ᠯᠢᠦ ᠬᠣ᠋ ᠪᠠᠯᠭᠠᠰᠤ ︽ᠡᠮᠡᠭᠲᠡᠶᠢᠴᠦᠳ ᠤᠨ ᠤᠬᠠᠭᠤᠯᠤᠨ ᠲᠠᠶᠢᠯᠪᠦᠷᠢᠯᠠᠬᠤ ᠰᠡᠳᠭᠢᠯ ᠢ ᠵᠠᠰᠠᠵᠦ ᠦᠨᠳᠦᠰᠦᠲᠡᠨ ᠤ ᠪᠦᠯᠬᠦᠮᠳᠡᠯ ᠳᠤ ᠬᠦᠴᠦᠨ ᠨᠡᠮᠡᠷᠢᠯᠡᠬᠦ︾ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/8/3
   ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ ᠪᠠᠬᠢ ᠪᠤᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠭᠦᠨᠵᠡᠭᠡᠶ ᠥᠷᠨᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠ ᠡᠮᠡᠭᠲᠡᠶ ᠰᠠᠶᠢᠨ ᠳᠤᠷᠠᠴᠤᠳ ᠤᠨ ᠬᠥᠮᠦᠰ ᠤᠨ ᠰᠡᠳᠬᠢᠯ ᠢ ᠨᠢᠭᠲᠠᠷᠠᠭᠤᠯᠬᠤ᠂ ᠪᠦᠯᠬᠦᠮᠳᠡᠯ ᠢ ᠠᠬᠢᠭᠤᠯᠬᠤ ᠦᠶᠯᠡᠳᠦᠯ ᠢ ᠭᠦᠶᠴᠡᠳ ᠪᠠᠳᠠᠷᠠᠭᠤᠯᠬᠤ  ᠶᠢᠨ ᠲᠥᠯᠥᠭᠡ᠃ ᠣᠶᠢᠷ᠎ᠠ ᠳᠤ᠂ ᠯᠢᠦ ᠬᠣ᠋ ᠪᠠᠯᠭᠠᠰᠤᠨ ᠤ ᠡᠮᠡᠭᠲᠡᠶᠢᠴᠦᠳ ᠤᠨ ᠬᠤᠯᠪᠣᠭ᠎ᠠ ᠠᠴᠠ ᠶᠦᠩ ᠹᠠᠨ ᠲᠣᠰᠬᠤᠨ᠂ ᠳ᠋ᠦᠩ ᠫᠢᠩ ᠲᠣᠰᠬᠤᠨ᠂ ᠶᠦᠩ ᠾᠧ ᠲᠣᠰᠬᠤᠨ᠂ ᠶᠦᠩ ᠬᠤᠸᠠ ᠲᠣᠰᠬᠤᠨ᠂ ᠵᠦᠩ ᠰᠢᠨ ᠲᠣᠰᠬᠤᠨ᠂ ᠬᠤᠩ ᠴᠢ ᠲᠣᠰᠬᠤᠨ ᠵᠡᠷᠭᠡ 6 ᠲᠣᠰᠬᠤᠨ ᠢ ᠵᠣᠬᠢᠶᠠᠨ ᠪᠠᠶᠢᠭᠤᠯᠵᠤ᠂ ︽ᠠᠨᠠᠷ ᠴᠡᠴᠡᠭ ᠢᠶᠠᠷ ᠬᠢᠩᠭᠠᠨ ᠠᠶᠢᠮᠠᠭ ᠢ ᠭᠡᠶᠢᠭᠦᠯᠬᠦ +︾ ᠠᠵᠢᠯᠯᠠᠭ᠎ᠠ ᠶᠢ ᠬᠠᠮᠲᠤ ᠪᠠᠷ ᠥᠷᠨᠢᠭᠦᠯᠪᠡ᠃
   ᠤᠬᠠᠭᠤᠯᠤᠨ ᠲᠠᠶᠢᠯᠪᠤᠷᠢᠯᠠᠬᠤ ᠲᠤᠬᠠᠶ ᠶᠢᠨ ᠲᠠᠯᠠᠪᠠᠶ ᠳᠤ᠂ 6 ᠲᠣᠰᠬᠤᠨ ᠤ 80 ᠭᠠᠷᠤᠶ ᠡᠯ᠎ᠡ ᠦᠨᠳᠦᠰᠦᠲᠡᠨ ᠤ ᠡᠮᠡᠭᠲᠡᠶᠢᠴᠦᠳ ᠨᠢᠭᠡ ᠳᠣᠤᠷ᠎ᠠ ᠪᠥᠭᠡᠮᠨᠡᠷᠡᠨ ᠰᠠᠭᠤᠵᠤ᠂ ᠡᠮᠡᠭᠲᠡᠶ ᠤᠬᠠᠭᠤᠯᠤᠨ ᠲᠠᠶᠢᠯᠪᠤᠷᠢᠯᠠᠭᠴᠢ ᠨᠠᠷᠢᠨ ᠪᠣᠳᠠᠲᠠᠶ᠂ ᠰᠢᠭᠤᠳ ᠠᠵᠢᠭᠯᠠᠯᠲᠠ ᠶᠢᠨ ᠲᠡᠦᠬᠡᠨ ᠮᠠᠲ᠋ᠧᠷᠢᠶᠠᠯ ᠪᠣᠯᠤᠨ ᠪᠣᠳᠠᠲᠤ ᠵᠢᠱᠢᠶ᠎ᠡ ᠪᠠᠷ ᠥᠪᠥᠷ ᠮᠣᠩᠭᠤᠯ ᠤᠨ ᠬᠥᠭᠵᠢᠯᠲᠡ ᠶᠢᠨ ᠥᠩᠭᠡᠷᠡᠯᠲᠡ ᠶᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ︽ᠵᠢᠷᠭᠤᠭᠠᠨ ᠥᠭᠦᠯᠡᠪᠦᠷᠢ︾ ᠶᠢᠨ ᠪᠠᠶᠠᠯᠢᠭ ᠠᠭᠤᠯᠤᠭᠳᠠᠬᠤᠨ ᠢ ᠭᠦᠨᠵᠡᠭᠡᠶ ᠪᠥᠭᠡᠳ ᠣᠶᠢᠯᠠᠭᠠᠮᠵᠢᠲᠠᠶ ᠵᠠᠳᠠᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠤ ᠲᠤᠬᠠᠶ ᠬᠠᠯᠠᠮᠵᠢᠯᠠᠯ ᠪᠠ ᠬᠦᠰᠡᠯ ᠡᠷᠡᠮᠡᠯᠵᠡᠯ ᠢ ᠣᠯᠠᠨ ᠳᠤ ᠨᠠᠩ ᠭᠦᠨᠵᠡᠭᠡᠶ ᠣᠶᠢᠯᠠᠭᠠᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠪᠠᠶᠢᠷᠢᠰᠢᠯ ᠢ ᠣᠶᠢᠯᠠᠭᠠᠭᠤᠯᠪᠠ᠃ ᠡᠮᠡᠭᠲᠡᠶ ᠤᠬᠠᠭᠤᠯᠤᠨ ᠲᠠᠶᠢᠯᠪᠤᠷᠢᠯᠠᠭᠴᠢ ᠪᠠᠰᠠ ᠲᠠᠯ᠎ᠠ ᠨᠤᠲᠤᠭ ᠤᠨ ᠪᠠᠭᠠᠲᠤᠷ ᠡᠵᠢ ᠰᠤᠷᠤᠨ᠎ᠠ ᠶᠢᠨ ᠥᠯᠢᠭᠡᠷ ᠢ ᠰᠡᠳᠬᠢᠯ ᠳᠣᠭᠳᠣᠯᠤᠨ ᠶᠠᠷᠢᠵᠤ᠂ ᠲᠤᠬᠠᠶ  ᠶᠢᠨ ᠲᠠᠯᠠᠪᠠᠶ ᠶᠢᠨ ᠡᠯ᠎ᠡ ᠦᠨᠳᠦᠰᠦᠲᠡᠨ ᠤ ᠡᠮᠡᠭᠲᠡᠶ ᠨᠥᠬᠦᠳ ᠢ ᠬᠥᠲᠥᠯᠥᠨ ᠳᠠᠭᠠᠭᠤᠯᠬᠤ ᠪᠠ ᠨᠥᠯᠥᠭᠡᠯᠡᠵᠦ ᠪᠠᠶᠢᠭᠠᠳ ᠬᠥᠷᠰᠢ ᠵᠡᠷᠭᠡᠯᠡᠳᠡᠭᠡ ᠶᠢᠨ ᠲᠣᠷᠣᠶ ᠪᠠᠭᠤᠷᠠᠶ ᠶᠢ ᠠᠩᠬᠠᠷᠴᠤ᠂ ᠴᠠᠭ ᠲᠤᠬᠠᠶ ᠳᠤᠨᠢ ᠠᠶᠤᠯ ᠠᠴᠠ ᠠᠪᠤᠷᠠᠨ ᠲᠤᠰᠠᠯᠠᠵᠤ᠂ ᠡᠮᠡᠭᠲᠡᠶᠢᠴᠦᠳ ᠤᠨ ᠬᠦᠴᠦᠨ ᠢ ᠦᠨᠡᠨ ᠬᠦ ᠪᠠᠳᠠᠷᠠᠭᠤᠯᠵᠤ᠂ ᠡᠮᠡᠭᠲᠡᠶᠢᠴᠦᠳ ᠤᠨ ᠴᠤᠭ ᠵᠢᠪᠬᠤᠭ᠎ᠠ  ᠶᠢ ᠢᠯᠡᠷᠡᠭᠦᠯᠪᠡ᠃ ᠲᠤᠬᠠᠢ ᠶᠢᠨ ᠲᠠᠯᠠᠪᠠᠢ ᠳᠤ ᠭᠡᠷ ᠤᠨ ᠰᠤᠷᠲᠠᠯ ᠭᠡᠷ ᠤᠨ ᠰᠤᠷᠭᠠᠯ ᠢ ᠭᠡᠷ ᠪᠦᠯᠢ ᠳᠤ ᠣᠷᠣᠭᠤᠯᠬᠤ ᠲᠤᠬᠠᠢ ᠤᠬᠠᠭᠤᠯᠤᠨ ᠲᠠᠶᠢᠯᠪᠤᠷᠢᠯᠠᠵᠤ᠂ ᠡᠮᠡᠭᠲᠡᠢ ᠰᠠᠶᠢᠨ ᠲᠤᠷᠠᠴᠤᠳ ᠲᠤ ︽ᠤᠷᠤᠭ ᠤᠨ ᠬᠠᠤᠯᠢ︾ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠲᠦᠷᠢᠮ︾᠂ ︽ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠬᠠᠭᠤᠳᠠᠰᠤ᠂ ᠨᠣᠮ ᠪᠢᠴᠢᠭ ᠢ 150 ᠭᠠᠷᠤᠢ ᠬᠤᠪᠢ ᠲᠠᠷᠬᠠᠭᠠᠵᠤ᠂ ᠲᠣᠬᠤᠨᠢᠭᠤᠯᠬᠤ ᠪᠤᠳᠠᠰ 80 ᠭᠠᠷᠤᠢ ᠯᠣᠩᠬᠤ ᠵᠢᠶᠠᠩᠶ᠋ᠢᠦ ᠲᠠᠷᠬᠠᠭᠠᠪᠠ᠃ ᠠᠵᠢᠯᠯᠠᠭ᠎ᠠ ᠶᠢᠨ ᠡᠴᠦᠰ ᠲᠤ᠂ ︽ᠳᠤᠮᠳᠠᠳᠤ ᠶᠢᠨ ᠦᠨᠳᠦᠰᠦᠲᠡᠨ ᠨᠢᠭᠡ ᠬᠡᠷ ᠤᠨ ᠬᠥᠮᠦᠨ ᠮᠡᠲᠦ ᠳᠣᠲᠣᠨᠣ︾ ᠭᠡᠬᠦ ᠣᠶᠢᠯᠠᠭᠠᠭᠳᠠᠬᠤᠨ ᠢ ᠰᠡᠳᠬᠢᠯ  ᠳᠡᠭᠡᠨ ᠬᠠᠳᠠᠩᠰᠢᠭᠤᠯᠵᠤ᠂ ᠦᠨᠳᠦᠰᠦᠲᠡᠨ ᠤ ᠪᠦᠯᠬᠦᠮᠳᠡᠯ ᠪᠠ ᠨᠡᠶᠢᠭᠡᠮ ᠤᠨ ᠲᠣᠭᠲᠠᠭᠤᠨ ᠤ ᠬᠦᠴᠦᠷᠬᠡᠭ ᠶᠡᠭᠡ ᠢᠳᠡᠪᠬᠢ ᠬᠦᠴᠦᠨ ᠢ ᠨᠢᠭᠲᠠᠷᠠᠭᠤᠯᠪᠠ ᠭᠡᠵᠦ ᠪᠥᠬᠦ ᠡᠮᠡᠭᠲᠡᠶ ᠨᠥᠬᠦᠳ ᠬᠠᠮᠲᠤ ᠪᠠᠷ ᠢᠯᠡᠷᠬᠡᠶᠢᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号