ᠪᠠᠶᠢᠭᠤᠯᠤᠯ ᠲᠤᠭᠲᠠᠴᠠ ᠶᠢ ᠲᠡᠭᠦᠯᠳᠡᠷᠵᠢᠭᠦᠯᠦᠨ ᠬᠤᠲᠠ ᠬᠦᠳᠡᠭᠡ ᠶᠢᠨ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/8/29
   ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯᠳᠤᠭᠠᠨ ᠢᠶᠠᠷ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ ᠭᠡᠵᠦ ᠴᠢᠬᠤᠯᠠᠴᠢᠯᠠᠭᠰᠠᠨ ᠪᠥᠭᠡᠳ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠬᠦ ᠲᠠᠯ᠎ᠠ ᠪᠠᠷ ᠪᠠᠶᠢᠷᠢᠯᠠᠭᠤᠯᠪᠠ᠃ ᠰᠢᠨ᠎ᠡ ᠴᠠᠭ ᠦᠶ᠎ᠡ ᠳᠤ ᠬᠤᠲᠠ ᠬᠥᠳᠡᠭᠡ ᠶᠢᠨ ᠬᠠᠮᠲᠤ ᠪᠠᠷ ᠴᠡᠴᠡᠭᠯᠡᠨ ᠬᠥᠭᠵᠢᠬᠦ ᠶᠢ ᠬᠡᠷᠬᠢᠨ ᠠᠬᠢᠭᠤᠯᠬᠤ ᠪᠤᠢ ︖ ᠦᠨᠦᠳᠦᠷ ︵8 ᠳ᠋ᠤᠭᠠᠷ ᠰᠠᠷ᠎ᠠ ᠶᠢᠨ 26 ᠤ ᠡᠳᠦᠷ ︶ ᠪᠢᠳᠡ ᠲᠥᠪ ᠬᠤᠷᠢᠶᠠᠨ ᠤ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠠᠯᠪᠠᠨ ᠭᠡᠷ ᠤᠨ ᠳᠡᠳ᠋ ᠡᠷᠬᠢᠯᠡᠭᠴᠢ᠂ ᠲᠥᠪ ᠤᠨ ᠬᠥᠳᠡᠭᠡ ᠲᠣᠰᠬᠤᠨ ᠤ ᠠᠵᠢᠯ ᠤᠨ ᠤᠳᠤᠷᠢᠳᠬᠤ ᠪᠠᠭ ᠤᠨ ᠠᠯᠪᠠᠨ ᠭᠡᠷ ᠤᠨ ᠳᠡᠳ᠋ ᠡᠷᠬᠢᠯᠡᠭᠴᠢ ᠵᠦ ᠸᠧᠶ ᠳ᠋ᠦᠩ ᠢ ᠰᠤᠷᠪᠤᠯᠵᠢᠯᠠᠭᠰᠠᠨ ᠰᠤᠷᠪᠤᠯᠵᠢᠯᠠᠭ᠎ᠠ ᠶᠢ ᠰᠣᠨᠣᠰᠤᠶ᠎ᠠ᠃    ᠵᠦ ᠸᠧᠢ ᠳ᠋ᠦᠩ ᠢᠯᠡᠷᠬᠡᠶᠢᠯᠡᠬᠦ ᠳᠤ ᠪᠠᠨ᠂ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠬᠦ ᠪᠣᠯ ᠪᠦᠬᠦ ᠲᠠᠯ᠎ᠠ ᠳᠤ ᠬᠤᠯᠪᠣᠭᠳᠠᠭᠰᠠᠨ᠂ ᠠᠯᠤᠰ ᠬᠡᠳᠤ ᠶᠢᠨ ᠨᠥᠯᠥᠭᠡ ᠲᠠᠢ ᠴᠢᠬᠤᠯᠠ ᠶᠡᠭᠡ ᠡᠭᠦᠷᠭᠡ ᠪᠣᠯᠤᠨ᠎ᠠ᠃ ᠨᠢᠭᠡ ᠲᠠᠯ᠎ᠠ ᠪᠠᠷ᠂ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠶᠢᠨ ᠪᠠᠶᠢᠭᠤᠯᠤᠯ ᠲᠣᠭᠲᠠᠴᠠ ᠶᠢ ᠪᠦᠷᠢᠨᠰᠢᠭᠦᠯᠬᠦ ᠳᠤ᠂ ᠭᠤᠣᠯᠳᠠᠯᠭ᠎ᠠ ᠨᠢ ᠲᠠᠷᠢᠶᠠᠯᠠᠩ ᠠᠴᠠ ᠰᠢᠯᠵᠢᠭᠰᠡᠨ ᠬᠥᠮᠦᠨ ᠠᠮᠠ ᠶᠢ ᠬᠤᠳᠠ ᠶᠢᠨ ᠠᠷᠠᠳ ᠪᠣᠯᠭᠠᠬᠤ ᠶᠢ ᠲᠦᠷᠭᠡᠳᠬᠡᠵᠦ᠂ ᠲᠡᠳᠡᠨᠦᠰ ᠤᠨ ᠬᠤᠳᠠ ᠳᠤ ᠦᠨᠡᠨ ᠬᠦ ᠨᠤᠲᠤᠭᠰᠢᠵᠤ᠂ ᠠᠭᠤᠰᠤᠯᠴᠠᠬᠤ ᠶᠢ ᠳᠡᠮᠵᠢᠨ᠎ᠡ᠃ ᠨᠥᠭᠦᠭᠡ ᠲᠠᠯ᠎ᠠ ᠪᠠᠷ᠂ ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠵᠦ ᠲᠠᠷᠢᠶᠠᠴᠢᠳ ᠢ ᠪᠠᠶᠠᠵᠢᠭᠤᠯᠬᠤ ᠲᠦᠷᠢᠮ ᠢ ᠲᠡᠭᠦᠯᠳᠡᠷᠵᠢᠭᠦᠯᠵᠦ᠂ ᠵᠧᠵᠢᠶᠠᠩ ᠤᠨ ︽ᠮᠢᠩᠭ᠎ᠠ ᠲᠦᠮᠡ ᠶᠢᠨ ᠢᠨᠵᠧᠨᠧᠷᠢᠩ ︾ ᠤᠨ ᠲᠤᠷᠰᠢᠯᠭ᠎ᠠ ᠶᠢ ᠬᠡᠷᠡᠭᠯᠡᠵᠦ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ᠎ᠡ ᠭᠡᠵᠡᠢ᠃    ᠭᠡᠷ ᠪᠦᠯᠢ ᠶᠢᠨ ᠳᠠᠭᠠᠭᠠᠴᠢᠯᠠᠨ ᠡᠵᠡᠩᠨᠡᠬᠦ ᠪᠠᠷ ᠰᠠᠭᠤᠷᠢᠯᠠᠭᠰᠠᠨ᠂ ᠨᠢᠭᠡᠳᠦᠯᠲᠡᠶ ᠪᠠᠶᠢᠯᠭᠠᠬᠤ ᠪᠠ ᠲᠠᠷᠠᠬᠠᠶ ᠪᠠᠶᠢᠬᠤ ᠶᠢ ᠤᠶᠠᠯᠳᠤᠭᠤᠯᠤᠭᠰᠠᠨ ᠬᠤᠣᠰ ᠳᠠᠪᠬᠤᠷᠭᠠᠲᠤ ᠡᠵᠡᠩᠨᠡᠯᠲᠡ ᠶᠢᠨ ᠪᠠᠶᠢᠭᠤᠯᠤᠯ ᠪᠣᠯ ᠮᠠᠨ ᠤ ᠤᠯᠤᠰ ᠤᠨ ᠬᠥᠳᠡᠭᠡ ᠲᠣᠰᠬᠤᠨ ᠤ ᠦᠨᠳᠦᠰᠦᠨ ᠡᠵᠡᠩᠨᠡᠯᠲᠡ ᠶᠢᠨ ᠳᠦᠷᠢᠮ ᠪᠣᠯᠬᠤ ᠪᠥᠭᠡᠳ ᠮᠠᠨ ᠤ ᠨᠠᠮ ᠤᠨ ᠬᠥᠳᠡᠭᠡ ᠲᠣᠰᠬᠤᠨ ᠤ ᠲᠥᠷᠥ ᠶᠢᠨ ᠪᠣᠳᠣᠯᠭ᠎ᠠ ᠶᠢᠨ ᠰᠠᠭᠤᠷᠢ ᠪᠣᠯᠤᠨ᠎ᠠ᠃ ᠪᠦᠭᠦᠳᠡ ᠬᠤᠷᠠᠯᠳᠤᠭᠠᠨ᠂ ᠬᠥᠳᠡᠭᠡ ᠲᠣᠰᠬᠤᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠪᠠᠬᠢᠵᠢᠭᠦᠯᠦᠨ ᠲᠡᠭᠦᠯᠳᠡᠷᠵᠢᠭᠦᠯᠬᠦ ᠬᠡᠷᠡᠭᠲᠡᠢ ᠭᠡᠵᠦ ᠳᠤᠷᠠᠳᠴᠠᠢ᠃ ᠵᠦ ᠸᠧᠶ ᠳ᠋ᠦᠩ ᠢᠯᠡᠷᠬᠡᠶᠢᠯᠡᠬᠦ ᠳᠤ ᠪᠠᠨ᠂ ᠭᠤᠣᠯᠳᠠᠯᠭ᠎ᠠ ᠨᠢ ᠬᠤᠪᠢᠷᠠᠬᠤ ᠪᠣᠯᠣᠨ ᠡᠰᠡ ᠬᠤᠪᠢᠷᠠᠬᠤ ᠶᠢᠨ ᠬᠤᠪᠢᠰᠤᠩᠭᠤᠶ ᠬᠠᠷᠢᠴᠠᠭ᠎ᠠ ᠶᠢ ᠰᠠᠶᠢᠲᠤᠷ ᠡᠵᠡᠮᠰᠢᠬᠦ ᠳᠤ ᠪᠣᠢ᠃ ᠭᠡᠷ ᠪᠦᠯᠢ ᠶᠢᠨ ᠡᠵᠡᠩᠨᠡᠯᠲᠡ ᠶᠢᠨ ᠰᠠᠭᠤᠷᠢᠯᠠᠬᠤ ᠴᠢᠨᠠᠷᠲᠠᠢ ᠪᠠᠶᠢᠷᠢ ᠰᠠᠭᠤᠷᠢ ᠶᠢ ᠪᠠᠷᠢᠮᠲᠠᠯᠠᠵᠤ᠂ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠠᠷᠢᠴᠠᠭ᠎ᠠ ᠶᠢ ᠲᠣᠭᠲᠠᠪᠤᠷᠢᠵᠢᠭᠤᠯᠵᠤ᠂ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ ᠲᠠᠬᠢᠨ ᠭᠤᠴᠢᠨ ᠵᠢᠯ ᠤᠷᠲᠤᠳᠬᠠᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠲᠠᠷᠢᠶᠠᠴᠢᠳ ᠢ ᠤᠷᠲᠤ ᠬᠤᠭᠤᠴᠠᠭ᠎ᠠ ᠪᠠᠷ ᠰᠠᠨᠠᠭ᠎ᠠ ᠠᠮᠤᠷ ᠪᠠᠶᠢᠯᠭᠠᠨ᠎ᠠ᠃ ᠡᠭᠦᠨ ᠤ ᠬᠠᠮᠲᠤ᠂ ᠳᠠᠭᠠᠭᠠᠴᠢᠯᠠᠭᠰᠠᠨ ᠭᠠᠵᠠᠷ ᠤᠨ ︽ᠭᠤᠷᠪᠠᠨ ᠡᠷᠬᠡ ︾ ᠶᠢ ᠲᠤᠰᠠᠭᠠᠷᠯᠠᠭᠤᠯᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ ᠭᠡᠵᠡᠢ᠃    ᠠᠮᠤ ᠪᠤᠳᠠᠭᠠᠨ ᠤ ᠠᠮᠤᠷ ᠲᠥᠪᠰᠢᠨ ᠪᠣᠯ ︽ᠤᠯᠤᠰ ᠤᠨ ᠲᠣᠮᠣ ᠶᠠᠪᠤᠳᠠᠯ ︾ ᠮᠥᠨ᠃ ᠵᠦ ᠸᠧᠢ ᠳ᠋ᠦᠩ ᠢᠯᠡᠷᠬᠡᠶᠢᠯᠡᠬᠦ ᠳᠤ ᠪᠠᠨ᠂ ᠪᠥᠬᠦᠳᠡ ᠬᠤᠷᠠᠯᠳᠤᠭᠠᠨ ᠭᠤᠣᠯᠳᠠᠭᠤ ᠪᠠᠶᠢᠭᠤᠯᠤᠯ ᠪᠠ ᠲᠣᠭᠲᠠᠴᠠ ᠭᠡᠬᠦ ᠬᠤᠶᠠᠷ ᠲᠠᠯ᠎ᠠ ᠠᠴᠠ ᠳᠦᠷᠢᠮ ᠤᠨ ᠪᠠᠲᠤᠯᠠᠭ᠎ᠠ ᠶᠢ ᠴᠢᠩᠭᠠᠳᠬᠠᠵᠤ᠂ ︽ᠳᠤᠮᠳᠠᠳᠤ ᠤᠯᠤᠰ ᠤᠨ ᠬᠥᠮᠦᠨ ᠤ ᠪᠤᠳᠠᠭᠠᠨ ᠠᠶᠠᠭ᠎ᠠ ︾ ᠶᠢ ᠥᠪᠡᠷ ᠤᠨ ᠭᠠᠷ ᠲᠤ ᠨᠢ ᠨᠠᠩ ᠯᠠᠪᠳᠠᠭᠤᠨ ᠨᠠᠩ ᠪᠠᠬᠢ ᠠᠳᠬᠤᠭᠤᠯᠤᠨ᠎ᠠ᠃ ᠪᠠᠶᠢᠭᠤᠯᠤᠯ ᠤᠨ ᠲᠠᠯ᠎ᠠ ᠪᠠᠷ ᠭᠠᠵᠠᠷ ᠰᠢᠷᠣᠶ ᠶᠢᠨ ᠲᠦᠷᠢᠮ ᠤᠨ ᠥᠭᠡᠷᠡᠴᠢᠯᠡᠯᠲᠡ ᠶᠢ ᠭᠤᠤᠯᠳᠠᠯᠭ᠎ᠠ ᠲᠠᠢ ᠭᠦᠨᠵᠡᠭᠡᠶᠢᠷᠡᠭᠦᠯᠵᠦ᠂ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠶᠢ ᠪᠠᠲᠤᠯᠠᠬᠤ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠳᠣᠪᠤᠶᠢᠯᠭᠠᠨ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠲᠦᠷᠢᠮ ᠢ ᠥᠭᠡᠷᠡᠴᠢᠯᠡᠨ ᠲᠡᠭᠦᠯᠳᠡᠷᠵᠢᠭᠦᠯᠵᠦ᠂ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠪᠠᠭᠠᠰᠬᠤ ᠥᠬᠡᠶ ᠪᠠᠶᠢᠬᠤ ᠶᠢ ᠦᠨᠡᠨ ᠬᠦ ᠪᠠᠲᠤᠯᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ᠂ ᠰᠢᠯᠭᠠᠨ ᠠᠪᠬᠤ᠂ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠰᠢᠨ᠎ᠡ ᠪᠠᠷ ᠪᠠᠶᠢᠭᠤᠯᠤᠭᠰᠠᠨ ᠨᠢᠭᠡ ᠬᠡᠰᠡᠭ ᠲᠠᠷᠢᠶᠠᠨ ᠭᠠᠵᠠᠷ ᠢ ᠦᠨᠡᠨ ᠬᠦ ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠎ᠠ ᠭᠡᠵᠡᠢ᠃ ᠡᠭᠦᠨ ᠤ ᠬᠠᠮᠲᠤ᠂ ᠲᠠᠷᠢᠶᠠᠨ ᠭᠠᠵᠠᠷ ᠢ ᠦᠨᠳᠦᠰᠦᠨ ᠲᠠᠷᠢᠮᠠᠯ ᠤᠨ ᠲᠠᠷᠢᠬᠤ ᠳᠤ ᠬᠡᠷᠡᠭᠯᠡᠬᠦ ᠬᠠᠮᠢᠶᠠᠷᠤᠯᠲᠠ ᠶᠢᠨ ᠲᠣᠭᠲᠠᠯᠴᠠᠭ᠎ᠠ ᠶᠢ ᠪᠠᠲᠤᠯᠠᠨ ᠲᠡᠭᠦᠯᠳᠡᠷᠵᠢᠭᠦᠯᠬᠦ ᠶᠢ ᠴᠢᠩᠭᠠᠳᠬᠠᠵᠤ᠂ ᠲᠠᠷᠢᠶᠠᠨ ᠭᠠᠵᠠᠷ ᠢ ᠲᠠᠷᠢᠶᠠᠯᠠᠩ ᠳᠤ ᠬᠡᠷᠡᠭᠯᠡᠬᠦ᠂ ᠰᠠᠶᠢᠨ ᠲᠠᠷᠢᠶ᠎ᠠ ᠶᠢ ᠠᠮᠤ ᠪᠤᠳᠠᠭᠠᠨ ᠳᠤ ᠬᠡᠷᠡᠭᠯᠡᠬᠦ ᠶᠢ ᠦᠨᠡᠨ ᠬᠦ ᠪᠠᠲᠤᠯᠠᠨ᠎ᠠ᠃ ᠲᠣᠭᠲᠠᠴᠠ ᠶᠢᠨ ᠲᠠᠯ᠎ᠠ ᠪᠠᠷ ᠲᠠᠷᠢᠶᠠᠴᠢᠳ ᠤᠨ ᠠᠮᠤ ᠪᠤᠳᠠᠭ᠎ᠠ ᠲᠠᠷᠢᠬᠤ ᠪᠠ ᠣᠷᠣᠨ ᠨᠤᠲᠤᠭ ᠤᠨ ᠠᠮᠤ ᠪᠤᠳᠠᠭᠠᠨ ᠤ ᠠᠵᠢᠯ ᠢ ᠠᠳᠬᠤᠬᠤ ᠢᠳᠡᠪᠬᠢᠵᠢᠯ ᠢ ᠳᠠᠶᠢᠴᠢᠯᠠᠨ᠎ᠠ ᠭᠡᠵᠡᠢ᠃
 
ᠢᠷᠡᠯᠲᠡ᠄ ᠦᠪᠦᠷ ᠮᠤᠩᠭᠤᠯ ‍ᠤᠨ‌ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠦᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号