︽ᠭᠡᠷ ᠪᠠᠶᠢᠰᠢᠩ ᠤᠨ ᠨᠠᠰᠤᠵᠢᠯ ᠤᠨ ᠠᠰᠠᠷᠠᠮᠵᠢ ᠶᠢᠨ ᠮᠥᠩᠭᠦ︾ ᠳᠤ ᠬᠤᠪᠢ ᠬᠥᠮᠦᠨ  ᠢᠶᠠᠷ  ᠢᠯᠡᠭᠦᠴᠡ  ᠰᠦᠢᠳᠬᠡᠯ  ᠲᠤᠰᠢᠶᠠᠠᠯᠭᠠᠬᠤ  ᠦᠦ︖  ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠬᠠᠷᠢᠭᠤ ᠥᠭᠪᠡ
ᠨᠡᠶᠢᠲᠡᠯᠡᠭᠰᠡᠨ ᠴᠠᠭ᠄
2024/8/29
   8 ᠰᠠᠷ᠎ᠠ ᠶᠢᠨ 23 ᠤ ᠡᠳᠦᠷ ᠤᠨ ᠦᠳᠡ ᠶᠢᠨ ᠡᠮᠦᠨ᠎ᠡ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠬᠡᠷ ᠤᠨ ᠡᠷᠭᠢᠯᠡᠭᠰᠡᠨ ︽ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ︾ ᠰᠢᠷᠢᠰ ᠭᠤᠤᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠬᠢᠨ ᠬᠡᠯᠡᠬᠦ ᠳᠡᠭᠡᠨ᠂ ᠣᠳᠣᠬᠠᠨ ᠳᠤ ᠱᠠᠩᠬᠠᠶ ᠵᠡᠷᠭᠡ 22 ᠬᠤᠲᠠ ᠨᠢ ᠶᠠᠭ ᠬᠡᠷ ᠪᠠᠶᠢᠰᠢᠩ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠲᠦᠷᠢᠮ ᠢ ᠲᠤᠷᠰᠢᠨ ᠬᠡᠷᠡᠭᠵᠢᠭᠦᠯᠵᠦ ᠪᠠᠶᠢᠨ᠎ᠠ᠂ ᠲᠤᠷᠰᠢᠯᠲᠠ ᠶᠢᠨ ᠭᠤᠤᠯᠳᠠᠯᠭ᠎ᠠ ᠪᠣᠯ ᠵᠠᠰᠠᠭ ᠤᠨ ᠣᠷᠳᠣᠨ ᠣᠯᠠᠨ ᠨᠡᠶᠢᠲᠡ ᠶᠢᠨ ᠲᠠᠩᠰᠠᠨ ᠡᠷᠦᠬᠡ ᠶᠢ ᠪᠠᠶᠢᠭᠤᠯᠬᠤ ᠶᠠᠪᠤᠳᠠᠯ ᠪᠣᠯᠤᠨ᠎ᠠ ᠬᠡᠪᠡ᠃    ᠬᠡᠷ ᠪᠠᠶᠢᠰᠢᠩ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠲᠦᠷᠢᠮ ᠨᠢ ᠨᠡᠶᠢᠭᠡᠮ ᠤᠨ ᠥᠷᠭᠡᠨ ᠠᠩᠬᠠᠷᠤᠯ ᠢ ᠲᠠᠲᠠᠵᠤ ᠪᠠᠶᠢᠨ᠎ᠠ᠂ ᠵᠠᠷᠢᠮ ᠬᠥᠮᠦᠨ ᠬᠡᠷ ᠪᠠᠶᠢᠰᠢᠩ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠨᠢ ᠥᠪᠡᠷ ᠤᠨ ᠬᠢᠨᠢ ᠠᠵᠤ ᠠᠬᠤᠶ ᠶᠢᠨ ᠳᠠᠷᠤᠭᠠᠰᠤ ᠶᠢ ᠬᠦᠨᠳᠦᠷᠡᠭᠦᠯᠵᠦ ᠮᠡᠳᠡᠨ᠎ᠡ ᠭᠡᠵᠦ ᠠᠶᠤᠵᠤ ᠪᠠᠶᠢᠨ᠎ᠠ᠂ ᠦᠨᠡᠨ ᠳᠡᠭᠡᠨ ᠲᠡᠶᠢᠮᠦ ᠪᠢᠰᠢ ᠶᠤᠮ᠂ ᠰᠤᠷᠪᠤᠯᠵᠢᠯᠠᠭ᠎ᠠ ᠬᠦᠯᠢᠶᠡᠭᠰᠡᠨ ᠣᠯᠠᠨ ᠲᠤᠰᠬᠠᠶ ᠮᠡᠷᠭᠡᠵᠢᠯᠲᠡᠨ ᠬᠡᠯᠡᠬᠦ ᠳᠡᠭᠡᠨ᠂ ᠡᠨᠡ ᠬᠦ ᠲᠦᠷᠢᠮ ᠢ ᠬᠡᠷᠡᠭᠵᠢᠭᠦᠯᠦᠭᠰᠡᠨ ᠨᠢ ᠠᠷᠠᠳ ᠣᠯᠠᠨ ᠤ ᠳᠠᠷᠤᠭᠠᠰᠤ ᠶᠢ ᠬᠦᠨᠳᠦᠷᠡᠭᠦᠯᠬᠦ ᠥᠬᠡᠶ ᠮᠥᠷᠲᠡᠭᠡᠨ ᠨᠠᠩ ᠴᠤ ᠣᠯᠠᠨ ᠤ ᠡᠷᠬᠡ ᠠᠰᠢᠭ ᠢ ᠬᠤᠬᠢᠷᠠᠭᠤᠯᠬᠤ ᠥᠬᠡᠶ ᠶᠤᠮ᠂ ᠭᠡᠳᠡᠷᠭᠦ ᠪᠠᠨ ᠬᠡᠷ ᠪᠠᠶᠢᠰᠢᠩ ᠳᠤ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢ ᠬᠠᠩᠭᠠᠵᠤ ᠪᠣᠯᠤᠨ᠎ᠠ ᠭᠡᠵᠡᠶ᠃    8 ᠰᠠᠷ᠎ᠠ ᠶᠢᠨ 26 ᠤ ᠣᠷᠣᠶ᠂ ᠣᠯᠠᠨ ᠤ ᠠᠩᠬᠠᠷᠴᠤ ᠪᠠᠶᠢᠭ᠎ᠠ ᠬᠡᠷ ᠪᠠᠶᠢᠰᠢᠩ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠲᠦᠷᠢᠮ ᠤᠨ ᠬᠤᠯᠪᠣᠭᠳᠠᠯ ᠪᠥᠬᠦᠶ ᠠᠰᠠᠭᠤᠳᠠᠯ ᠤᠨ ᠲᠤᠬᠠᠶ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠬᠤᠯᠪᠣᠭᠳᠠᠯ ᠪᠥᠬᠦᠶ ᠵᠤᠷᠭᠠᠨ ᠲᠣᠪᠴᠢᠶ᠎ᠠ ᠶᠢᠨ ᠬᠠᠷᠢᠭᠤᠴᠠᠯᠭᠠᠲᠠᠨ ᠬᠠᠷᠢᠭᠤ ᠦᠭᠴᠡᠢ᠃    ᠭᠡᠷ ᠪᠠᠶᠢᠰᠢᠩ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠪᠡᠯᠡ ᠮᠥᠩᠭᠦ ᠬᠠᠮᠢᠭ᠎ᠠ ᠠᠴᠠ ᠢᠷᠡᠵᠦ ᠪᠠᠶᠢᠭ᠎ᠠ ᠪᠤᠢ︖    ᠬᠠᠷᠢᠭᠤᠯᠲᠠ᠄ ᠭᠡᠷ ᠪᠠᠶᠢᠰᠢᠩ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠨᠢ ᠬᠤᠪᠢ ᠬᠥᠮᠦᠨ ᠤ ᠳᠠᠩᠰᠠᠨ ᠡᠷᠦᠬᠡ ᠪᠠ ᠣᠯᠠᠨ ᠨᠡᠶᠢᠲᠡ ᠶᠢᠨ ᠳᠠᠩᠰᠠᠨ ᠡᠷᠦᠬᠡ ᠭᠡᠬᠦ ᠬᠤᠶᠠᠷ ᠬᠡᠰᠡᠭ ᠢᠶᠠᠷ ᠪᠦᠷᠢᠯᠳᠦᠨ᠎ᠡ᠃ ᠬᠤᠪᠢ ᠬᠥᠮᠦᠨ ᠤ ᠲᠠᠩᠰᠠᠨ ᠡᠷᠦᠬᠡ ᠭᠡᠳᠡᠭ ᠨᠢ ᠳᠠᠷᠤᠶ ᠥᠮᠴᠢᠲᠡᠨ ᠤ ᠲᠤᠰᠢᠶᠠᠨ ᠬᠠᠳᠠᠭᠠᠯᠠᠭᠤᠯᠤᠭᠰᠠᠨ ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠠᠯᠠ ᠮᠥᠩᠭᠦ ᠪᠣᠯᠤᠨ᠎ᠠ᠂ ᠲᠤᠰᠢᠶᠠᠨ ᠬᠠᠳᠠᠭᠠᠯᠠᠭᠤᠯᠬᠤ ᠳᠠᠭᠠᠨ ᠣᠲᠣ ᠶᠢᠨ ᠬᠡᠷᠡᠭᠵᠢᠭᠦᠯᠵᠦ ᠪᠠᠶᠢᠭ᠎ᠠ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠣᠯᠠᠨ ᠨᠡᠶᠢᠲᠡ ᠶᠢᠨ ᠳᠠᠩᠰᠠᠨ ᠡᠷᠦᠬᠡ ᠶᠢ ︽ᠭᠡᠷ ᠪᠠᠶᠢᠰᠢᠩ ᠠᠴᠠ ᠠᠪᠴᠤ᠂ ᠭᠡᠷ ᠪᠠᠶᠢᠰᠢᠩ ᠳᠤ ᠬᠡᠷᠡᠭᠯᠡᠬᠦ︾᠂ ︽ᠬᠤᠪᠢ ᠬᠥᠮᠦᠨ ᠤ ᠳᠠᠷᠤᠭᠠᠰᠤ ᠶᠢ ᠬᠦᠨᠳᠦᠷᠡᠭᠦᠯᠬᠦ ᠦᠭᠡᠶ᠂ ᠬᠤᠪᠢ ᠬᠥᠮᠦᠨ ᠤ ᠡᠷᠬᠡ ᠠᠰᠢᠭ ᠢ ᠬᠤᠬᠢᠷᠠᠭᠤᠯᠬᠤ ᠦᠭᠡᠶ︾ ᠪᠠᠶᠢᠬᠤ ᠵᠠᠷᠴᠢᠮ ᠤᠨ ᠶᠣᠰᠣᠭᠠᠷ᠂ ᠵᠠᠰᠠᠭ ᠤᠨ ᠣᠷᠳᠣᠨ ᠠᠴᠠ ᠬᠠᠷᠢᠭᠤᠴᠠᠨ ᠪᠠᠶᠢᠭᠤᠯᠤᠨ᠎ᠠ᠂ ᠲᠤᠷᠰᠢᠯᠲᠠ ᠶᠢᠨ ᠴᠡᠭ ᠪᠣᠯᠬᠤ ᠬᠤᠲᠠ ᠠᠴᠠ ᠠᠪᠴᠤ ᠦᠵᠡᠪᠡᠯ᠂ ᠣᠷᠣᠨ ᠨᠤᠲᠤᠭ ᠤᠨ ᠵᠠᠰᠠᠭ ᠤᠨ ᠣᠷᠳᠣᠨ ᠨᠢ ᠡᠳ᠋ ᠤᠨ ᠵᠠᠰᠠᠭ ᠠᠴᠠ ᠪᠠᠭ᠎ᠠ ᠰᠠᠭ᠎ᠠ ᠨᠥᠬᠦᠪᠥᠷᠢᠯᠡᠬᠦ᠂ ᠭᠠᠵᠠᠷ ᠰᠢᠷᠣᠢ ᠶᠢ ᠰᠢᠯᠵᠢᠭᠦᠯᠦᠨ ᠲᠠᠳᠠᠪᠤᠷᠢᠯᠠᠬᠰᠠᠨ ᠮᠥᠩᠭᠦ ᠶᠢ ᠴᠤᠭᠯᠠᠭᠤᠯᠬᠤ ᠵᠡᠷᠭᠡ ᠠᠷᠭ᠎ᠠ ᠮᠠᠶ᠋ᠢᠭ ᠢᠶᠠᠷ ᠴᠤᠭᠯᠠᠭᠤᠯᠵᠤ ᠪᠤᠢ᠂ ᠡᠭᠦᠨ ᠤ ᠵᠣᠷᠢᠯᠭ᠎ᠠ ᠨᠢ ᠭᠡᠷ ᠪᠠᠶᠢᠰᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠪᠡᠯᠡ ᠮᠥᠩᠭᠦ ᠶᠢᠨ ᠲᠣᠭᠲᠠᠪᠤᠷᠢᠲᠠᠶ ᠠᠷᠭ᠎ᠠ ᠵᠠᠮ ᠢ ᠪᠠᠶᠢᠭᠤᠯᠵᠤ᠂ ᠰᠠᠭᠤᠭᠠᠯᠢ ᠠᠷᠠᠳ ᠢᠶᠠᠷ ᠢᠯᠡᠭᠦᠴᠡ ᠰᠦᠢᠳᠬᠡᠯ ᠲᠤᠰᠢᠶᠠᠯᠭᠠᠬᠤ ᠦᠭᠡᠶ᠂ ᠬᠤᠪᠢ ᠬᠥᠮᠦᠨ ᠤ ᠳᠠᠷᠤᠭᠠᠰᠤ ᠶᠢ ᠬᠦᠨᠳᠦᠷᠡᠭᠦᠯᠬᠦ ᠦᠭᠡᠶ ᠶᠤᠮ᠃    ᠭᠡᠷ ᠪᠠᠶᠢᠰᠢᠩ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠶᠠᠮᠠᠷ ᠶᠠᠮᠠᠷ ᠭᠠᠵᠠᠷ ᠲᠤ ᠬᠡᠷᠡᠭᠯᠡᠬᠦ ᠪᠣᠶ︖    ᠬᠠᠷᠢᠭᠤᠯᠲᠠ᠄ ᠬᠡᠷ ᠪᠠᠶᠢᠰᠢᠩ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠬᠤᠪᠢ ᠬᠥᠮᠦᠨ ᠤ ᠲᠠᠩᠰᠠᠨ ᠡᠷᠦᠬᠡ ᠪᠠ ᠣᠯᠠᠨ ᠨᠡᠶᠢᠲᠡ ᠶᠢᠨ ᠲᠠᠩᠰᠠᠨ ᠡᠷᠦᠬᠡ ᠶᠢᠨ ᠪᠠᠯᠠ ᠮᠥᠩᠭᠦ ᠨᠢ ᠬᠡᠷ ᠪᠠᠶᠢᠰᠢᠩ ᠤᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠠᠮᠤᠷ ᠲᠦᠪᠰᠢᠨ ᠢ ᠬᠠᠮᠲᠤ ᠪᠠᠷ ᠪᠠᠲᠤᠯᠠᠨ᠎ᠠ᠃ ᠬᠤᠪᠢ ᠬᠥᠮᠦᠨ ᠤ ᠳᠠᠩᠰᠠᠨ ᠡᠷᠦᠬᠡ ᠶᠢᠨ ᠪᠡᠯᠡ ᠮᠥᠩᠭᠦ ᠶᠢ ᠣᠷᠣᠨ ᠰᠠᠭᠤᠴᠠ ᠶᠢᠨ ᠲᠤᠰᠬᠠᠢ ᠰᠡᠯᠪᠢᠨ ᠵᠠᠰᠠᠬᠤ ᠪᠡᠯᠡ ᠮᠥᠩᠭᠦ ᠶᠢᠨ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ᠂ ᠣᠷᠣᠨ ᠰᠠᠭᠤᠴᠠ ᠶᠢᠨ ᠨᠡᠶᠢᠲᠡ ᠪᠠᠷ ᠬᠡᠷᠡᠭᠯᠡᠬᠦ ᠬᠡᠰᠡᠭ᠂ ᠨᠡᠶᠢᠲᠡ ᠪᠠᠷ ᠬᠡᠷᠡᠭᠯᠡᠬᠦ ᠲᠤᠨᠤᠭ ᠲᠥᠬᠦᠭᠡᠷᠦᠮᠵᠢ ᠶᠢᠨ ᠰᠡᠯᠪᠢᠨ ᠵᠠᠰᠠᠬᠤ ᠬᠤᠭᠤᠴᠠᠭ᠎ᠠ ᠳᠠᠭᠤᠰᠤᠭᠰᠠᠨ ᠤ ᠳᠠᠷᠠᠭᠠᠬᠢ ᠰᠡᠯᠪᠢᠨ ᠵᠠᠰᠠᠬᠤ ᠪᠠ ᠰᠢᠨᠡᠳᠬᠡᠨ ᠵᠠᠰᠠᠬᠤ ᠳᠤ ᠠᠵᠢᠯ ᠳᠤ ᠲᠤᠰᠬᠠᠶ ᠬᠡᠷᠡᠭᠯᠡᠨ᠎ᠡ᠃ ᠣᠯᠠᠨ ᠨᠡᠶᠢᠲᠡ ᠶᠢᠨ ᠳᠠᠩᠰᠠᠨ ᠡᠷᠦᠬᠡ ᠶᠢᠨ ᠪᠡᠯᠡ ᠮᠥᠩᠭᠦ ᠶᠢ ᠭᠤᠣᠯᠳᠠᠭᠤ ᠭᠡᠷ ᠪᠠᠶᠢᠰᠢᠩ ᠤᠨ ᠪᠦᠳᠦᠴᠡ ᠶᠢᠨ ᠪᠠᠶᠢᠴᠠᠭᠠᠯᠲᠠ ᠪᠠ ᠳᠠᠭᠠᠳᠬᠠᠯ ᠵᠡᠷᠭᠡ ᠵᠠᠷᠤᠯᠭ᠎ᠠ ᠳᠤ ᠬᠡᠷᠡᠭᠯᠡᠨ᠎ᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号