᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠠᠯᠪᠠᠨ ᠵᠠᠷᠯᠠᠯ 2024 ᠣᠨ ᠤ 12 ᠳ᠋ᠤᠭᠠᠷ ᠲᠣᠭᠠᠲᠤ    ᠠᠰᠠᠷᠠᠮᠵᠢ ᠶᠢᠨ ᠱᠠᠩᠨᠠᠯᠳᠤ ᠰᠤᠭᠤᠯᠤᠭ᠎ᠠ ᠪᠣᠯᠤᠨ ᠪᠡᠶ᠎ᠡ ᠶᠢᠨ ᠲᠠᠮᠢᠷ ᠤᠨ ᠱᠠᠩᠨᠠᠯᠳᠤ ᠰᠤᠭᠤᠯᠤᠭ᠎ᠠ ︵ᠳᠣᠷᠣᠭᠰᠢ ᠱᠠᠩᠨᠠᠯᠳᠤ ᠰᠤᠭᠤᠯᠤᠭ᠎ᠠ ᠭᠡᠵᠦ ᠶᠡᠷᠦᠩᠬᠡᠶᠢᠯᠡᠨ ᠨᠡᠷᠡᠯᠡᠨ᠎ᠡ︶ ᠶᠢᠨ ᠱᠠᠩᠨᠠᠯ ᠣᠯᠭᠤᠬᠤ ᠪᠠ ᠭᠠᠶᠢᠯᠢ ᠶᠢᠨ ᠬᠠᠤᠯᠢ ᠶᠢ ᠬᠡᠷᠡᠭᠯᠡᠬᠦ ᠬᠤᠯᠪᠣᠭᠳᠠᠯ ᠪᠥᠬᠦᠶ ᠪᠠᠷᠢᠮᠵᠢᠶ᠎ᠠ ᠶᠢ ᠤᠯᠠᠮ ᠢᠶᠠᠷ ᠲᠡᠭᠦᠯᠳᠡᠷᠵᠢᠭᠦᠯᠵᠦ᠂ ᠱᠠᠩᠨᠠᠯᠳᠤ ᠰᠤᠭᠤᠯᠤᠭ᠎ᠠ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠤᠰᠠᠳᠠ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠤᠤᠷᠠᠬᠢ ᠮᠡᠲᠦ ᠵᠠᠷᠯᠠᠪᠠ᠄    ᠨᠢᠭᠡ᠂ ᠬᠤᠪᠢ ᠬᠥᠮᠦᠨ ᠤ ᠠᠰᠢᠭ ᠣᠯᠵᠠᠪᠤᠷᠢ ᠶᠢᠨ ᠭᠠᠶᠢᠯᠢ ᠶᠢᠨ ᠬᠠᠤᠯᠢ ᠵᠢᠴᠢ ᠬᠡᠷᠡᠭᠵᠢᠭᠦᠯᠬᠦ ᠳᠦᠷᠢᠮ ᠤᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠪᠤᠯ᠂ ᠰᠤᠭᠤᠯᠠᠭ᠎ᠠ ᠶᠢᠨ ᠱᠠᠩᠨᠠᠯ ᠣᠯᠤᠭᠰᠠᠨ ᠣᠷᠣᠯᠭ᠎ᠠ ᠨᠢ ᠭᠡᠨᠡᠳᠲᠡ ᠶᠢᠨ ᠠᠰᠢᠭ ᠣᠯᠵᠠᠪᠤᠷᠢ ᠳᠤ ᠬᠠᠷᠢᠶᠠᠯᠠᠭᠳᠠᠬᠤ ᠪᠤᠯᠬᠤᠷ ᠤᠳᠠᠭ᠎ᠠ ᠪᠦᠷᠢ ᠶᠢᠨ ᠣᠷᠣᠯᠭ᠎ᠠ ᠶᠢᠨ ᠲᠤᠭ᠎ᠠ ᠶᠢ ᠭᠠᠶᠢᠯᠢ ᠲᠤᠰᠢᠶᠠᠪᠠᠰᠤ ᠵᠣᠬᠢᠬᠤ ᠠᠰᠢᠭ ᠣᠯᠵᠠᠪᠤᠷᠢ ᠶᠢᠨ ᠲᠤᠭ᠎ᠠ ᠪᠣᠯᠭᠠᠵᠤ᠂ ᠬᠤᠪᠢ ᠬᠥᠮᠦᠨ ᠤ ᠠᠰᠢᠭ ᠣᠯᠵᠠᠪᠤᠷᠢ ᠶᠢᠨ ᠭᠠᠶᠢᠯᠢ ᠲᠤᠰᠢᠶᠠᠬᠤ ᠶᠢ ᠪᠤᠳᠤᠨ᠎ᠠ᠃ ︽ᠬᠤᠪᠢ ᠬᠥᠮᠦᠨ ᠤ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠱᠠᠩᠨᠠᠯ ᠣᠯᠤᠭᠰᠠᠨ ᠣᠷᠣᠯᠭ᠎ᠠ ᠠᠴᠠ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠲᠠᠲᠠᠪᠤᠷᠢᠯᠠᠬᠤ ᠠᠴᠠ ᠬᠡᠯᠲᠦᠷᠢᠭᠦᠯᠬᠦ ᠠᠰᠠᠭᠤᠳᠠᠯ ᠤᠨ ᠲᠤᠬᠠᠶ ᠡᠳ᠋ ᠤᠨ ᠵᠠᠰᠠᠭ ᠤᠨ ᠶᠠᠮᠤᠨ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠮᠡᠳᠡᠭᠳᠡᠯ︾ ︵ᠡᠳ᠋ ᠭᠠᠶᠢᠯᠢ ᠦᠰᠦᠭ 〔1998〕12 ᠳ᠋ᠤᠭᠠᠷ ᠲᠣᠭᠠᠲᠤ︶᠂ ︽ᠨᠡᠶᠢᠭᠡᠮ ᠤᠨ ᠠᠰᠠᠷᠠᠮᠵᠢ ᠶᠢᠨ ᠱᠠᠩᠨᠠᠯᠲᠤ ᠬᠠᠨᠳᠢᠪ ᠴᠤᠭᠯᠠᠭᠤᠯᠤᠭᠰᠠᠨ ᠣᠷᠣᠯᠭ᠎ᠠ ᠭᠠᠶᠢᠯᠢ ᠲᠠᠲᠠᠪᠤᠷᠢ ᠶᠢᠨ ᠠᠰᠠᠭᠤᠳᠠᠯ ᠤᠨ ᠲᠤᠬᠠᠶ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠮᠡᠳᠡᠭᠳᠡᠯ︾ ︵ᠤᠯᠤᠰ ᠭᠠᠶᠢᠯᠢ ᠲᠠᠷᠬᠠᠭᠠᠭᠰᠠᠨ 〔1994〕127 ᠳ᠋ᠤᠭᠠᠷ ᠲᠣᠭᠠᠲᠤ︶ ᠳᠠᠬᠢ ᠱᠠᠩᠨᠠᠯᠲᠤ ᠰᠤᠭᠤᠯᠤᠭ᠎ᠠ ᠶᠢᠨ ᠨᠢᠭᠡ ᠤᠳᠠᠭ᠎ᠠ ᠶᠢᠨ ᠱᠠᠩᠨᠠᠯᠲᠤ ᠣᠷᠣᠯᠭ᠎ᠠ ᠨᠢ 10000 ᠲᠥᠭᠦᠷᠢᠭ ᠠᠴᠠ ᠬᠡᠲᠦᠷᠡᠬᠦ ᠦᠭᠡᠶ ᠪᠤᠯ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠲᠠᠲᠠᠪᠤᠷᠢᠯᠠᠬᠤ ᠠᠴᠠ ᠲᠦᠷ ᠬᠡᠯᠲᠦᠷᠢᠭᠦᠯᠬᠦ ᠲᠤᠬᠠᠶ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠦᠷᠬᠦᠯᠵᠢᠯᠡᠨ ᠭᠡᠷᠡᠭᠵᠢᠬᠦᠯᠦᠨ᠎ᠡ᠃    ᠬᠤᠶᠠᠷ᠂ ᠺᠣᠮᠫᠢᠦ᠋ᠲ᠋ᠧᠷ ᠤᠨ ᠱᠠᠩᠨᠠᠯᠲᠤ ᠰᠤᠭᠤᠯᠤᠭ᠎ᠠ ᠶᠢ ᠠᠳᠠᠯᠢ ᠨᠢᠭᠡ ᠬᠥᠮᠦᠨ ᠤ ᠠᠳᠠᠯᠢ ᠨᠢᠭᠡ ᠬᠤᠭᠤᠴᠠᠭᠠᠨ ᠤ ᠠᠳᠠᠯᠢ ᠨᠢᠭᠡ ᠲᠣᠭᠯᠠᠭᠠᠮ ᠤᠨ ᠳᠤᠮᠳᠠ ᠣᠯᠤᠭᠰᠠᠨ ᠪᠦᠬᠦ ᠱᠠᠩᠨᠠᠯ ᠤᠨ ᠮᠥᠩᠭᠦ ᠪᠠᠷ ᠨᠢᠭᠡ ᠤᠳᠠᠭᠠᠨ ᠤ ᠱᠠᠩᠨᠠᠯ ᠤᠨ ᠮᠥᠩᠭᠦ ᠪᠠᠷ ᠦᠵᠡᠨ᠎ᠡ᠂ ᠡᠭᠦᠨ ᠳᠤ ᠪᠦᠬᠦ ᠤᠯᠤᠰ ᠤᠨ ᠰᠦᠯᠵᠢᠶᠡᠨ ᠤ ᠳᠠᠩ ᠲᠠᠯᠠᠪᠤᠷ ᠤᠨ ᠥᠷᠢᠰᠥᠯᠳᠦᠨ  ᠤᠷᠤᠯᠳᠤᠬᠤ ᠲᠣᠭᠯᠠᠭᠠᠮ ᠢ ᠲᠤᠰ ᠲᠤᠰ ᠬᠥᠯ ᠪᠥᠮᠪᠦᠭᠡ ᠶᠢᠨ ᠲᠣᠭᠯᠠᠭᠠᠮ᠂ ᠰᠠᠭᠰᠤᠨ ᠪᠥᠮᠪᠦᠭᠡ ᠶᠢᠨ ᠲᠣᠭᠯᠠᠭᠠᠮ᠂ ᠮᠠᠩᠯᠠᠶ ᠶᠢᠨ ᠲᠣᠭᠯᠠᠭᠠᠮ ᠪᠠ ᠲᠡᠷᠢᠭᠦᠨ ᠳᠡᠳ᠋ ᠤᠨ ᠲᠣᠭᠯᠠᠭᠠᠮ ᠢᠶᠠᠷ ᠬᠤᠭᠤᠴᠠᠭ᠎ᠠ ᠲᠣᠭᠲᠠᠭᠠᠵᠤ᠂ ᠱᠠᠩᠨᠠᠯᠲᠤ ᠰᠤᠭᠤᠯᠤᠭ᠎ᠠ ᠪᠦᠷᠢ ᠳᠤ ᠬᠤᠯᠪᠣᠭᠳᠠᠬᠤ ᠤᠷᠤᠯᠳᠤᠭᠠᠨ ᠤ ᠲᠠᠯᠠᠪᠤᠷ ᠤᠨ ᠬᠠᠮᠤᠭ ᠰᠡᠭᠦᠯᠴᠢ ᠶᠢᠨ ᠤᠷᠤᠯᠳᠤᠭᠠᠨ ᠤ ᠳ᠋ᠤᠭᠠᠷ ᠤᠨ ᠡᠳᠦᠷ ᠬᠤᠭᠤᠴᠠᠭ᠎ᠠ ᠪᠠᠷ ᠮᠠᠭᠠᠳᠯᠠᠬᠤ ᠪᠠᠷᠢᠮᠵᠢᠶ᠎ᠠ ᠪᠣᠯᠭᠠᠵᠦ᠂ ᠠᠳᠠᠯᠢᠬᠠᠨ ᠢ ᠨᠢ ᠠᠳᠠᠯᠢ ᠬᠤᠭᠤᠴᠠᠭ᠎ᠠ ᠪᠠᠷ ᠦᠵᠡᠨ᠎ᠡ︔ ᠬᠠᠢᠨᠠᠨ ᠤ ᠸᠢᠳᠢᠣ᠋ ᠡᠯᠧᠺᠲᠷᠣᠨ ᠲᠣᠭᠯᠠᠭᠠᠮ ᠨᠢ ᠠᠳᠠᠯᠢ ᠨᠢᠭᠡ ᠲᠣᠭᠯᠠᠭᠠᠮ ᠤᠨ ᠱᠠᠩᠨᠠᠯ ᠤᠨ ᠮᠥᠩᠭᠦ ᠪᠠᠷ ᠨᠢᠭᠡ ᠤᠳᠠᠭᠠᠨ ᠤ ᠱᠠᠩᠨᠠᠯ ᠤᠨ ᠮᠥᠩᠭᠦ ᠪᠣᠯᠭᠠᠨ᠎ᠠ᠃ ᠲᠤᠬᠠᠶᠢᠯᠠᠪᠠᠯ ᠱᠠᠩᠨᠠᠯᠲᠤ ᠰᠤᠭᠤᠯᠤᠭ᠎ᠠ ᠨᠡᠭᠡᠭᠡᠬᠦ ᠳᠤ ᠨᠢᠭᠡ ᠱᠠᠩᠨᠠᠯᠲᠤ ᠰᠤᠭᠤᠯᠤᠭ᠎ᠠ ᠶᠢᠨ ᠮᠥᠩᠭᠦ ᠪᠠᠷ ᠨᠢᠭᠡ ᠤᠳᠠᠭ᠎ᠠ ᠱᠠᠩᠨᠠᠯ ᠣᠯᠤᠭᠰᠠᠨ ᠣᠷᠣᠯᠭ᠎ᠠ ᠪᠣᠯᠭᠠᠨ᠎ᠠ᠃    ᠭᠤᠷᠪᠠ᠂ ᠱᠠᠩᠨᠠᠯᠲᠤ ᠰᠤᠭᠤᠯᠤᠭ᠎ᠠ ᠶᠢᠨ ᠪᠠᠶᠢᠭᠤᠯᠤᠮᠵᠢ ᠪᠣᠯᠤᠨ ᠪᠣᠷᠣᠯᠠᠭᠤᠯᠤᠨ ᠬᠤᠳᠠᠯᠳᠤᠬᠤ ᠲᠤᠤᠷ ᠴᠡᠭ  ᠨᠢ ᠺᠣᠮᠫᠢᠦ᠋ᠲ᠋ᠧᠷ ᠤᠨ ᠱᠠᠩᠨᠠᠯᠲᠤ ᠰᠤᠭᠤᠯᠤᠭ᠎ᠠ ᠶᠢᠨ ᠮᠦᠡᠭᠭᠦ ᠶᠢ ᠣᠯᠭᠤᠬᠤ ᠳᠤ᠂ ᠱᠠᠩᠨᠠᠯ ᠣᠯᠭᠤᠬᠤ ᠮᠦᠡᠭᠭᠦ ᠶᠢᠨ ᠲᠤᠭ᠎ᠠ ᠨᠢ 3000 ᠲᠥᠭᠦᠷᠢᠭ ᠢ ᠳᠠᠪᠠᠭᠰᠠᠨ ᠪᠣᠯ ᠱᠠᠩᠨᠠᠯ ᠣᠯᠤᠭᠰᠠᠳ ᠤᠨ ᠬᠠᠮᠢᠶ᠎ᠠ ᠪᠦᠬᠦᠢ ᠦᠨᠡᠨ ᠨᠡᠷ᠎ᠡ ᠶᠢᠨ ᠮᠡᠳᠡᠭᠡ ᠵᠠᠩᠭᠢ ᠪᠣᠯᠤᠨ ᠱᠠᠩᠨᠠᠯ ᠣᠯᠭᠤᠭᠰᠠᠨ ᠮᠡᠳᠡᠭᠡ ᠵᠠᠩᠭᠢ ᠶᠢ ᠲᠡᠮᠳᠡᠭᠯᠡᠵᠦ᠂ ᠱᠠᠩᠨᠠᠯ ᠣᠯᠤᠭᠰᠠᠳ ᠰᠠᠨᠠᠭᠠᠴᠢᠯᠠᠭ᠎ᠠ ᠠᠴᠠ ᠪᠠᠨ ᠬᠠᠮᠵᠢᠯᠴᠠᠨ ᠳᠠᠩᠰᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃    ᠳᠥᠷᠪᠡ᠂ ᠬᠤᠪᠢ ᠬᠥᠮᠦᠨ ᠤ ᠠᠰᠢᠭ ᠣᠯᠵᠠᠪᠤᠷᠢ ᠶᠢᠨ ᠭᠠᠶᠢᠯᠢ ᠶᠢᠨ ᠬᠠᠤᠯᠢ ᠶᠢᠨ ᠲᠣᠭᠲᠠᠭᠠᠯ ᠶᠣᠰᠣᠭᠠᠷ᠂ ᠱᠠᠩᠨᠠᠯᠲᠤ ᠰᠤᠭᠤᠯᠤᠭ᠎ᠠ ᠶᠢᠨ ᠪᠠᠶᠢᠭᠤᠯᠤᠮᠵᠢ ᠨᠢ ᠬᠤᠪᠢ ᠬᠥᠮᠦᠨ ᠤ ᠠᠰᠢᠭ ᠣᠯᠵᠠᠪᠤᠷᠢ ᠶᠢᠨ ᠭᠠᠶᠢᠯᠢ ᠶᠢ ᠣᠷᠣᠯᠠᠨ ᠰᠠᠭᠤᠯᠭᠠᠨ ᠠᠪᠴᠤ ᠣᠷᠣᠯᠠᠨ ᠲᠤᠰᠢᠶᠠᠬᠤ ᠶᠢ ᠬᠠᠷᠢᠭᠤᠴᠠᠵᠤ᠂ ᠺᠣᠮᠫᠢᠦ᠋ᠲ᠋ᠧᠷ ᠤᠨ ᠱᠠᠩᠨᠠᠯᠲᠤ ᠰᠤᠭᠤᠯᠤᠭ᠎ᠠ ᠶᠢᠨ ᠨᠢᠭᠡ ᠤᠳᠠᠭ᠎ᠠ ᠶᠢᠨ ᠱᠠᠩᠨᠠᠯ ᠤᠨ ᠣᠷᠣᠯᠭ᠎ᠠ ᠨᠢ 3000 ᠲᠥᠭᠦᠷᠢᠭ ᠠᠴᠠ 10000 ᠲᠥᠭᠦᠷᠢᠭ ︵ᠪᠠᠭᠲᠠᠨ᠎ᠠ︶ ᠢ ᠳᠠᠪᠠᠭᠰᠠᠨ ᠬᠤᠪᠢ ᠬᠥᠮᠦᠨ ᠳᠤ ᠭᠠᠶᠢᠯᠢ ᠬᠡᠯᠲᠦᠷᠢᠭᠦᠯᠬᠦ ᠪᠠᠷ ᠭᠤᠶᠤᠴᠢᠯᠠᠨ ᠮᠡᠳᠡᠭᠦᠯᠬᠦ ᠭᠠᠷᠳᠠᠮ ᠢ ᠬᠦᠢᠴᠡᠳᠬᠡᠵᠦ ᠦᠭᠭᠦᠨ᠎ᠡ᠂ ᠺᠣᠮᠫᠢᠦ᠋ᠲ᠋ᠧᠷ ᠤᠨ ᠱᠠᠩᠨᠠᠯᠲᠤ ᠰᠤᠭᠤᠯᠤᠭ᠎ᠠ ᠪᠣᠯᠤᠨ ᠳᠠᠷᠤᠶ ᠲᠦᠷᠭᠡᠨ ᠨᠡᠭᠡᠭᠡᠬᠦ ᠬᠡᠯᠪᠡᠷᠢ  ᠶᠢᠨ ᠱᠠᠩᠨᠠᠯᠲᠤ ᠰᠤᠭᠤᠯᠤᠭ᠎ᠠ ᠶᠢᠨ ᠨᠢᠭᠡ ᠤᠳᠠᠭ᠎ᠠ ᠶᠢᠨ ᠱᠠᠩᠨᠠᠯ ᠤᠨ ᠣᠷᠣᠯᠭ᠎ᠠ ᠨᠢ 10000 ᠲᠥᠭᠦᠷᠢᠭ ᠢ ᠳᠠᠪᠠᠭᠰᠠᠨ ᠬᠤᠪᠢ ᠬᠥᠮᠦᠨ ᠳᠤ ᠭᠠᠶᠢᠯᠢ ᠲᠤᠰᠢᠶᠠᠬᠤ ᠪᠠᠷ ᠭᠤᠶᠤᠴᠢᠯᠠᠨ ᠮᠡᠳᠡᠭᠦᠯᠬᠦ ᠭᠠᠷᠳᠠᠮ ᠢ ᠬᠦᠢᠴᠡᠳᠬᠡᠵᠦ ᠦᠭᠭᠦᠨ᠎ᠡ᠃    ᠲᠠᠪᠤ᠂ ᠰᠤᠭᠤᠯᠠᠭ᠎ᠠ ᠲᠠᠷᠬᠠᠭᠠᠬᠤ ᠪᠠᠶᠢᠭᠤᠯᠤᠮᠵᠢ ᠨᠢ ᠰᠤᠭᠤᠯᠠᠭ᠎ᠠ ᠶᠢᠨ ᠱᠠᠩᠨᠠᠯ ᠣᠯᠭᠤᠭᠰᠠᠨ ᠲᠤᠭ᠎ᠠ ᠪᠠᠷᠢᠮᠲᠠ  ᠪᠠᠨ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠤ ᠤᠯᠠᠷᠢᠯ ᠢᠶᠠᠷ ᠮᠡᠳᠡᠭᠦᠯᠦᠨ ᠬᠦᠷᠭᠡᠬᠦ ᠬᠡᠷᠡᠭᠲᠡᠶ᠃    ᠵᠢᠷᠭᠤᠭ᠎ᠠ᠂ ᠲᠣᠰ ᠠᠯᠪᠠᠨ ᠵᠠᠷᠯᠠᠯ ᠢ 2024 ᠣᠨ ᠤ 9 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ 2024 ᠣᠨ ᠤ 9 ᠰᠠᠷ᠎ᠠ ᠶᠢᠨ 1 ᠤ ᠡᠳᠦᠷ ᠠᠴᠠ ᠡᠮᠦᠨ᠎ᠡ ᠨᠢᠭᠡᠨᠲᠡ ᠪᠣᠷᠣᠯᠠᠭᠤᠯᠵᠤ᠂ ᠮᠥᠨ ᠬᠦ ᠱᠠᠩᠨᠠᠯ ᠣᠯᠭᠤᠬᠤ ᠬᠦᠴᠦᠨ ᠲᠠᠢ ᠬᠤᠭᠤᠴᠠᠭᠠᠨ ᠳᠤ ᠪᠠᠶᠢᠭ᠎ᠠ ᠪᠣᠯᠪᠠᠴᠤ ᠱᠠᠩᠨᠠᠯ ᠣᠯᠤᠭᠠᠳᠤᠶ ᠱᠠᠩᠨᠠᠯᠲᠤ ᠰᠤᠭᠤᠯᠤᠭ᠎ᠠ ᠶᠢ ᠲᠣᠰ ᠠᠯᠪᠠᠨ ᠵᠠᠷᠯᠠᠯ ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号