ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠢ ᠲᠠᠰᠤᠷᠠᠯᠲᠠ ᠥᠬᠡᠶ ᠬᠠᠩᠭᠠᠬᠤ ᠬᠡᠷᠡᠭᠳᠡᠢ— ᠲᠦᠴᠢᠤᠸᠠᠨ ᠰᠢᠶᠠᠨ ᠤ ᠡᠯ᠎ᠡ ᠡᠲᠡᠭᠡᠳ ᠤᠨ ᠬᠢᠨ ᠨᠠᠮ ᠤᠨ ᠬᠤᠷᠢᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠬᠠᠯᠠᠭᠤᠨ ᠶᠠᠷᠢᠯᠴᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/8/3
   ᠥᠭᠡᠷᠡᠴᠢᠯᠡᠯᠲᠡ ᠵᠤᠬᠰᠤᠰᠢ ᠦᠭᠡᠢ᠂ ᠨᠡᠭᠡᠭᠡᠯᠳᠠ ᠵᠤᠬᠰᠤᠰᠢ ᠦᠭᠡᠢ᠃ ᠨᠠᠮ ᠤᠨ ᠬᠤᠷᠢᠳᠤᠭᠠᠷ ᠬᠤᠭᠤᠴᠠᠭᠠᠨ  ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠭᠦᠨᠵᠡᠭᠡᠢ ᠵᠠᠳᠠᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠶᠢᠨ ᠲᠣᠭᠤᠷᠢᠨ ᠳᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠡᠷᠦᠩᠬᠡᠢ ᠪᠠᠶᠢᠷᠢᠯᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠯᠡᠵᠡᠢ᠃ ᠤᠢᠢᠷ᠎ᠠ ᠶᠢᠨ ᠡᠳᠦᠷ ᠤᠳ ᠲᠤ᠂ ᠲᠦᠴᠢᠦᠸᠠᠨ ᠰᠢᠶᠠᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠴᠢᠩᠭ᠎ᠠ ᠲᠤᠰᠬᠠᠯ ᠭᠠᠷᠴᠠᠢ᠃    7 ᠳ᠋ᠤᠭᠠᠷ ᠰᠠᠷ᠎ᠠ ᠶᠢᠨ 24 ᠤ ᠡᠳᠦᠷ᠂ ᠬᠢᠩᠭᠠᠨ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠲᠦᠴᠢᠦᠸᠠᠨ ᠰᠢᠶᠠᠨ ᠤ ᠬᠤᠪᠢᠶᠠᠷᠢ ᠲᠣᠪᠴᠢᠶ᠎ᠠ ᠳᠤ᠂ ᠨᠠᠮ ᠤᠨ ᠭᠡᠰᠢᠭᠦᠨ᠂ ᠺᠠᠳ᠋ᠷᠴᠤᠳ ᠶᠠᠭ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ ᠪᠠᠶᠢᠨ᠎ᠠ᠂ ᠣᠯᠠᠨ ᠢᠶᠠᠷ ᠢᠶᠠᠨ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠥᠲᠥᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ  ᠪᠠᠷ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠠᠮᠢ ᠠᠬᠤᠶ ᠣᠷᠴᠢᠨ ᠲᠣᠭᠤᠷᠢᠨ  ᠤ ᠵᠠᠰᠠᠯᠲᠠ ᠶᠢᠨ ᠰᠢᠰᠲ᠋ᠧᠮ ᠢ ᠪᠦᠷᠢᠨᠰᠢᠬᠦᠯᠵᠥ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠠᠷᠪᠢᠯᠠᠨ ᠡᠷᠴᠢᠮᠵᠢᠭᠦᠯᠬᠦ᠂ ᠪᠣᠬᠢᠷᠲᠤᠯ ᠥᠬᠡᠶ ᠳᠣᠤᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠬᠢᠭᠤᠯᠵᠤ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠩᠭᠤᠶ ᠪᠠᠷ ᠬᠠᠮᠲᠤ ᠣᠷᠣᠰᠢᠬᠤ ᠣᠶᠢᠯᠠᠭᠠᠭᠳᠠᠬᠤᠨ ᠢ ᠡᠴᠦᠰ ᠲᠤᠨᠢ ᠲᠤᠯᠲᠠᠯ᠎ᠠ ᠲᠤᠭᠤᠰᠢᠯᠠᠭᠤᠯᠤᠨ᠎ᠠ ᠭᠡᠵᠦ ᠢᠯᠡᠳᠬᠡᠵᠡᠭᠡᠪᠡ᠃
   ︽ᠬᠢᠩᠭᠠᠨ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠲᠦᠴᠢᠦᠸᠠᠨ ᠰᠢᠶᠠᠨ ᠤ ᠬᠤᠪᠢᠶᠠᠷᠢ ᠲᠣᠪᠴᠢᠶ᠎ᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ︿ᠡᠷᠬᠡᠪᠰᠢ ᠠᠮᠢ ᠠᠬᠤᠶ ᠶᠢᠨ ᠪᠣᠯᠪᠠᠰᠤᠨ  ᠤ ᠲᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠲᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠡᠮᠡᠭᠳᠡᠯ ᠢ ᠢᠳᠡᠪᠬᠢᠲᠡᠶ ᠠᠬᠢᠭᠤᠯᠬᠤ ᠶᠢ ᠬᠠᠮᠵᠢᠯᠴᠠᠨ ᠠᠬᠢᠭᠤᠯᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠢᠳᠡᠪᠬᠢᠲᠡᠶ ᠠᠷᠭᠠᠴᠠᠭᠠᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠨᠠᠶᠢᠳᠠᠪᠤᠷᠢᠵᠢᠭᠤᠯᠬᠤ ᠪᠠᠶᠢᠭᠤᠯᠤᠮᠵᠢ ᠲᠣᠭᠲᠠᠴᠠ ᠶᠢ ᠲᠦᠷᠭᠡᠳᠬᠡᠨ ᠲᠡᠭᠦᠯᠳᠡᠷᠵᠢᠭᠦᠯᠬᠦ ᠬᠡᠷᠡᠭᠲᠡᠶ﹀ ᠭᠡᠵᠦ ᠴᠢᠬᠤᠯᠠᠴᠢᠯᠠᠪᠠ᠃ ᠲᠦᠴᠢᠦᠸᠠᠨ ᠰᠢᠶᠠᠨ ᠤ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠶ ᠰᠠᠶᠢᠲᠤᠷ ᠬᠢᠵᠦ᠂ ᠰᠢᠶᠠᠨ ᠤ ᠬᠡᠪᠴᠢᠶᠡᠨ ᠤ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠲᠠᠰᠤᠷᠠᠯᠲᠠ ᠥᠬᠡᠶ ᠰᠠᠶᠢᠵᠢᠷᠠᠭᠤᠯᠤᠨ ᠳᠡᠭᠡᠭᠰᠢᠯᠡᠭᠦᠯᠵᠦ᠂ ᠣᠯᠠᠨ ᠲᠦᠮᠡᠨ ᠤ ᠲᠤᠰᠬᠠᠯ ᠲᠣᠪᠣᠶᠢᠮ᠎ᠠ ᠪᠠᠶᠢᠭ᠎ᠠ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠢ ᠦᠨᠡᠨ ᠬᠦ ᠰᠢᠶᠳᠪᠦᠷᠢᠯᠡᠵᠦ᠂ ᠠᠷᠠᠳ ᠣᠯᠠᠨ ᠤ ᠵᠢᠷᠭᠠᠯᠲᠤ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ︾᠃
   ᠲᠦᠴᠢᠦᠸᠠᠨ ᠰᠢᠶᠠᠨ ᠤ ᠲᠤᠸᠠᠨ ᠵᠢᠶᠧ ᠵᠠᠮ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠥᠷᠲᠡᠭᠡ ᠳᠤ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠵᠢᠯᠣᠭᠤᠳᠣᠭᠴᠢ ᠪᠠᠶᠢᠯᠳᠤᠭᠴᠢᠳ ᠰᠤᠯᠠ ᠰᠡᠯᠡᠭᠦᠦ ᠴᠠᠭ  ᠢᠶᠠᠨ ᠠᠰᠢᠭᠯᠠᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ  ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠲᠠᠳᠠ ᠲᠤᠶᠢᠯ ᠢᠶᠠᠷ ᠤᠷᠮᠠᠰᠢᠨ ᠵᠣᠷᠢᠭᠵᠢᠵᠤ ᠪᠠᠶᠢᠯ᠎ᠠ᠃    ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠬᠥᠮᠦᠰ ᠢ ᠵᠣᠷᠢᠭᠵᠢᠭᠤᠯᠵᠤ᠂ ᠡᠷᠡᠯᠬᠡᠭᠯᠡᠨ ᠤᠷᠤᠭᠰᠢᠯᠠᠭᠤᠯᠤᠨ᠎ᠠ᠃ ᠲᠠᠷᠠᠭᠠᠴᠢ ᠶᠢᠨ ᠠᠯᠬᠤᠮ ᠳᠤ᠂ ᠪᠢᠳᠡ ᠣᠨᠣᠯ ᠢᠶᠠᠷ ᠵᠡᠪᠰᠡᠭᠯᠡᠬᠦ ᠶᠢ ᠲᠠᠰᠤᠷᠠᠯᠲᠠ ᠥᠬᠡᠶ ᠴᠢᠩᠭᠠᠳᠬᠠᠵᠤ᠂ ᠡᠩᠨᠡᠭᠡᠨ ᠤ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠪᠠ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠪᠠ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠭᠠᠯ ᠰᠡᠷᠭᠡᠶᠢᠯᠡᠵᠦ ᠭᠠᠯ ᠤᠨᠲᠠᠷᠠᠭᠠᠬᠤ ︿ᠠᠮᠢ ᠨᠠᠰᠤᠨ ᠤ ᠵᠠᠮ﹀ ᠢ ᠰᠢᠯᠤᠭᠤᠳᠬᠠᠬᠤ ᠵᠡᠷᠭᠡ ᠲᠤᠰᠬᠠᠶ ᠵᠠᠰᠠᠯᠲᠠ ᠶᠢ ᠠᠬᠢᠭᠤᠯᠵᠤ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠬᠦᠨᠳᠦ ᠶᠡᠭᠡ ᠠᠶᠤᠯ ᠲᠦᠭᠰᠢᠭᠦᠷᠢ ᠶᠢ ᠰᠠᠨᠠᠭᠠᠴᠢᠯᠠᠭ᠎ᠠ  ᠠᠴᠠ ᠪᠠᠨ ᠰᠡᠷᠭᠡᠶᠢᠯᠡᠨ ᠠᠷᠢᠯᠭᠠᠵᠤ᠂ ᠪᠠᠭ᠎ᠠ ᠭᠠᠯ ᠳᠤ ᠠᠳᠡᠭᠰᠡᠳ ᠪᠤᠶᠤ ᠨᠥᠯᠥᠭᠡ ᠶᠡᠬᠡᠲᠡᠶ ᠭᠠᠯ ᠤᠨ ᠭᠠᠮᠰᠢᠭ  ᠤᠨ ᠠᠳᠡᠯ ᠡᠭᠦᠰᠬᠦ ᠶᠢ ᠡᠷᠡᠰ ᠬᠤᠷᠢᠭᠯᠠᠵᠤ᠂ ᠪᠣᠳᠠᠲᠤ ᠠᠵᠢᠯᠯᠠᠭ᠎ᠠ ᠪᠠᠷ ᠢᠶᠠᠨ ︿ᠨᠠᠮ ᠳᠠᠭᠠᠨ ᠦᠨᠡᠨᠴᠢ ᠰᠢᠳᠤᠷᠭᠤ ᠂ ᠰᠠᠬᠢᠯᠭ᠎ᠠ ᠪᠠᠲᠤ ᠴᠢᠩᠭ᠎ᠠ᠂ ᠠᠶᠤᠯ ᠲᠦᠭᠰᠢᠭᠦᠷᠢ ᠠᠴᠠ ᠠᠶᠤᠬᠤ ᠥᠬᠡᠶ᠂ ᠠᠷᠠᠳ ᠲᠦᠮᠡᠨ ᠳᠤ ᠦᠨᠡᠨᠴᠢ ᠰᠢᠳᠤᠷᠭᠤ ᠪᠠᠶᠢᠬᠤ﹀ ᠪᠠᠲᠤ ᠴᠢᠩᠭ᠎ᠠ ᠲᠠᠩᠭᠠᠷᠢᠭ ᠢ ᠦᠢᠯᠡᠳᠦᠯᠭᠡᠵᠢᠭᠦᠯᠦᠨ᠎ᠡ᠃︾ ᠭᠡᠵᠦ ᠲᠦᠴᠢᠦᠸᠠᠨ ᠰᠢᠶᠠᠨ ᠤ ᠲᠤᠸᠠᠨ ᠵᠢᠶᠧ ᠵᠠᠮ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠥᠷᠲᠡᠭᠡ ᠶᠢᠨ ᠳᠠᠷᠤᠭ᠎ᠠ ᠸᠠᠩ ᠶᠤᠸᠠᠢ ᠬᠡᠯᠡᠪᠡ᠃
   7 ᠰᠠᠷ᠎ᠠ ᠶᠢᠨ 26 ᠤ ᠡᠳᠦᠷ᠂ ᠲᠦᠴᠢᠦᠸᠠᠨ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠭᠤᠤᠯ ᠰᠡᠳᠦᠪᠲᠦ ᠰᠣᠯᠢᠯᠴᠠᠭᠠᠨ ᠤ ᠬᠤᠷᠠᠯ ᠬᠤᠷᠠᠯᠳᠤᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠣᠶᠢᠯᠠᠭᠠᠵᠤ᠂ ᠬᠤᠷᠠᠯ ᠤᠨ ᠲᠠᠯᠠᠪᠠᠶ ᠳᠤ ᠴᠢᠯᠦᠭᠡᠳᠡᠢ ᠶᠠᠷᠢᠯᠴᠠᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠰᠢᠨ᠎ᠡ ᠪᠣᠳᠣᠯ᠂ ᠰᠢᠨ᠎ᠡ ᠠᠷᠭ᠎ᠠ ᠬᠡᠯᠪᠡᠷᠢ ᠲᠠᠰᠤᠷᠠᠯᠲᠠ ᠥᠬᠡᠶ ᠢᠯᠡᠷᠡᠵᠦ᠂ ᠦᠵᠡᠯ ᠰᠠᠨᠠᠭ᠎ᠠ ᠪᠠᠨ ᠴᠢᠯᠥᠭᠡᠯᠡᠬᠦ ᠣᠴᠢ ᠬᠤᠷᠠᠯ ᠤᠨ ᠲᠠᠯᠠᠪᠠᠶ  ᠳᠤ ᠲᠠᠰᠤᠷᠠᠯᠲᠠ ᠥᠬᠡᠶ ᠨᠤᠴᠤᠨ᠎ᠠ᠃    ︽ᠪᠢᠳᠠ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠪᠠᠷ ᠠᠵᠠ ᠲᠣᠬᠢᠶᠠᠯ ᠪᠣᠯᠭᠠᠵᠤ᠂ ︿ᠭᠤᠷᠪᠠᠨ ᠡᠮ ᠡᠮᠨᠡᠯᠭᠡ﹀ ᠶᠢᠨ ᠬᠠᠮᠵᠢᠯᠴᠠᠨ ᠬᠥᠭᠵᠢᠬᠦ ᠶᠢ ᠠᠬᠢᠭᠤᠯᠵᠤ᠂ ᠵᠢᠷᠭᠤᠭᠠᠨ ᠨᠢᠭᠡᠳᠦᠯᠲᠡᠢ ᠪᠠᠶᠢᠬᠤ ᠶᠢ ᠠᠬᠢᠭᠤᠯᠬᠤ ᠲᠠᠯ᠎ᠠ ᠪᠠᠷ ᠰᠢᠨ᠎ᠡ ᠲᠣᠭᠲᠠᠴᠠ ᠶᠢ ᠰᠦᠪᠡᠭᠴᠢᠯᠡᠬᠦ ᠬᠡᠷᠡᠭᠲᠡᠢ᠂ ᠪᠠᠰᠠ ᠡᠷᠡᠭᠦᠯ ᠬᠠᠮᠠᠭᠠᠯᠠᠯ ᠤᠨ ᠰᠢᠰᠲ᠋ᠧᠮ ᠤᠨ ᠪᠠᠶᠢᠭᠤᠯᠤᠯᠲᠠ ᠪᠠ ᠬᠥᠭᠵᠢᠯᠲᠡ ᠶᠢ ᠲᠠᠬᠢᠨ ᠴᠣᠭᠴᠠᠯᠠᠬᠤ ᠬᠡᠷᠡᠭᠲᠡᠢ᠂ ᠨᠡᠩ ᠴᠤ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠪᠦᠬᠦ ᠰᠢᠶᠠᠨ ᠤ ᠡᠷᠡᠭᠦᠯ ᠬᠠᠮᠠᠭᠠᠯᠠᠯ ᠤᠨ ᠰᠢᠰᠲ᠋ᠧᠮ ᠤᠨ ᠡᠪᠡᠳᠴᠢᠨ ᠵᠠᠰᠠᠬᠤ  ᠪᠠᠷ ᠭᠤᠣᠯ ᠪᠣᠯᠭᠠᠵᠤ ᠪᠠᠶᠢᠭᠰᠠᠨ ᠢ ᠡᠷᠡᠭᠦᠯ ᠮᠡᠨᠳᠦ ᠪᠠᠷ ᠭᠤᠣᠯ ᠪᠣᠯᠭᠠᠬᠤ ᠲᠡᠶᠢᠰᠢ ᠬᠤᠪᠢᠷᠠᠭᠤᠯᠬᠤ ᠶᠢ ᠰᠠᠶᠢᠲᠤᠷ ᠨᠠᠶᠢᠳᠠᠪᠤᠷᠢᠵᠢᠭᠤᠯᠵᠤ᠂ ᠰᠢᠶᠠᠨ ᠤ ᠬᠡᠪᠴᠢᠶᠡᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠵᠦ᠂ ᠱᠠᠳᠤ ᠬᠤᠪᠢᠶᠠᠨ ᠣᠨᠣᠰᠢᠯᠠᠨ ᠡᠮᠨᠡᠵᠦ ᠡᠮᠨᠡᠭᠦᠯᠬᠦ ᠪᠠᠶᠢᠷᠢᠰᠢᠯ ᠢ ᠲᠦᠷᠭᠡᠨ ᠪᠦᠷᠢᠯᠳᠦᠭᠦᠯᠵᠦ᠂ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠭᠰᠠᠨ ᠦᠢᠯᠡᠴᠢᠯᠡᠭᠡ ᠶᠢ ᠲᠡᠭᠦᠯᠳᠡᠷᠵᠢᠭᠦᠯᠵᠦ᠂ ᠤᠯᠠᠨ ᠲᠦᠮᠡᠨ ᠤ ᠡᠪᠡᠳᠴᠢᠨ ᠦᠵᠡᠭᠦᠯᠬᠦ ᠣᠶᠢᠯᠠᠭᠠᠯᠲᠠ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠤᠯᠠᠨ ᠲᠦᠮᠡᠨ ᠤ ᠡᠮ ᠡᠮᠨᠡᠯᠭᠡ ᠶᠢᠨ ᠦᠢᠯᠡᠴᠢᠯᠡᠭᠡᠨ ᠤ ᠬᠠᠨᠤᠮᠵᠢ ᠶᠢᠨ ᠨᠤᠷᠮ᠎ᠠ ᠶᠢ ᠳᠡᠭᠡᠭᠰᠢᠯᠡᠭᠦᠯᠬᠦ ᠬᠡᠷᠡᠭᠲᠡᠢ᠃︾ ᠭᠡᠵᠦ ᠲᠦᠴᠢᠦᠸᠠᠨ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠭᠤᠤ ᠬᠤᠤ ᠬᠡᠯᠡᠪᠡ᠃    ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠲᠦᠴᠢᠦᠸᠠᠨ ᠰᠢᠶᠠᠨ ᠤ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠺᠠᠳ᠋ᠷ ᠤᠯᠠᠨ ᠲᠦᠮᠡᠨ ᠤ ᠳᠤᠮᠳᠠ ᠴᠢᠩᠭ᠎ᠠ ᠲᠤᠰᠬᠠᠯ ᠭᠠᠷᠴᠤ᠂ ᠤᠯᠠᠨ ᠢᠶᠠᠷ ᠢᠶᠠᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠵᠢᠯᠯᠠᠵᠤ ᠂ ᠲᠦᠷᠦᠭᠳᠡᠯ ᠣᠶᠢᠯᠠᠭᠠᠯᠲᠠ ᠪᠠᠨ ᠶᠠᠷᠢᠵᠤ᠂ ᠤᠯᠠᠨ ᠢᠶᠠᠷ ᠢᠶᠠᠨ᠂ ᠨᠠᠮ ᠤᠨ ᠲᠥᠪ ᠬᠤᠷᠢᠶᠠᠨ ᠤ ᠵᠢᠭᠠᠭᠰᠠᠨ ᠵᠥᠪ ᠴᠢᠭᠯᠡᠯ ᠢᠶᠠᠷ ᠡᠷᠡᠰ ᠭᠤᠶᠢᠪᠢᠰᠢ ᠦᠭᠡᠢ ᠡᠷᠡᠯᠬᠡᠭᠯᠡᠨ ᠤᠷᠤᠭᠰᠢᠯᠠᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠠᠭ ᠦᠶ᠎ᠡ ᠶᠢᠨ ᠬᠦᠨᠳᠦ ᠡᠭᠦᠷᠭᠡ ᠶᠢ ᠡᠭᠦᠷᠭᠡᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠦᠴᠢᠦᠸᠠᠨ ᠣᠷᠣᠨ ᠤ ᠬᠠᠭᠤᠳᠠᠰᠤ ᠶᠢ ᠴᠢᠷᠮᠠᠶᠢᠨ ᠪᠢᠴᠢᠭᠯᠡᠨ᠎ᠡ ᠭᠡᠵᠦ ᠢᠯᠡᠳᠬᠡᠵᠡᠭᠡᠪᠡ᠃    ︽ᠥᠩᠭᠡᠷᠡᠭᠰᠡᠨ ᠨᠢᠭᠡ ᠵᠢᠯ ᠳᠤ᠂ ᠮᠠᠨ ᠤ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠬᠡᠷ ᠤᠨ ᠠᠬᠠᠮᠠᠳ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ᠂ ᠣᠨᠴᠠᠭᠠᠶ ᠬᠡᠷ ᠪᠦᠯᠢ ᠶᠢᠨ ᠬᠠᠶᠢᠷ᠎ᠠ ᠬᠠᠯᠠᠮᠵᠢ ᠶᠢᠨ ᠲᠠᠯ᠎ᠠ ᠪᠠᠷ ᠨᠡᠯᠢᠶᠡᠳ ᠰᠠᠶᠢᠨ ᠦᠷ᠎ᠡ ᠪᠦᠲᠦᠮᠵᠢ ᠣᠯᠵᠠᠶ᠂ ᠵᠠᠯᠭᠠᠭᠠᠳ᠂ ᠪᠢᠳᠡ ᠦᠶᠯᠡᠴᠢᠯᠡᠭᠡ ᠪᠠᠷ ᠬᠥᠲᠥᠯᠥᠨ ᠳᠠᠭᠠᠭᠤᠯᠵᠤ ᠬᠠᠷᠢᠯᠴᠠᠬᠤ ᠦᠶᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠦᠷᠭᠦᠯᠵᠢᠯᠡᠨ ᠦᠨᠳᠦᠰᠦᠨ ᠱᠠᠲᠤᠨ ᠳᠤ ᠭᠦᠨᠵᠡᠭᠡᠶᠢᠷᠡᠨ ᠡᠮᠡᠭᠲᠡᠶᠢᠴᠦᠳ ᠡᠭᠡᠴᠢ ᠳᠡᠭᠦᠦ ᠶᠢᠨ ᠲᠠᠭᠤᠨ ᠢ ᠰᠣᠨᠣᠰᠴᠤ᠂ ᠣᠷᠤᠭ ᠦᠷᠡᠵᠢᠯ ᠤᠨ ᠰᠢᠨ᠎ᠡ ᠰᠤᠷᠲᠠᠯ ᠢ ᠪᠣᠶᠢᠵᠢᠭᠤᠯᠬᠤ᠂ ᠡᠮᠡᠭᠲᠡᠶᠢᠴᠦᠳ ᠤᠨ ᠠᠵᠢᠯ ᠣᠯᠵᠤ ᠦᠶᠯᠡᠰ ᠪᠤᠰᠬᠠᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠤᠯᠬᠤ ᠪᠠᠷ ᠴᠢᠷᠮᠠᠶᠢᠵᠤ᠂ ᠦᠨᠳᠦᠰᠦᠨ ᠱᠠᠲᠤᠨ ᠤ ᠡᠮᠡᠭᠲᠡᠶᠢᠴᠦᠳ ᠡᠭᠡᠴᠢ ᠳᠡᠭᠦᠦ ᠶᠢᠨ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃︾ ᠭᠡᠵᠦ ᠪᠦᠬᠦ ᠤᠯᠤᠰ ᠤᠨ ᠰᠢᠯᠢᠳᠡᠭ ᠡᠪ ᠬᠠᠮᠲᠤ ᠨᠠᠮ  ᠤᠨ ᠭᠡᠰᠢᠭᠦᠨ᠂ ᠲᠦᠴᠢᠦᠸᠠᠨ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠶᠢᠨ ᠲᠡᠷᠢᠭᠦᠯᠡᠭᠴᠢ ᠯᠢ ᠵᠢᠶᠦ᠋ᠨ ᠬᠡᠯᠡᠪᠡ
   7 ᠰᠠᠷ᠎ᠠ ᠶᠢᠨ 30 ᠤ ᠡᠳᠦᠷ᠂ ᠲᠦᠴᠢᠦᠸᠠᠨ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠯᠠᠮᠵᠢᠯᠠᠪᠠ᠂ ᠣᠯᠠᠨ ᠢᠶᠠᠷ ᠢᠶᠠᠨ ᠪᠥᠬᠦᠳᠡ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠡᠷᠦᠩᠬᠡᠶ ᠬᠠᠷᠠᠯᠲᠠ ᠶᠢ ᠲᠣᠭᠲᠠᠭᠠᠵᠤ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠢ ᠲᠠᠰᠤᠷᠠᠯᠲᠠ ᠥᠬᠡᠶ ᠬᠠᠩᠭᠠᠬᠤ ᠬᠡᠷᠡᠭᠲᠡᠶ ᠭᠡᠵᠦ ᠰᠠᠨᠠᠯ ᠨᠢᠭᠡᠲᠡᠶ ᠢᠯᠡᠷᠬᠡᠶᠢᠯᠡᠪᠡ᠃    ︽ᠵᠢᠯ ᠤᠨ ᠡᠬᠢᠨ ᠠᠴᠠ ᠨᠠᠭᠠᠰᠢ᠂ ᠮᠠᠨ ᠤ ᠲᠣᠪᠴᠢᠶ᠎ᠠ ᠡᠯ᠎ᠡ ᠵᠦᠶᠯ ᠤᠨ ᠪᠠᠯᠠ ᠮᠥᠩᠭᠦ ᠶᠢ ᠨᠡᠶᠢᠲᠡ 500 ᠭᠠᠷᠤᠶ ᠲᠦᠮᠡᠨ ᠲᠥᠭᠦᠷᠢᠭ ᠣᠷᠣᠭᠤᠯᠵᠤ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ  ᠤ ᠲᠥᠬᠦᠭᠡᠷᠦᠮᠵᠢ ᠶᠢ 33 ᠪᠠᠶᠢᠭᠤᠯᠵᠤ᠂ ᠬᠡᠷ ᠲᠤᠨᠢ ᠬᠦᠷᠴᠦ ᠦᠶᠯᠡᠴᠢᠯᠡᠬᠦ᠂ ᠨᠠᠰᠤᠵᠢᠯᠲᠠ ᠳᠤ ᠳᠣᠭᠢᠷᠠᠬᠤ ᠥᠭᠡᠷᠡᠴᠢᠯᠡᠯᠲᠡ ᠶᠢ 1200 ᠭᠠᠷᠤᠶ ᠡᠷᠦᠭᠡ ᠪᠡᠶᠡᠯᠡᠭᠦᠯᠵᠦ᠂ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠰᠢᠰᠲ᠋ᠧᠮ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠂ ᠨᠠᠰᠤᠲᠠᠶᠢᠴᠤᠳ ᠤᠨ ᠪᠤᠶᠠᠨ ᠵᠢᠷᠭᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠬᠤᠶᠢᠰᠢᠳᠠ᠂ ᠮᠠᠨ ᠤ ᠲᠣᠪᠴᠢᠶ᠎ᠠ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠨᠠᠰᠤᠵᠢᠯ ᠤᠨ ᠠᠰᠠᠷᠠᠮᠵᠢ ᠶᠢᠨ ᠬᠦᠷᠢᠶᠡᠨ ᠤ ᠲᠣᠭᠤᠷᠢᠨ ᠳᠤ ᠦᠷᠭᠦᠯᠵᠢᠯᠡᠨ ᠬᠦᠴᠦᠯᠡᠵᠦ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠳᠤᠲᠠᠭᠤᠳᠠᠯ ᠢ ᠲᠦᠷᠭᠡᠪᠴᠢᠯᠡᠨ ᠨᠥᠬᠦᠪᠥᠷᠢᠯᠡᠵᠦ᠂ ᠬᠦᠴᠢᠷᠳᠡᠯᠲᠡᠶ ᠨᠠᠰᠤᠲᠠᠶᠢᠴᠤᠳ ᠤᠨ ᠦᠨᠳᠦᠰᠦᠨ ᠵᠦᠶᠯ ᠢ ᠪᠠᠲᠤᠯᠠᠬᠤ ᠶᠢ ᠴᠢᠩᠭᠠᠳᠬᠠᠵᠤ᠂ ᠨᠠᠰᠤᠵᠢᠯ ᠤᠨ ᠠᠰᠠᠷᠠᠮᠵᠢ ᠶᠢᠨ ᠦᠨᠳᠦᠰᠦᠨ ᠦᠶᠯᠡᠴᠢᠯᠡᠭᠡᠨ ᠤ ᠬᠠᠩᠭᠠᠯᠭ᠎ᠠ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠨᠠᠰᠤᠲᠠᠶᠢᠴᠤᠳ ᠤᠨ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ᠂ ᠬᠠᠨᠤᠮᠵᠢᠲᠠᠶ ᠲᠥᠷᠥᠭᠳᠡᠯ ᠢ ᠦᠨᠡᠨ ᠬᠦ ᠳᠡᠭᠡᠭᠰᠢᠯᠡᠭᠦᠯᠦᠨ᠎ᠡ᠃ 》 ᠭᠡᠵᠦ ᠲᠦᠴᠢᠦᠸᠠᠨ ᠰᠢᠶᠠᠨ ᠤ ᠠᠷᠠᠳ ᠤᠨ ᠶᠠᠪᠤᠳᠠᠯ ᠤᠨ ᠲᠣᠪᠴᠢᠶᠠᠨ ᠤ ᠳᠠᠷᠤᠭ᠎ᠠ ᠯᠢᠦᠶ ᠰᠢᠶᠤᠤ ᠱᠢ ᠬᠡᠯᠡᠪᠡ᠃
   ᠡᠨᠡ ᠬᠡᠳᠦᠨ ᠡᠳᠦᠷ᠂ ᠲᠦᠴᠢᠦᠸᠠᠨ ᠰᠢᠶᠠᠨ ᠤ ᠤᠯᠠᠭᠠᠨᠮᠥ᠋ᠴᠢᠷ ᠶᠠᠭ ᠲᠠᠯᠠᠪᠠᠶ ᠶᠢᠨ ᠪᠥᠵᠢᠭ ᠤᠨ ᠪᠠᠭ᠋ᠠᠳᠠᠳ ᠢ ᠳᠠᠭᠠᠭᠤᠯᠤᠨ ︽ᠦᠯᠵᠡᠶᠢᠳᠦ ᠪᠤᠯᠠᠭ︾ ᠪᠥᠵᠢᠭ ᠢᠶᠠᠨ ᠪᠣᠯᠪᠠᠰᠤᠷᠠᠵᠤ᠂ ᠬᠢᠩᠭᠠᠨ ᠠᠶᠢᠮᠠᠭ ᠤᠨ ᠨᠠᠭᠠᠳᠤᠮ ᠤᠨ ᠤᠯᠠᠷᠢᠯ ᠤᠨ ᠡᠬᠢᠯᠡᠯᠲᠡ ᠶᠢᠨ ᠶᠣᠰᠣᠯᠠᠯ ᠳᠤ ᠪᠡᠯᠡᠳᠬᠡᠯ ᠬᠢᠵᠦ ᠪᠠᠶᠢᠨ᠎ᠠ᠃ ᠪᠣᠯᠪᠠᠰᠤᠷᠠᠬᠤ ᠠᠴᠠ ᠭᠠᠳᠠᠨ᠎ᠠ᠂ ᠣᠯᠠᠨ  ᠢᠶᠠᠷ ᠢᠶᠠᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠲᠤ ᠠᠩᠬᠠᠷᠤᠯ ᠢᠶᠠᠨ ᠲᠥᠪᠯᠡᠷᠡᠭᠦᠯᠵᠦ᠂ ᠰᠣᠶᠣᠯ ᠤᠨ ᠢᠲᠡᠭᠡᠯ ᠪᠠ ᠠᠵᠢᠯᠯᠠᠭᠠᠨ ᠤ ᠤᠬᠠᠮᠰᠠᠷ ᠢᠶᠠᠨ ᠴᠢᠩᠭᠠᠳᠬᠠᠵᠤ᠂ ᠨᠠᠩ ᠪᠠᠶᠠᠯᠢᠭ ᠤᠳᠬ᠎ᠠ ᠤᠷᠠᠯᠢᠭ ᠤᠨ ᠪᠦᠲᠦᠭᠡᠯ ᠢᠶᠠᠷ ᠤᠮᠠᠷᠠᠲᠤ ᠬᠢᠯᠢ ᠶᠢᠨ ᠰᠣᠶᠣᠯ ᠤᠨ ᠠᠭᠤᠯᠤᠭᠳᠠᠬᠤᠨ ᠢ ᠲᠣᠳᠣᠷᠬᠠᠶᠢᠯᠠᠨ᠎ᠠ ᠭᠡᠵᠦ ᠭᠡᠰᠢᠭᠦᠳ ᠢᠯᠡᠳᠬᠡᠵᠡᠭᠡᠪᠡ᠃    ︽ᠬᠤᠪᠢᠰᠬᠠᠯᠲᠤ ᠤᠳᠬ᠎ᠠ ᠤᠷᠠᠯᠢᠭ ᠤᠨ ᠬᠦᠩᠭᠡᠨ ᠮᠣᠷᠢᠲᠤ ᠴᠡᠷᠢᠭ ᠤᠨ ᠡᠩᠨᠡᠭᠡ ᠪᠣᠯᠤᠭᠰᠠᠨ ᠤ ᠬᠤᠪᠢ ᠳᠤ ᠂ ᠪᠢᠳᠡ ᠦᠷᠭᠦᠯᠵᠢᠯᠡᠨ ᠲᠠᠪᠤᠨ ᠶᠡᠭᠡ ᠡᠭᠦᠷᠭᠡ᠂ ᠮᠣᠩᠭᠤᠯ ᠮᠤᠷᠢᠨ ᠤ ᠵᠣᠷᠢᠭ ᠰᠠᠨᠠᠭ᠎ᠠ ᠪᠣᠯᠤᠨ ᠮᠠᠨ ᠤ ᠰᠢᠶᠠᠨ ᠤ ᠬᠤᠪᠢᠰᠬᠠᠯ ᠤᠨ ᠲᠡᠦᠬᠡ ᠰᠣᠶᠣᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠩ ᠤᠯᠠᠨ ᠠᠷᠠᠳ ᠲᠦᠮᠡᠨ ᠲᠠᠢ ᠤᠶᠢᠷᠠᠳᠤᠭᠰᠠᠨ ᠪᠦᠲᠦᠭᠡᠯ ᠢ ᠵᠣᠬᠢᠶᠠᠨ ᠪᠦᠲᠦᠭᠡᠵᠦ᠂ ᠳᠤᠮᠳᠠᠳᠤ ᠶᠢᠨ ᠰᠣᠶᠣᠯ ᠢ ᠵᠠᠯᠭᠠᠮᠵᠢᠯᠠᠵᠤ᠂ ᠪᠣᠯᠪᠠᠰᠤᠨ ᠤ ᠦᠷ᠎ᠡ ᠪᠦᠲᠦᠭᠡᠯ ᠢ ᠢᠯᠡᠷᠡᠭᠦᠯᠵᠦ᠂ ᠲᠦᠴᠢᠦᠸᠠᠨ ᠤ ᠦᠯᠢᠭᠡᠷ ᠢ ᠰᠠᠶᠢᠲᠤᠷ ᠶᠠᠷᠢᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠥᠷᠭᠡᠨ ᠤᠯᠠᠨ ᠠᠷᠠᠳ ᠲᠦᠮᠡᠨ ᠳᠤ ᠨᠡᠩ ᠴᠢᠨᠠᠷ ᠰᠠᠶᠢᠲᠠᠢ ᠤᠶᠤᠨ ᠤ ᠰᠣᠶᠣᠯ ᠤᠨ ᠪᠦᠲᠦᠭᠡᠭᠳᠡᠬᠦᠨ ᠤ ᠬᠠᠩᠭᠠᠯᠭ᠎ᠠ ᠬᠠᠩᠭᠠᠨ᠎ᠠ᠃︾ ᠭᠡᠵᠦ ᠲᠦᠴᠢᠦᠸᠠᠨ ᠰᠢᠶᠠᠨ ᠤ ᠤᠯᠠᠭᠠᠨᠮᠥ᠋ᠴᠢᠷ ᠤᠨ ᠳᠡᠳ᠋ ᠳᠠᠷᠤᠭ᠎ᠠ ᠵᠠᠩ ᠵᠢᠩ ᠬᠡᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号