ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ ᠰᠦᠨ ᠱᠤᠤ ᠴᠧᠩ ᠬᠤᠷᠠᠯ ᠢ ᠡᠷᠭᠢᠯᠡᠵᠠᠢ
ᠨᠡᠶᠢᠲᠡᠯᠡᠭᠰᠡᠨ ᠴᠠᠭ᠄
2024/8/3
   8 ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠬᠤᠷᠠᠯ ᠢ ᠡᠷᠭᠢᠯᠡᠪᠡ᠃    ᠬᠤᠷᠠᠯ ᠠᠴᠠ 7 ᠰᠠᠷ᠎ᠠ ᠶᠢᠨ 30 ᠤ ᠡᠳᠦᠷ ᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠯᠤᠭ᠎ᠠ ᠤᠶᠠᠯᠳᠤᠭᠤᠯᠵᠤ᠂ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠲᠤᠬᠠᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠣᠶᠢᠯᠠᠭᠠᠨ ᠡᠵᠡᠮᠰᠢᠵᠦ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠵᠦᠢᠯ ᠳᠠᠷᠠᠭᠠᠯᠠᠨ ᠰᠠᠶᠢᠲᠤᠷ ᠠᠳᠬᠤᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠡᠷᠡᠰ ᠭᠤᠶᠢᠪᠢᠰᠢ ᠦᠭᠡᠢ ᠪᠡᠶᠡᠯᠡᠭᠦᠯᠬᠦ ᠬᠡᠷᠡᠭᠲᠡᠢ᠃ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ᠂ ᠪᠡᠯᠡ ᠣᠷᠣᠭᠤᠯᠤᠯᠲᠠ ᠶᠢ ᠥᠷᠭᠡᠳᠬᠡᠬᠦ ᠶᠢ ᠴᠢᠬᠤᠯᠠ ᠪᠠᠶᠢᠷᠢᠨ ᠳᠤ ᠲᠠᠯᠪᠢᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠪᠦᠭᠦ ᠬᠦᠴᠦᠨ ᠢᠶᠠᠷ ᠢᠶᠠᠨ ᠦᠢᠯᠡᠴᠢᠯᠡᠨ ᠪᠠᠲᠤᠯᠠᠵᠤ᠂ ᠠᠷᠭ᠎ᠠ ᠪᠦᠭᠦᠨ ᠢ ᠰᠦᠪᠡᠭᠴᠢᠯᠡᠨ ᠲᠥᠷᠥᠯ ᠵᠦᠢᠯ ᠢ ᠢᠯᠡᠭᠦᠬᠡᠨ ᠣᠯᠵᠤ᠂ ᠲᠥᠷᠥᠯ ᠵᠦᠢᠯ ᠢ ᠢᠯᠡᠭᠦᠬᠡᠨ ᠡᠬᠢᠯᠡᠭᠦᠯᠵᠦ᠂ ᠪᠣᠳᠠᠲᠤ ᠠᠵᠢᠯ ᠤᠨ ᠬᠡᠮᠵᠢᠶ᠎ᠡ ᠶᠢ ᠢᠯᠡᠭᠦᠬᠡᠨ ᠪᠤᠶ ᠪᠤᠯᠭᠠᠬᠤ ᠬᠡᠷᠡᠭᠲᠡᠢ᠃ ᠤᠯᠤᠰ ᠠᠴᠠ ᠶᠡᠭᠡ ᠬᠡᠪᠴᠢᠶᠡᠨ ᠤ ᠲᠤᠨᠤᠭ ᠲᠥᠬᠦᠭᠡᠷᠦᠮᠵᠢ ᠶᠢᠨ ᠰᠢᠨᠡᠴᠢᠯᠡᠯᠲᠡ ᠪᠠ ᠶᠡᠭᠡ ᠬᠡᠮᠵᠢᠶᠡᠨ ᠤ ᠪᠥᠬᠡᠯᠢᠭ ᠬᠡᠷᠡᠭᠯᠡᠭᠡᠨ ᠤ ᠵᠦᠢᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠬᠦᠴᠦᠯᠡᠨ ᠠᠬᠢᠭᠤᠯᠵᠤ ᠪᠠᠶᠢᠭ᠎ᠠ ᠠᠵᠠ ᠲᠣᠭᠢᠶᠠᠯ ᠢ ᠠᠮᠵᠢᠵᠤ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠬᠡᠷᠡᠭᠯᠡᠭᠡᠨ ᠤ ᠬᠡᠮᠵᠢᠶ᠎ᠡ ᠪᠠᠨ ᠥᠷᠭᠡᠳᠬᠡᠨ ᠲᠡᠰ ᠳᠡᠪᠰᠢᠬᠦ ᠶᠢ ᠠᠬᠢᠭᠤᠯᠬᠤ ᠬᠡᠷᠡᠭᠲᠡᠢ᠃ ᠭᠠᠳᠠᠭᠠᠳᠤ ᠠᠷᠠᠯᠵᠢᠶ᠎ᠠ ᠶᠢᠨ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ ᠶᠡᠭᠡ ᠪᠠᠷ ᠪᠤᠶᠢᠵᠢᠭᠤᠯᠵᠤ᠂ ︽ᠰᠢᠨ᠎ᠡ ᠭᠤᠷᠪᠠᠨ ᠵᠦᠢᠯ ︾᠂ ᠭᠠᠷ ᠳᠠᠮᠵᠢᠭᠰᠠᠨ ᠮᠠᠰᠢᠨ ᠲᠡᠷᠭᠡ ᠵᠡᠷᠭᠡ ᠶᠢᠨ ᠭᠠᠳᠠᠭᠠᠳᠤ ᠭᠠᠷᠭᠠᠯᠲᠠ ᠶᠢ ᠨᠡᠮᠡᠭᠳᠡᠭᠦᠯᠵᠦ᠂ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶ᠎ᠠ ᠶᠢᠨ ᠬᠡᠪᠴᠢᠶ᠎ᠡ ᠶᠢ ᠥᠷᠭᠡᠳᠬᠡᠬᠦ ᠬᠡᠷᠡᠭᠲᠡᠢ᠃ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠠᠶᠤᠯᠭᠦᠢ ᠦᠢᠯᠡᠳᠪᠦᠷᠢᠯᠡᠯ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠢ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠦᠨᠡᠨ ᠠᠴᠠ ᠵᠥᠪ ᠢ ᠡᠷᠢᠬᠦ ᠣᠪᠣᠷ ᠪᠠ ᠰᠤᠷᠲᠠᠯ ᠢᠶᠠᠷ ᠠᠵᠢᠯ ᠢᠶᠠᠨ ᠠᠬᠢᠭᠤᠯᠵᠤ ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠳᠤ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ 7 ᠰᠠᠷ᠎ᠠ ᠶᠢᠨ 26 ᠤ ᠡᠳᠦᠷ ᠤᠨ ᠨᠠᠮ ᠤᠨ ᠭᠠᠳᠠᠨᠠᠬᠢ ᠬᠥᠮᠥᠰ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠭᠠᠳᠠᠨᠠᠬᠢ ᠬᠥᠮᠥᠰ ᠲᠠᠢ ᠬᠠᠮᠲᠤᠷᠠᠨ ᠠᠵᠢᠯᠯᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠠᠮ ᠤᠨ ᠭᠠᠳᠠᠨᠠᠬᠢ ᠬᠥᠮᠥᠰ ᠢ ᠬᠥᠲᠥᠯᠥᠨ ᠵᠢᠯᠤᠭᠤᠳᠴᠤ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠲᠠᠢ ᠬᠠᠮᠲᠤ ᠪᠠᠷ ᠥᠪᠥᠷ ᠮᠣᠩᠭᠤᠯ ᠤᠨ ᠥᠭᠡᠷᠡᠴᠢᠯᠡᠯᠲᠡ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠴᠠᠭ ᠲᠤᠬᠠᠢ ᠳᠤᠨᠢ ᠨᠠᠮ ᠤᠨ ᠲᠥᠪ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠳᠠᠮᠵᠢᠭᠤᠯᠵᠤ᠂ ᠰᠠᠨᠠᠭᠠᠴᠢᠯᠠᠭ᠎ᠠ ᠠᠴᠠ ᠪᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠬᠠᠪᠰᠤᠷᠤᠨ ᠠᠰᠠᠭᠤᠳᠠᠯ ᠢ ᠲᠤᠰᠬᠠᠵᠤ᠂ ᠠᠰᠠᠭᠤᠳᠠᠯ ᠢ ᠨᠢ ᠰᠢᠢᠳᠪᠦᠷᠢᠯᠡᠵᠦ᠂ ᠣᠯᠠᠨ ᠢᠶᠠᠷ ᠢᠶᠠᠨ ᠬᠠᠮᠲᠤ ᠪᠠᠷ ᠠᠵᠢᠯᠯᠠᠵᠤ ᠬᠠᠮᠲᠤ ᠪᠠᠷ ᠪᠣᠭᠤᠮᠲᠠ ᠰᠢᠪᠲᠤᠯᠵᠤ ᠬᠠᠮᠲᠤ ᠪᠠᠷ ᠦᠷ᠎ᠡ ᠪᠦᠲᠦᠭᠡᠯ ᠢ ᠡᠳ᠋ᠯᠡᠬᠦ ᠠᠭᠤᠷ ᠠᠮᠢᠰᠬᠤᠯ ᠢ ᠪᠤᠶ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠼᠠᠢ ᠴᠢ ᠨᠥᠬᠦᠷ ᠤᠨ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠡᠯ᠎ᠡ ᠱᠠᠲᠤᠨ ᠤ ᠬᠢᠨ ᠨᠠᠷᠢᠨ ᠨᠢᠮᠪᠠᠢ ᠵᠣᠬᠢᠶᠠᠨ ᠪᠠᠶᠢᠭᠤᠯᠤᠨ ᠲᠣᠬᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠢᠳᠡᠪᠬᠢᠲᠡᠢ ᠬᠥᠳᠡᠯᠦᠯᠴᠡᠵᠦ᠂ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠡᠯ᠎ᠡ ᠱᠠᠲᠤᠨ ᠤ ᠪᠠᠶᠢᠭᠤᠯᠭ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ᠂ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ ᠡᠮᠦᠨ᠎ᠡ ᠨᠢ ᠬᠤᠰᠢᠭᠤᠷᠠᠵᠤ᠂ ᠥᠯᠢᠭᠡᠷ ᠳᠠᠭᠤᠷᠢᠶᠠᠯ ᠪᠤᠯᠬᠤ ᠶᠢ ᠠᠬᠢᠭᠤᠯᠬᠤ ᠬᠡᠷᠡᠭᠲᠡᠢ᠃ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠬᠢᠨ ᠠᠴᠠ ᠺᠠᠳ᠋ᠷ ᠢ ᠬᠥᠮᠥᠵᠢᠭᠦᠯᠦᠨ ᠪᠤᠯᠪᠠᠰᠤᠷᠠᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠤᠬᠠᠭᠤᠯᠬᠤ ᠰᠠᠯᠠᠭ᠎ᠠ ᠮᠥᠴᠢᠷ ᠤᠨ ᠬᠢᠨ ᠤᠬᠠᠭᠤᠯᠤᠨ ᠲᠠᠶᠢᠯᠪᠤᠷᠢᠯᠠᠬᠤ᠂ ᠲᠠᠶᠢᠯᠤᠮᠵᠢ ᠬᠢᠵᠦ ᠲᠣᠳᠣᠷᠬᠠᠶᠢᠯᠠᠨ ᠲᠠᠶᠢᠯᠪᠤᠷᠢᠯᠠᠬᠤ ᠵᠡᠷᠭᠡ ᠠᠵᠢᠯ ᠢ ᠰᠠᠶᠢᠲᠤᠷ ᠠᠳᠬᠤᠵᠤ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠦᠭ ᠲᠦᠮᠡᠨ ᠠᠶᠢᠯ ᠡᠷᠦᠭᠡ ᠳᠤ ᠬᠦᠷᠭᠡᠬᠦ ᠶᠢ ᠠᠬᠢᠭᠤᠯᠬᠤ ᠬᠡᠷᠡᠭᠲᠡᠢ᠃ ᠤᠬᠠᠭᠤᠯᠤᠨ ᠲᠠᠶᠢᠯᠪᠤᠷᠢᠯᠠᠬᠤ ᠠᠵᠢᠯ ᠳᠤ ᠠᠯᠬᠤᠮ ᠳᠠᠷᠠᠭᠠᠯᠠᠯ ᠲᠠᠢ ᠪᠥᠭᠡᠳ ᠪᠣᠳᠠᠲᠤ ᠬᠡᠷᠡᠭᠴᠡᠭᠡ ᠱᠠᠭᠠᠷᠳᠠᠯᠭ᠎ᠠ ᠶᠢ ᠨᠢ ᠦᠨᠳᠦᠰᠦᠯᠡᠨ ᠲᠦᠷᠦᠯ ᠬᠤᠪᠢᠶᠠᠷᠢᠯᠠᠬᠤ ᠶᠢ ᠴᠢᠬᠤᠯᠠᠴᠢᠯᠠᠵᠤ᠂ ᠴᠢᠭᠯᠡᠭᠦᠯᠦᠯᠲᠦ ᠴᠢᠨᠠᠷ ᠪᠠ ᠪᠣᠳᠠᠲᠤ ᠪᠦᠲᠦᠮᠵᠢᠲᠦ ᠴᠢᠨᠠᠷ ᠢ ᠲᠤᠪᠤᠶᠢᠯᠭᠠᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠰᠡᠳᠬᠢᠯ ᠲᠠᠯᠪᠢᠨ ᠭᠤᠷᠪᠠᠳᠤᠭᠠᠷ ᠪᠦᠭᠦᠳᠡ ᠬᠤᠷᠠᠯ ᠤᠨ ︽ᠲᠣᠭᠲᠠᠭᠠᠯ ︾ ᠢ ᠰᠤᠳᠤᠯᠤᠨ ᠤᠩᠰᠢᠵᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠥᠭᠡᠷᠡᠴᠢᠯᠡᠯᠲᠡ ᠶᠢᠨ ᠠᠵᠢᠯ ᠢ ᠭᠦᠨᠵᠡᠭᠡᠢ ᠰᠤᠳᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠲᠠᠢ ᠤᠶᠠᠯᠳᠤᠭᠤᠯᠤᠨ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠵᠠᠰᠠᠯᠲᠠ ᠶᠢᠨ ᠰᠢᠰᠲ᠋ᠧᠮ ᠢ ᠲᠠᠰᠤᠷᠠᠯᠲᠠ ᠦᠭᠡᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠢ ᠭᠥᠯᠢᠶᠡᠨ ᠠᠪᠴᠤ ᠲᠥᠪᠬᠢᠨᠡᠭᠦᠯᠬᠦ᠂ ᠦᠢᠯᠡᠴᠢᠯᠡᠭᠡᠨ ᠤ ᠪᠠᠲᠤᠯᠠᠭ᠎ᠠ᠂ ᠬᠥᠮᠦᠵᠢᠯ ᠬᠠᠮᠢᠶᠠᠷᠤᠯᠲᠠ᠂ ᠦᠢᠯᠡᠳᠦᠯ ᠢᠶᠠᠨ ᠪᠠᠳᠠᠷᠠᠭᠤᠯᠬᠤ᠂ ᠡᠷᠬᠡ ᠠᠰᠢᠭ ᠢᠶᠠᠨ ᠬᠠᠮᠠᠭᠠᠯᠠᠬᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠮᠠᠨ ᠤ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽ᠴᠡᠷᠢᠭ ᠢ ᠬᠦᠴᠦᠷᠬᠡᠭᠵᠢᠭᠦᠯᠵᠦ ᠪᠠᠶᠢᠯᠳᠤᠭᠠᠨ ᠳᠤ ᠴᠠᠭᠠᠷᠠᠭᠰᠠᠨ ᠤᠯᠠᠭᠠᠨ ᠴᠡᠷᠢᠭ ᠤᠨ ᠳᠥᠷᠪᠡᠳᠦᠭᠡᠷ ᠰᠤᠮᠤ ︾ ᠶᠢᠨ ᠪᠦᠭᠦ ᠳᠠᠷᠤᠭ᠎ᠠ ᠪᠠᠶᠢᠯᠳᠤᠭᠴᠢ ᠳᠤ ᠢᠯᠡᠭᠡᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ᠮᠠᠨ ᠤ ᠣᠷᠣᠨ ᠳᠤ ᠰᠠᠭᠤᠭ᠎ᠠ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠬᠦ ᠵᠡᠷᠭᠡ ᠠᠵᠢᠯ ᠳᠤ ᠱᠠᠭᠠᠷᠳᠠᠯᠭ᠎ᠠ ᠳᠤᠷᠠᠳᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠠᠷᠪᠠᠨ ᠵᠢᠷᠭᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠮᠠᠨ ᠤ ᠤᠯᠤᠰ ᠤᠨ ᠬᠢᠯᠢ ᠬᠢᠵᠠᠭᠠᠷ ᠲᠠᠯᠠᠢ ᠲᠠᠩᠬᠢᠰ ᠬᠢᠭᠡᠳ ᠠᠭᠠᠷ ᠤᠨ ᠰᠡᠷᠭᠡᠶᠢᠯᠡᠯᠲᠡ ᠶᠢᠨ ᠰᠢᠨ᠎ᠡ ᠪᠠᠶᠢᠳᠠᠯ ᠰᠢᠨ᠎ᠡ ᠣᠨᠴᠠᠯᠢᠭ ᠰᠢᠨ᠎ᠡ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠬᠢᠯᠢ ᠶᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠬᠢᠯᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠴᠡᠷᠢᠭ ᠠᠩᠭᠢ ᠪᠠ ᠣᠷᠣᠨ ᠨᠤᠲᠤᠭ ᠤᠨ ᠲᠥᠯᠦᠪᠵᠢᠭᠦᠯᠭᠡ ᠶᠢ ᠵᠣᠯᠭᠠᠭᠤᠯᠬᠤ᠂ ᠡᠭᠦᠷᠭᠡ ᠶᠢ ᠵᠣᠯᠭᠠᠭᠤᠯᠬᠤ᠂ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠬᠦ ᠵᠡᠷᠭᠡ ᠪᠠᠶᠢᠭᠤᠯᠤᠯ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠢᠯᠢ ᠬᠢᠵᠠᠭᠠᠷ ᠣᠷᠣᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠬᠤᠷᠳᠤᠴᠠ ᠪᠠᠨ ᠲᠦᠷᠭᠡᠳᠬᠡᠨ ᠦᠷ᠎ᠡ ᠪᠦᠲᠦᠮᠵᠢ ᠪᠠᠨ ᠳᠡᠭᠡᠭᠰᠢᠯᠡᠭᠦᠯᠦᠨ ᠠᠬᠢᠭᠤᠯᠵᠤ᠂ ᠬᠢᠯᠢ ᠪᠠᠨ ᠬᠠᠮᠠᠭᠠᠯᠠᠬᠤ ᠴᠢᠳᠠᠪᠤᠷᠢ ᠪᠠᠨ ᠳᠡᠭᠡᠭᠰᠢᠯᠡᠭᠦᠯᠭᠦ ᠬᠡᠷᠡᠭᠲᠡᠢ᠃ ᠨᠢᠰᠦᠯᠲᠡ ᠶᠢᠨ ᠪᠣᠯᠪᠠᠰᠤᠷᠠᠯ᠂ ᠳᠣᠣᠷ᠎ᠠ ᠠᠭᠠᠷ ᠤᠨ ᠵᠢᠭᠤᠯᠴᠢᠯᠠᠯ ᠵᠡᠷᠭᠡ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠳᠣᠣᠷ᠎ᠠ ᠠᠭᠠᠷ ᠤᠨ ᠠᠵᠤ ᠠᠬᠤᠢ ᠶᠢᠨ ᠲᠦᠷᠭᠡᠨ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ 2024 ᠣᠨ ᠤ 15 ᠳ᠋ᠤᠭᠠᠷ ᠬᠤᠭᠤᠴᠠᠭᠠᠨ ᠤ ︽ᠦᠨᠡᠨ ︾ ᠰᠡᠳᠬᠦᠯ ᠳᠤ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ︽ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠣᠨ ᠴᠡᠷᠢᠭ ᠠᠩᠭᠢ ᠶᠢᠨ ᠣᠳᠣᠬᠢᠴᠢᠯᠠᠯᠲᠠ ᠶᠢᠨ ᠰᠢᠨ᠎ᠡ ᠪᠠᠶᠢᠳᠠᠯ ᠢ ᠡᠭᠦᠳᠦᠶ᠎ᠡ ︾ ᠶᠢ ᠤᠯᠠᠮᠵᠢᠯᠠᠨ ᠰᠤᠷᠤᠯᠴᠠᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠮᠠᠨ ᠤ ᠣᠷᠣᠨ ᠳᠤ ᠰᠠᠭᠤᠭ᠎ᠠ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠳᠤ ᠪᠦᠭᠦ ᠬᠦᠴᠦᠨ ᠢᠶᠠᠷ ᠢᠶᠠᠨ ᠦᠢᠯᠡᠴᠢᠯᠡᠨ ᠪᠠᠲᠤᠯᠠᠵᠤ᠂ ᠵᠢᠯ ᠪᠦᠷᠢ ᠴᠡᠷᠢᠭ ᠠᠩᠭᠢ ᠳᠤ ᠨᠢᠭᠡ ᠪᠦᠯᠦᠭ ᠪᠠᠴᠢᠮ ᠪᠣᠳᠠᠲᠠᠢ ᠶᠠᠪᠤᠳᠠᠯ ᠪᠦᠲᠦᠭᠡᠵᠦ ᠥᠭᠬᠦ ᠪᠠᠷ ᠴᠢᠷᠮᠠᠶᠢᠬᠤ ᠬᠡᠷᠡᠭᠲᠡᠢ᠃ ᠪᠦᠭᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠭᠦᠨᠵᠡᠭᠡᠶᠢᠷᠡᠭᠦᠯᠬᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠤᠶᠠᠷ ᠢ ᠬᠦᠷᠢᠶᠡᠯᠡᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠂ ᠴᠡᠷᠢᠭ ᠠᠷᠠᠳ ᠤᠨ ᠵᠢᠭᠠᠰᠤ ᠤᠰᠤᠨ ᠤ ᠬᠠᠷᠢᠴᠠᠭ᠎ᠠ ᠶᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠦᠪᠦᠷ ᠮᠤᠩᠭᠤᠯ ‍ᠤᠨ‌ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠦᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号