ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠨᠠᠮ ᠤᠨ ᠭᠠᠳᠠᠨᠠᠬᠢ ᠬᠥᠮᠥᠰ ᠤᠨ ᠶᠠᠷᠢᠯᠴᠠᠬᠤ ᠬᠤᠷᠠᠯ ᠬᠤᠷᠠᠯᠳᠤᠭᠤᠯᠪᠠ ᠰᠦᠨ ᠱᠤᠤ ᠴᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2024/8/3
   7 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠨᠠᠮ ᠤᠨ ᠭᠠᠳᠠᠨᠠᠬᠢ ᠬᠥᠮᠥᠰ ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠠᠨᠠᠯ ᠤᠨ ᠲᠤᠬᠠᠢ ᠡᠯ᠎ᠡ ᠠᠷᠠᠳᠴᠢᠯᠠᠭᠰᠠᠨ ᠨᠠᠮ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠨᠠᠮ ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠬᠤᠷᠢᠶᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃    ᠶᠠᠷᠢᠯᠴᠠᠬᠤ ᠬᠤᠷᠠᠯ ᠳᠡᠭᠡᠷ᠎ᠡ᠂ ᠳᠤᠮᠳᠠᠳᠤ ᠤᠯᠤᠰ ᠤᠨ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠲᠤᠰᠬᠠᠢ ᠲᠤᠰᠢᠶᠠᠯᠲᠤ ᠳᠡᠳ᠋ ᠡᠷᠭᠢᠯᠡᠭᠴᠢ ᠭᠡᠰᠢᠭᠦᠨ ᠬᠤᠩ ᠳ᠋ᠦᠩ ᠮᠧᠢ᠂ ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠤᠭ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠡᠷᠭᠢᠯᠡᠭᠴᠢ ᠭᠡᠰᠢᠭᠦᠨ ᠵᠤᠤ ᠵᠢᠢ᠂ ᠳᠤᠮᠳᠠᠳᠤ ᠤᠯᠤᠰ ᠤᠨ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠡᠷᠭᠢᠯᠡᠭᠴᠢ ᠭᠡᠰᠢᠭᠦᠨ ᠶᠢᠨ ᠵᠤᠸᠠᠩ᠂ ᠳᠤᠮᠳᠠᠳᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠡᠷᠭᠢᠯᠡᠭᠴᠢ ᠭᠡᠰᠢᠭᠦᠨ ᠰᠦᠨ ᠵᠢᠶᠦ᠋ᠨ ᠴᠢᠩ᠂ ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠡᠷᠭᠢᠯᠡᠭᠴᠢ ᠭᠡᠰᠢᠭᠦᠨ ᠶᠦᠨ ᡁᠢ ᠾᠧᠦ᠂ ︽9 · 3︾ ᠤ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠡᠷᠭᠢᠯᠡᠭᠴᠢ ᠭᠡᠰᠢᠭᠦᠨ ᠢᠦᠢ ᠷᠧᠨ ᠵᠢᠶᠧ᠂ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠲᠡᠷᠢᠭᠦᠯᠡᠭᠴᠢ ᠠᠨ ᠷᠦᠨ ᠱᠧᠩ᠂ ᠳᠤᠮᠳᠠᠳᠤ ᠤᠯᠤᠰ ᠤᠨ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠳᠡᠳ᠋ ᠡᠷᠭᠢᠯᠡᠭᠴᠢ ᠭᠡᠰᠢᠭᠦᠨ ᠮᠥᠩᠬᠡᠴᠢᠯᠠᠭᠤ᠂ ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠤᠭ᠎ᠠ ᠶᠢᠨ ᠭᠡᠰᠢᠭᠦᠨ ᠵᠤᠤ ᠶᠦᠨ ᠫᠢᠩ᠂ ᠨᠠᠮ ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢ ᠵᠠᠩ ᠯᠢ ᠸᠧᠨ ᠤᠷᠢᠳ ᠬᠤᠵᠢᠳ ᠦᠭᠡ ᠬᠡᠯᠡᠪᠡ᠃ ᠣᠯᠠᠨ ᠢᠶᠠᠷ ᠢᠶᠠᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠠᠨᠠᠯ ᠤᠨ ᠨᠣᠣᠷᠠᠭ ᠢ ᠪᠦᠷᠢᠮᠦᠰᠦᠨ ᠵᠥᠪᠰᠢᠶᠡᠷᠡᠵᠦ ᠪᠠᠶᠢᠬᠤ ᠪᠠᠨ ᠢᠯᠡᠳᠬᠡᠭᠰᠡᠨ ᠪᠥᠭᠡᠳ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠰᠠᠨᠠᠯ ᠰᠠᠨᠠᠭᠤᠯᠭ᠎ᠠ ᠳᠤᠷᠠᠳᠴᠠᠢ᠃ ᠣᠯᠠᠨ ᠤ ᠬᠡᠯᠡᠬᠦ ᠶᠢ ᠰᠣᠨᠣᠰᠤᠭᠰᠠᠨ ᠤ ᠳᠠᠷᠠᠭ᠎ᠠ ᠰᠦᠨ ᠱᠤᠤ ᠴᠧᠩ᠂ ᠣᠯᠠᠨ ᠤ ᠳᠤᠷᠠᠳᠤᠭᠰᠠᠨ ᠰᠠᠨᠠᠯ ᠰᠠᠨᠠᠭᠤᠯᠭ᠎ᠠ ᠴᠥᠮ ᠮᠠᠰᠢ ᠰᠠᠶᠢᠨ ᠪᠠᠶᠢᠨ᠎ᠠ᠂ ᠪᠢᠳᠡ ᠨᠠᠷᠢᠨ ᠬᠢᠨᠠᠮᠠᠭᠠᠢ ᠰᠤᠳᠤᠯᠤᠨ ᠡᠮᠬᠢᠯᠡᠵᠦ᠂ ᠭᠦᠢᠴᠡᠳ ᠰᠢᠩᠭᠡᠬᠡᠨ ᠠᠪᠤᠨ᠎ᠠ ᠭᠡᠵᠦ ᠬᠡᠯᠡᠪᠡ᠃    ᠰᠦᠨ ᠱᠤᠤ ᠴᠧᠩ᠂ ᠣᠶᠢᠷ᠎ᠠ ᠶᠢᠨ ᠬᠤᠶᠠᠷ ᠵᠢᠯ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠶᠢ ᠬᠦᠯᠢᠶᠡᠰᠦᠯᠡᠵᠦ ᠪᠠᠶᠢᠭᠰᠠᠨ ᠦᠵᠡᠯ ᠰᠠᠨᠠᠭ᠎ᠠ ᠣᠶᠢᠯᠠᠭᠠᠭᠳᠠᠬᠤᠨ ᠪᠣᠯᠣᠨ ᠬᠠᠭᠤᠴᠢᠨ ᠳᠦᠷᠢᠮ ᠵᠤᠷᠰᠢᠯ ᠢ ᠡᠪᠳᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠯᠢ ᠤᠯᠠᠨ ᠠᠷᠭ᠎ᠠ ᠬᠡᠮᠵᠢᠶ᠎ᠡ ᠠᠪᠴᠤ᠂ ᠪᠦᠭᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠠᠶᠢᠨ ᠰᠠᠶᠢᠬᠠᠨ ᠪᠠᠶᠢᠳᠠᠯ ᠢᠯᠡᠷᠡᠵᠡᠢ᠃ ᠣᠯᠠᠨ ᠢᠶᠠᠷ ᠢᠶᠠᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠪᠤᠳᠤᠯ ᠢᠶᠠᠨ ᠴᠢᠩᠭᠠᠳᠬᠠᠵᠤ᠂ ᠥᠩᠭᠡᠷᠡᠭᠰᠡᠨ ᠲᠠᠢ ᠪᠠᠨ ᠠᠳᠠᠯᠢ ᠪᠠᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢ ᠬᠠᠪᠰᠤᠷᠤᠨ ᠥᠭᠡᠷᠡᠴᠢᠯᠡᠯᠲᠡ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠥᠪᠥᠷ ᠮᠣᠩᠭᠤᠯ ᠤᠨ ᠥᠭᠡᠷᠡᠴᠢᠯᠡᠯᠲᠡ ᠨᠡᠭᠡᠭᠡᠯᠲᠡ ᠪᠠ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠢ ᠬᠠᠮᠲᠤ ᠪᠠᠷ ᠤᠷᠤᠭᠰᠢ ᠠᠬᠢᠭᠤᠯᠬᠤ ᠶᠢ ᠬᠦᠰᠡᠵᠦ ᠪᠠᠶᠢᠨ᠎ᠠ ᠭᠡᠪᠡ᠃    ᠰᠦᠨ ᠱᠤᠤ ᠴᠧᠩ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠣᠯᠣᠨ ᠨᠠᠮ ᠪᠦᠯᠦᠭ ᠤᠨ ᠪᠤᠰᠤ ᠬᠥᠮᠥᠰ ᠲᠤ 3 ᠲᠠᠯ᠎ᠠ ᠶᠢᠨ ᠬᠦᠰᠡᠯ ᠨᠠᠶᠢᠳᠠᠯᠭ᠎ᠠ ᠳᠤᠷᠠᠳᠪᠠ᠃ ᠨᠢᠭᠡ ᠳᠤ᠂ ᠥᠭᠡᠷᠡᠴᠢᠯᠡᠯᠲᠡ ᠶᠢᠨ ᠲᠥᠯᠥᠭᠡ ᠢᠯᠡᠭᠦᠬᠡᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠤᠯᠭᠠᠵᠤ᠂ ᠥᠷᠭᠡᠨ ᠤᠯᠠᠨ ᠪᠦᠷᠢᠯᠳᠦᠭᠦᠨ ᠪᠠ ᠬᠠᠷᠢᠯᠴᠠᠵᠤ ᠪᠠᠶᠢᠭ᠎ᠠ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠬᠦ ᠬᠡᠷᠡᠭᠲᠡᠢ᠃ ᠬᠤᠶᠠᠷ ᠲᠤ ᠂ ᠥᠭᠡᠷᠡᠴᠢᠯᠡᠯᠲᠡ ᠳᠤ ᠢᠯᠡᠭᠦᠬᠡᠨ ᠠᠷᠭ᠎ᠠ ᠤᠬᠠᠭᠠᠨ ᠭᠠᠷᠭᠠᠵᠤ ᠬᠦᠴᠦᠨ ᠴᠢᠳᠠᠯ ᠢᠶᠠᠨ ᠡᠷᠭᠦᠵᠦ᠂ ᠥᠪᠥᠷ ᠮᠣᠩᠭᠤᠯ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠦᠭᠵᠢᠷᠡᠯ ᠴᠡᠭ ᠬᠦᠴᠢᠷᠳᠡᠯ ᠴᠡᠭ ᠲᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠴᠠᠭᠠᠨ ᠰᠤᠳᠤᠯᠤᠯᠲᠠ ᠶᠢ ᠭᠦᠨᠵᠡᠭᠡᠢ ᠥᠷᠨᠢᠭᠦᠯᠵᠦ᠂ ᠪᠠᠶᠢᠭᠤᠯᠤᠯ ᠲᠣᠭᠲᠠᠴᠠ ᠶᠢᠨ ᠲᠠᠯ᠎ᠠ ᠪᠠᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠳᠤ ᠢᠯᠡᠭᠦᠬᠡᠨ ᠠᠷᠭ᠎ᠠ ᠤᠬᠠᠭᠠᠨ ᠭᠠᠷᠭᠠᠵᠤ ᠥᠭᠬᠦ ᠬᠡᠷᠡᠭᠲᠡᠢ᠃ ᠭᠤᠷᠪᠠ ᠳᠤ᠂ ᠥᠭᠡᠷᠡᠴᠢᠯᠡᠯᠲᠡ ᠳᠤ ᠢᠯᠡᠭᠦᠬᠡᠨ ᠬᠦᠴᠦ ᠨᠡᠮᠡᠷᠢᠯᠡᠵᠦ᠂ ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠬᠢᠨᠠᠯᠲᠠ ᠲᠠᠯᠪᠢᠵᠤ᠂ ᠪᠣᠳᠠᠲᠤ ᠪᠠᠶᠢᠳᠠᠯ ᠢ ᠢᠯᠡᠭᠦᠬᠡᠨ ᠪᠠᠶᠢᠴᠠᠭᠠᠨ᠂ ᠢᠳᠬᠠᠯ ᠰᠠᠨᠠᠭᠤᠯᠭ᠎ᠠ ᠢᠯᠡᠭᠦᠬᠡᠨ ᠳᠤᠷᠠᠳᠬᠤ ᠬᠡᠷᠡᠭᠲᠡᠢ᠃ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠢᠨ ᠰᠠᠶᠢᠲᠤᠷ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ︽ᠲᠥᠷᠬᠦᠮ ᠤᠨ ᠬᠥᠮᠥᠨ ︾ ᠪᠣᠯᠵᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠴᠢᠩᠭᠠᠳᠬᠠᠨ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠥᠷᠭᠡᠨ ᠣᠯᠠᠨ ᠠᠵᠤ ᠠᠬᠤᠶᠢᠯᠠᠯ ᠤᠨ ᠪᠡᠯᠡ ᠣᠷᠣᠭᠤᠯᠵᠤ ᠦᠢᠯᠡᠰ ᠪᠣᠰᠬᠠᠬᠤ ᠳᠤ ᠨᠠᠩ ᠢᠲᠡᠭᠡᠯ ᠵᠣᠷᠢᠭ ᠲᠠᠢ ᠪᠤᠯᠭᠠᠬᠤ ᠬᠡᠷᠡᠭᠲᠡᠢ ᠭᠡᠪᠡ᠃    ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠤᠸᠠᠩ ᡁᠢ ᠴᠢᠶᠠᠩ᠂ ᠬᠦᠦᠳᠠᠭᠤᠯᠠ᠂ ᠢᠦᠢ ᠯᠢ ᠰᠢᠨ ᠶᠠᠷᠢᠯᠴᠠᠬᠤ ᠬᠤᠷᠠᠯ ᠳᠤ ᠣᠷᠣᠯᠴᠠᠵᠠᠢ᠃
 
ᠢᠷᠡᠯᠲᠡ᠄ ᠦᠪᠦᠷ ᠮᠤᠩᠭᠤᠯ ‍ᠤᠨ‌ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠦᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号