ᠮᠠᠨ ᠤ ᠣᠷᠣᠨ ᠤ ︽ᠬᠤᠣᠰ ᠲᠡᠷᠢᠭᠦᠨ︾ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠢᠳᠡᠪᠬᠢᠲᠡᠢ ᠦᠷ᠎ᠡ ᠪᠦᠲᠦᠮᠵᠢ ᠣᠯᠪᠠ
ᠨᠡᠶᠢᠲᠡᠯᠡᠭᠰᠡᠨ ᠴᠠᠭ᠄
2024/8/29
   ᠮᠠᠨ ᠤ ᠣᠷᠣᠨ ᠤ ︽ᠬᠤᠣᠰ ᠲᠡᠷᠢᠭᠦᠨ ︾ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠢᠳᠡᠪᠬᠢᠲᠡᠢ ᠦᠷ᠎ᠡ ᠪᠦᠲᠦᠮᠵᠢ ᠣᠯᠪᠠ᠃ ᠨᠢᠭᠡ ᠳᠤ ᠡᠷᠳᠡᠮ ᠰᠢᠨᠵᠢᠯᠡᠭᠡᠨ ᠤ ᠲᠤᠰᠬᠠᠢ ᠮᠡᠷᠭᠡᠵᠢᠯ ᠤᠨ ᠪᠠᠶᠢᠷᠢᠰᠢᠭᠤᠯᠤᠯᠲᠠ ᠪᠠᠨ ᠡᠳᠦᠷ ᠢᠷᠡᠬᠦᠶ᠎ᠡ ᠰᠢᠯᠢᠳᠡᠭᠵᠢᠭᠦᠯᠪᠡ᠃ ᠣᠳᠣᠬᠠᠨ ᠪᠣᠯᠲᠠᠯ᠎ᠠ᠂ ᠪᠥᠬᠦ ᠣᠷᠣᠨ ᠳᠤ ᠳ᠋ᠣᠺᠲ᠋ᠣᠷ ᠤᠨ ᠡᠷᠳᠡᠮ ᠤᠨ ᠴᠣᠯᠠ ᠣᠯᠭᠤᠬᠤ ᠴᠡᠭ 59 ᠪᠠᠶᠢᠵᠤ᠂ ᠳᠡᠭᠡᠷ᠎ᠡ ᠨᠢᠭᠡ ᠡᠭᠡᠯᠵᠢᠨ ᠤ ᠨᠡᠮᠡᠭᠳᠡᠯ ᠤᠨ ᠬᠡᠮᠵᠢᠶ᠎ᠡ ᠠᠴᠠ 25.5% ᠪᠠᠷ ᠨᠡᠮᠡᠭᠳᠡᠪᠡ ︔ 6 ᠲᠤᠰᠬᠠᠢ ᠮᠡᠷᠭᠡᠵᠢᠯ ᠳᠤ ᠬᠤᠯᠪᠤᠭᠳᠠᠬᠤ ᠳ᠋ᠣᠺᠲ᠋ᠣᠷ ᠤᠨ ᠡᠷᠳᠡᠮ ᠤᠨ ᠴᠣᠯᠠ ᠣᠯᠭᠤᠬᠤ ᠴᠡᠭ ᠰᠢᠨ᠎ᠡ ᠪᠠᠷ ᠨᠡᠮᠡᠭᠳᠡᠵᠦ᠂ ︽ᠬᠤᠭᠤᠰᠣᠨ ︾ ᠪᠠᠶᠢᠭᠰᠠᠨ ᠲᠡᠦᠬᠡ ᠶᠢ ᠡᠴᠦᠰᠯᠡᠭᠦᠯᠪᠡ᠃ ᠪᠠᠶᠢᠭᠠᠯᠢ ᠶᠢᠨ ᠰᠢᠨᠵᠢᠯᠡᠬᠦ ᠤᠬᠠᠭᠠᠨ᠂ ᠠᠵᠤ ᠦᠢᠯᠡᠳᠪᠦᠷᠢ ᠶᠢᠨ ᠤᠬᠠᠭᠠᠨ᠂ ᠲᠠᠷᠢᠶᠠᠯᠠᠩ ᠤᠨ ᠤᠬᠠᠭᠠᠨ᠂ ᠠᠨᠠᠭᠠᠬᠤ ᠤᠬᠠᠭᠠᠨ ᠤ ᠲᠥᠷᠥᠯ ᠵᠡᠷᠭᠡ ᠶᠢ ᠪᠠᠭᠲᠠᠭᠠᠭᠰᠠᠨ ᠳ᠋ᠣᠺᠲ᠋ᠣᠷ ᠤᠨ ᠡᠷᠳᠡᠮ ᠤᠨ ᠴᠣᠯᠠ ᠣᠯᠭᠤᠬᠤ ᠡᠷᠳᠡᠮ ᠰᠢᠨᠵᠢᠯᠡᠭᠡᠨ ᠤ ᠲᠤᠰᠬᠠᠢ ᠮᠡᠷᠭᠡᠵᠢᠯ 40 ᠪᠠᠶᠢᠵᠤ᠂ ᠪᠥᠬᠦ ᠣᠷᠣᠨ ᠤ ᠳ᠋ᠣᠺᠲ᠋ᠣᠷ ᠤᠨ ᠡᠷᠳᠡᠮ ᠤᠨ ᠴᠣᠯᠠ ᠣᠯᠭᠤᠬᠤ ᠡᠷᠳᠡᠮ ᠰᠢᠨᠵᠢᠯᠡᠭᠡᠨ ᠤ ᠮᠡᠷᠭᠡᠵᠢᠯ ︵50︶ ᠤᠨ 80% ᠬᠤᠪᠢ ᠶᠢᠨ ᠬᠠᠷᠢᠴᠠᠯ ᠢ ᠡᠵᠡᠯᠡᠨ᠎ᠡ᠂ ᠡᠷᠳᠡᠮ ᠰᠢᠨᠵᠢᠯᠡᠭᠡᠨ ᠤ ᠲᠤᠰᠬᠠᠢ ᠮᠡᠷᠭᠡᠵᠢᠯ ᠤᠨ ᠪᠦᠲᠦᠴᠡ ᠨᠢ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠯᠦᠭᠡ ᠶᠢᠨ ᠵᠣᠬᠢᠴᠠᠯᠳᠤᠬᠤ ᠬᠡᠮᠵᠢᠶ᠎ᠡ ᠨᠢ ᠤᠯᠠᠮ ᠨᠢᠭᠡ ᠠᠯᠬᠤᠮ ᠳᠡᠭᠡᠭᠰᠢᠯᠡᠪᠡ᠃ ᠬᠤᠶᠠᠷ ᠲᠤ ᠴᠢᠳᠠᠪᠤᠷᠢᠲᠠᠨ ᠢ ᠬᠥᠮᠦᠵᠢᠭᠦᠯᠬᠦ ᠴᠢᠳᠠᠪᠤᠷᠢ ᠪᠠᠨ ᠢᠯᠡᠳᠲᠡ ᠳᠡᠭᠡᠭᠰᠢᠯᠡᠭᠦᠯᠪᠡ᠃ ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ ᠨᠤᠭᠤᠳ ᠤᠨ ᠪᠦᠬᠦᠯᠢ ᠡᠳᠦᠷ ᠤᠨ ᠳᠦᠷᠢᠮᠲᠦ ᠰᠣᠳᠣᠯᠣᠨ ᠰᠤᠷᠤᠭᠴᠢ 3.47 ᠲᠦᠮᠡ ᠳᠤ ᠬᠦᠷᠴᠦ᠂ 2016 ᠣᠨ ᠤ ᠬᠢ ᠠᠴᠠ 87.6% ᠪᠠᠷ ᠨᠡᠮᠡᠭᠳᠡᠪᠡ ︔ ᠲᠤᠰᠬᠠᠶ ᠮᠡᠷᠭᠡᠵᠢᠯ ᠤᠨ ᠡᠷᠳᠡᠮ ᠤᠨ ᠴᠣᠯᠠ ᠭᠤᠷᠢᠯᠠᠬᠤ ᠠᠰᠫᠢᠷᠠᠨᠲ ᠤᠨ ᠲᠤᠭ᠎ᠠ 2.4 ᠲᠦᠮᠡᠨ ᠬᠦᠮᠦᠨ ᠪᠠᠶᠢᠵᠤ᠂ ᠰᠤᠷᠤᠯᠴᠠᠵᠤ ᠪᠠᠶᠢᠭ᠎ᠠ ᠠᠰᠫᠢᠷᠠᠨᠲ ᠤᠨ ᠡᠵᠡᠯᠡᠬᠦ ᠬᠠᠷᠢᠴᠠᠯ ᠤᠨ 59.8% ᠳᠤ ᠬᠦᠷᠴᠦ᠂ 2016 ᠣᠨ ᠤ ᠬᠢ ᠠᠴᠠ 15.2 ᠵᠠᠭᠤᠨ ᠤ ᠴᠡᠭ ᠢᠶᠠᠷ ᠳᠡᠭᠡᠭᠰᠢᠯᠡᠵᠦ᠂ ᠴᠢᠳᠠᠪᠤᠷᠢᠲᠠᠨ ᠬᠥᠮᠦᠵᠢᠭᠦᠯᠬᠦ ᠬᠡᠪᠴᠢᠶ᠎ᠡ ᠪᠠ ᠪᠦᠲᠦᠴᠡ ᠦᠷᠭᠦᠯᠵᠢᠯᠡᠨ ᠰᠢᠯᠢᠳᠡᠭᠵᠢᠪᠡ᠃ ᠭᠤᠷᠪᠠ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠬᠢ ᠰᠢᠨ᠎ᠡ ᠶᠢ ᠡᠭᠦᠳᠬᠦ ᠪᠠ ᠨᠡᠶᠢᠭᠡᠮ ᠤᠨ ᠦᠢᠯᠡᠴᠢᠯᠡᠭᠡᠨ ᠤ ᠴᠢᠳᠠᠪᠤᠷᠢ ᠪᠠᠨ ᠠᠯᠬᠤᠮ ᠠᠯᠬᠤᠮ ᠢᠶᠠᠷ ᠴᠢᠩᠭᠠᠷᠠᠭᠤᠯᠪᠠ᠃ 2021 ᠠᠴᠠ 2023 ᠣᠨ ᠪᠣᠯᠲᠠᠯ᠎ᠠ᠂ ᠤᠯᠤᠰ ᠤᠨ ᠲᠠᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠨᠡᠶᠢᠲᠡ 1146 ᠰᠢᠨ᠎ᠡ ᠪᠠᠷ ᠨᠡᠮᠡᠭᠳᠡᠵᠦ᠂ 5.79 ᠳ᠋ᠦᠩᠰᠢᠭᠤᠷ ᠲᠥᠭᠦᠷᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠮᠥᠩᠭᠦ ᠶᠢᠨ ᠵᠥᠪᠰᠢᠶᠡᠷᠡᠯ ᠣᠯᠪᠠ ︔ ᠮᠤᠵᠢ ᠶᠢᠨ ᠲᠠᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠨᠡᠶᠢᠲᠡ 5121 ᠰᠢᠨ᠎ᠡ ᠪᠠᠷ ᠨᠡᠮᠡᠭᠳᠡᠵᠦ᠂ 10.56 ᠳ᠋ᠦᠩᠰᠢᠭᠤᠷ ᠲᠥᠭᠦᠷᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠮᠥᠩᠭᠦ ᠶᠢᠨ ᠵᠥᠪᠰᠢᠶᠡᠷᠡᠯ ᠣᠯᠵᠤ᠂ ᠲᠤᠰᠬᠠᠶ ᠠᠰᠢᠭ ᠢ ᠰᠢᠯᠵᠢᠭᠦᠯᠦᠨ ᠥᠭᠭᠦᠭᠰᠡᠨ ᠵᠢᠴᠢ ᠵᠥᠪᠰᠢᠶᠡᠷᠡᠭᠳᠡᠭᠰᠡᠨ ᠭᠡᠷ᠎ᠡ ᠶᠢᠨ ᠲᠤᠭ᠎ᠠ ᠨᠡᠶᠢᠲᠡ 80 ᠪᠠᠶᠢᠵᠤ᠂ ᠲᠤᠰᠬᠠᠶ ᠠᠰᠢᠭ ᠢᠶᠠᠨ ᠬᠤᠪᠢᠷᠠᠭᠤᠯᠤᠭᠠᠳ ᠨᠡᠶᠢᠲᠡ 1177 ᠲᠦᠮᠡᠨ ᠲᠥᠭᠦᠷᠢᠭ ᠬᠦᠷᠲᠡᠪᠡ᠃ ︵ᠰᠤᠷᠭᠠᠨ ᠬᠥᠮᠦᠵᠢᠯ ᠤᠨ ᠲᠢᠩᠬᠢᠮ ︶
 
ᠢᠷᠡᠯᠲᠡ᠄ ᠦᠪᠦᠷ ᠮᠤᠩᠭᠤᠯ ‍ᠤᠨ‌ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠦᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号