ᠲᠦᠴᠢᠦᠸᠠᠨ ᠰᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ︽ᠰᠢᠨ᠎ᠡ ᠬᠦᠴᠦᠨ ᠢ ᠨᠢᠭᠲᠠᠷᠠᠭᠤᠯᠵᠤ ᠰᠢᠨ᠎ᠡ ᠴᠠᠭ ᠦᠶ᠎ᠡ ᠶᠢ ᠲᠡᠷᠭᠡᠯᠰᠢᠭᠦᠯᠬᠦ︾ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠠᠶᠠᠷᠯᠠᠨ ᠤᠭᠲᠤᠬᠤ ᠤᠷᠠᠨ ᠰᠠᠶᠢᠬᠠᠨ ᠤ ᠲᠣᠭᠯᠠᠯᠲᠠ ᠡᠷᠭᠢᠯᠡᠪᠡ
ᠨᠡᠶᠢᠲᠡᠯᠡᠭᠰᠡᠨ ᠴᠠᠭ᠄
2024/8/3
   ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠵᠦ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠶᠢᠨ ᠲᠥᠯᠥᠭᠡ᠃ ᠤᠢᠢᠷ᠎ᠠ ᠳᠤ᠂ ᠲᠦᠴᠢᠦᠸᠠᠨ ᠰᠢᠶᠠᠨ ᠤ ᠰᠢᠨ᠎ᠡ ᠨᠡᠶᠢᠭᠡᠮ ᠤᠨ ᠳᠠᠪᠬᠤᠷᠭ᠎ᠠ ᠶᠢᠨ ᠬᠥᠮᠦᠰ ᠤᠨ ᠨᠥᠬᠦᠷᠯᠡᠯ ᠤᠨ ᠬᠤᠯᠪᠣᠭ᠎ᠠ᠂ ᠲᠦᠴᠢᠦᠸᠠᠨ ᠰᠢᠶᠠᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠠᠬᠢᠭᠤᠯᠬᠤ ᠬᠤᠷᠠᠯ᠂ ᠤᠯᠤᠰ ᠲᠦᠷᠦ ᠶᠢᠨ ᠵᠥᠪᠯᠡᠯᠭᠡᠨ ᠤ ᠲᠦᠴᠢᠦᠸᠠᠨ ᠰᠢᠶᠠᠨ ᠤ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠲᠡᠭᠡᠳ ᠢᠯᠭᠠᠯ᠂ ᠤᠯᠤᠰ ᠲᠦᠷᠦ ᠶᠢᠨ ᠵᠥᠪᠯᠡᠯᠭᠡᠨ ᠤ ᠲᠦᠴᠢᠦᠸᠠᠨ ᠰᠢᠶᠠᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠡᠲᠡᠭᠡᠳ ᠢᠯᠭᠠᠯ᠂ ᠲᠦᠴᠢᠦᠸᠠᠨ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠲᠦᠴᠢᠦᠸᠠᠨ ᠰᠢᠶᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠡᠪ ᠬᠠᠮᠲᠤ ᠵᠠᠯᠠᠭᠤᠴᠤᠳ ᠤᠨ ᠡᠪᠯᠡᠯ ᠤᠨ ᠲᠦᠴᠢᠦᠸᠠᠨ ᠰᠢᠶᠠᠨ ᠤ ᠬᠤᠷᠢᠶ᠎ᠠ᠂ ᠲᠦᠴᠢᠦᠸᠠᠨ ᠰᠢᠶᠠᠨ ᠤ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ  ᠢ ᠠᠷᠭᠠᠴᠠᠭᠠᠬᠤ ᠵᠢᠯᠣᠭᠤᠳᠬᠤ ᠲᠥᠪ ᠠᠴᠠ ᠭᠤᠣᠯᠯᠠᠨ ᠡᠷᠬᠢᠯᠡᠭᠰᠡᠨ ᠳᠤᠮᠳᠠᠳᠤ ᠶᠢᠨ ᠦᠨᠳᠦᠰᠦᠲᠡᠨ ᠤ ᠬᠠᠮᠲᠤ  ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ︽ᠰᠢᠨ᠎ᠡ ᠬᠦᠴᠦᠨ ᠢ ᠨᠢᠭᠲᠠᠷᠠᠭᠤᠯᠵᠤ ᠰᠢᠨ᠎ᠡ ᠴᠠᠭ ᠦᠶ᠎ᠡ  ᠶᠢ ᠲᠡᠷᠭᠡᠯᠰᠢᠭᠦᠯᠬᠦ︾ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ  ᠶᠢ ᠪᠠᠶᠠᠷᠯᠠᠨ ᠤᠭᠲᠤᠬᠤ ᠤᠷᠠᠨ ᠰᠠᠶᠢᠨ ᠤ ᠲᠤᠭᠯᠠᠯᠳᠠ ᠲᠦᠴᠢᠤᠸᠠᠨ ᠰᠢᠶᠠᠨ ᠤ ᠯᠢ ᠴᠢᠤᠸᠠᠨ ᠲᠠᠯᠠᠪᠠᠢ ᠳᠤ ᠶᠠᠪᠤᠭᠳᠠᠪᠠ᠃
   ᠠᠵᠢᠯᠯᠠᠭ᠎ᠠ ᠶᠢᠨ ᠳᠤᠮᠳᠠ᠂ ᠬᠡᠦᠬᠡᠳ ᠤᠳ ᠦᠨᠳᠦᠰᠦᠲᠡᠨ ᠤ ᠬᠤᠪᠴᠠᠰᠤ ᠵᠠᠰᠠᠯ ᠢ ᠡᠮᠦᠰᠴᠦ᠂ ᠴᠣᠪᠣᠭᠤ ᠳᠡᠭᠵᠢᠨ᠂ ᠠᠮᠢᠳᠤᠯᠢᠭ ᠴᠣᠪᠣᠭᠤᠯᠢᠭ᠂ ᠭᠤᠶᠣ ᠰᠠᠶᠢᠬᠠᠨ ᠪᠥᠵᠢᠭ ᠤᠨ ᠳᠦᠷᠢ ᠲᠥᠷᠬᠦ ᠪᠠᠷ ᠦᠨᠳᠦᠰᠦᠲᠡᠨ  ᠨᠦᠭᠦᠳ ᠤᠨ ᠪᠦᠯᠬᠦᠮᠳᠡᠨ ᠲᠡᠮᠡᠴᠡᠵᠦ᠂ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠶᠴᠡᠳ ᠢᠯᠡᠷᠡᠭᠦᠯᠵᠦ᠂ ᠨᠠᠮ ᠪᠠ ᠡᠬᠡ ᠤᠯᠤᠰ ᠢᠶᠠᠨ ᠬᠠᠶᠢᠷᠠᠯᠠᠬᠤ ᠰᠡᠳᠬᠢᠯᠭᠡ ᠪᠠᠨ ᠠᠭᠤᠵᠢᠷᠠᠲᠠᠯ᠎ᠠ ᠢᠯᠡᠳᠬᠡᠪᠡ᠃ ᠳᠠᠭᠤᠤ ︽ᠲᠠᠯ᠎ᠠ ᠨᠤᠲᠤᠭ ᠤᠨ ᠳᠠᠭᠤᠤ ᠶᠢ ᠳᠠᠭᠤᠯᠠᠶ᠎ᠠ︾᠂ ᠪᠥᠵᠢᠭ ︽ᠭᠠᠩᠭᠠᠩ︾ ᠵᠡᠷᠭᠡ ᠲᠣᠭᠯᠠᠯᠲᠠ ᠨᠢ ᠳᠤᠮᠳᠠᠳᠤ ᠶᠢᠨ ᠦᠨᠳᠦᠰᠦᠲᠡᠨ ᠤ ᠴᠢᠰᠤ ᠮᠢᠬᠠᠨ ᠤ ᠪᠠᠷᠢᠯᠳᠤᠯᠭ᠎ᠠ᠂ ᠣᠶᠤᠨ ᠰᠠᠨᠠᠭ᠎ᠠ ᠬᠠᠷᠢᠯᠴᠠᠨ ᠲᠦᠰᠢᠯᠴᠡᠭᠰᠡᠨ ᠴᠢᠩ ᠦᠨᠡᠨᠴᠢ ᠬᠠᠶᠢᠷ᠎ᠠ ᠰᠡᠳᠬᠢᠯᠭᠡ ᠶᠢ ᠭᠦᠶᠴᠡᠳ ᠳᠠᠮᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠨᠢᠭᠡ ᠬᠡᠷ  ᠤᠨ ᠬᠥᠮᠦᠨ ᠮᠡᠲᠦ ᠳᠣᠲᠣᠨᠣ ᠰᠠᠶᠢᠨ ᠰᠠᠶᠢᠬᠠᠨ ᠵᠢᠷᠤᠭ ᠢ ᠵᠢᠷᠤᠭᠯᠠᠪᠠ᠃
   ᠬᠢᠴᠢᠶᠡᠯᠲᠦ ᠵᠦᠴᠦᠭᠡ ︽ᠪᠢᠴᠢᠬᠠᠨ ᠪᠠᠭᠠᠲᠤᠷ ᠸᠠᠩ ᠡᠯ ᠰᠢᠶᠣᠣ︾ ᠨᠢ ᠠᠬᠤᠶ ᠲᠠᠯᠠᠪᠠᠶ ᠶᠢ ᠣᠷᠭᠢᠯ ᠳᠤᠨᠢ ᠬᠦᠷᠭᠡᠵᠦ᠂ ᠪᠢᠴᠢᠬᠠᠨ ᠲᠣᠭᠯᠠᠭᠴᠢ ᠪᠠ ᠦᠵᠡᠭᠴᠢᠳ ᠲᠤ ᠮᠠᠭᠲᠠᠨ ᠳᠠᠭᠤᠯᠠᠭᠤᠰᠢᠲᠠᠶ ᠲᠡᠦᠬᠡ ᠶᠢ ᠮᠡᠳᠡᠷᠡᠭᠦᠯᠵᠦ᠂ ᠪᠠᠭᠠᠲᠤᠷᠴᠤᠳ ᠤᠨ ᠵᠣᠷᠢᠭ ᠰᠠᠨᠠᠭ᠎ᠠ ᠪᠠ ᠬᠦᠴᠦᠨ ᠴᠢᠳᠠᠯ ᠢ ᠮᠡᠳᠡᠷᠡᠭᠦᠯᠪᠡ᠃    ︽ᠡᠨᠡ ᠵᠤᠨ ᠤ ᠠᠮᠠᠷᠠᠯᠲᠠ ᠳᠤ᠂ ᠪᠢ ᠬᠤᠪᠢᠰᠬᠠᠯ ᠤᠨ ᠰᠡᠳᠦᠪᠲᠦ ᠵᠦᠴᠦᠭᠡ ᠪᠢᠴᠢᠬᠠᠨ ᠪᠠᠭᠠᠲᠤᠷ ᠸᠠᠩ ᠡᠯ ᠰᠢᠶᠤᠤ ᠶᠢᠨ ᠪᠣᠯᠪᠠᠰᠤᠷᠠᠯ ᠳᠤ ᠣᠷᠣᠯᠴᠠᠵᠤ᠂ ᠨᠠᠳᠠ ᠳᠤ ᠮᠠᠰᠢ ᠶᠡᠭᠡ ᠣᠯᠤᠯᠲᠠ ᠲᠠᠢ ᠪᠣᠯᠵᠠᠢ᠂ ᠪᠢ ᠸᠠᠩ ᠡᠯ ᠰᠢᠶᠤᠤ ᠶᠢᠨ ᠵᠣᠷᠢᠭ ᠰᠠᠨᠠᠭ᠎ᠠ ᠶᠢ ᠰᠤᠷᠤᠯᠴᠠᠵᠦ᠂ ᠰᠠᠶᠢᠲᠤᠷ ᠰᠤᠷᠤᠯᠴᠠᠵᠦ᠂ ᠲᠤᠮᠤ ᠪᠣᠯᠤᠭᠰᠠᠨ ᠤ ᠲᠠᠷᠠᠭ᠎ᠠ ᠤᠯᠤᠰ ᠪᠣᠯᠤᠨ ᠦᠨᠳᠦᠰᠦᠲᠡᠨ ᠳᠡᠭᠡᠨ ᠬᠤᠪᠢ ᠨᠡᠮᠡᠷᠢ ᠦᠵᠡᠭᠦᠯᠦᠨ᠎ᠡ᠃︾ ᠭᠡᠵᠦ ᠰᠠᠨ ᠵᠢᠶᠧ ᠪᠠᠭ᠎ᠠ ᠰᠤᠷᠭᠠᠭᠤᠯᠢ ᠶᠢᠨ ᠰᠤᠷᠤᠭᠴᠢ ᠵᠣᠣ ᠢᠤᠢ ᠲᠦᠩ ᠬᠡᠯᠡᠪᠡ᠃
   ᠲᠠᠶᠢᠰᠠᠨ ᠳᠤ᠂ ᠭᠤᠶᠢᠳᠠ ᠰᠠᠶᠢᠬᠠᠨ ᠲᠣᠭᠯᠠᠯᠲᠠ ᠨᠢ ᠳᠤᠮᠳᠠᠳᠤ ᠶᠢᠨ ᠦᠨᠳᠦᠰᠦᠲᠡᠨ ᠤ ᠭᠡᠷᠡᠯ ᠰᠠᠴᠤᠷᠠᠩᠭᠤᠢ ᠰᠣᠶᠣᠯ ᠤᠨ ᠬᠠᠭᠤᠳᠠᠰᠤ ᠶᠢ ᠪᠢᠴᠢᠭᠯᠡᠪᠡ︔ ᠲᠠᠶᠢᠰᠠᠨ ᠤ ᠳᠣᠣᠷ᠎ᠠ᠂ ᠪᠠᠶᠠᠷ ᠬᠦᠷ ᠲᠠᠢ ᠢᠨᠢᠶᠡᠮᠰᠦᠭᠯᠡᠭᠰᠡᠨ ᠴᠢᠷᠠᠢ  ᠪᠠᠷ ᠳᠤᠮᠳᠠᠳᠤ ᠶᠢᠨ ᠦᠨᠳᠦᠰᠦᠲᠡᠨ ᠤ ᠶᠡᠭᠡ ᠬᠡᠷ ᠪᠦᠯᠢ ᠶᠢᠨ ᠨᠢᠭᠡ ᠲᠠᠩᠬᠢᠮ ᠳᠤ ᠬᠤᠷᠠᠨ ᠴᠤᠭᠯᠠᠷᠠᠭᠰᠠᠨ ᠬᠥᠮᠦᠰ  ᠤᠨ ᠰᠡᠳᠬᠢᠯ ᠢ ᠬᠥᠳᠡᠯᠭᠡᠮ᠎ᠡ ᠦᠵᠡᠭᠳᠡᠯ ᠪᠦᠷᠢᠯᠳᠦᠪᠡ᠃    ︽ᠥᠨᠥᠳᠦᠷ ᠤᠨ ᠲᠣᠭᠯᠠᠯᠲᠠ ᠪᠦᠷ ᠲᠤᠩ ᠭᠤᠶᠢᠳᠠ ᠰᠠᠶᠢᠬᠠᠨ᠂ ᠳᠠᠭᠤᠤ ᠳᠠᠭᠤᠯᠠᠬᠤ ᠪᠥᠵᠢᠭ ᠪᠥᠵᠢᠭᠯᠡᠬᠦ᠂ ᠪᠠᠰᠠ ᠬᠤᠪᠢᠰᠬᠠᠯᠳᠤ ᠬᠢᠴᠢᠶᠡᠯ ᠤᠨ ᠵᠦᠴᠦᠭᠡ ᠪᠠᠶᠢᠨ᠎ᠠ᠂ ᠪᠢᠴᠢᠬᠠᠨ ᠲᠣᠭᠯᠠᠭᠴᠢᠳ ᠪᠦᠷ ᠲᠤᠩ ᠰᠠᠶᠢᠨ ᠲᠣᠭᠯᠠᠵᠤ ᠂ ᠪᠦᠷ ᠴᠤᠭ ᠪᠠᠳᠠᠷᠠᠩᠭᠤᠢ᠂ ᠰᠡᠭᠦᠯᠡᠷ ᠡᠶᠢᠮᠦ ᠬᠥᠳᠡᠯᠭᠡᠭᠡᠨ ᠤᠯᠠᠨ ᠡᠷᠬᠢᠯᠡᠬᠦ ᠶᠢ ᠬᠦᠰᠡᠨ᠎ᠡ᠃︾ ᠭᠡᠵᠦ ᠦᠵᠡᠭᠴᠢ ᠯᠦ ᠰᠢᠨ ᠬᠡᠯᠡᠨ᠎ᠡ᠃
   ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠳᠤ ᠪᠥᠬᠦ ᠰᠢᠶᠠᠨ ᠤ ᠡᠯ᠎ᠡ ᠬᠡᠦᠬᠡᠳ ᠤᠨ ᠴᠡᠴᠡᠷᠯᠢᠭ᠂ ᠪᠠᠭ᠎ᠠ ᠰᠤᠷᠭᠠᠭᠤᠯᠢ ᠶᠢᠨ 100 ᠰᠢᠬᠠᠮ ᠪᠢᠴᠢᠬᠠᠨ ᠲᠣᠭᠯᠠᠭᠴᠢ ᠣᠷᠣᠯᠴᠠᠵᠤ᠂ ᠵᠠᠯᠠᠭᠤᠴᠤᠳ ᠪᠠᠭᠠᠴᠤᠳ ᠤᠨ ᠵᠣᠨ ᠤ ᠠᠮᠠᠷᠠᠯᠲᠠ ᠶᠢᠨ ᠬᠤᠭᠤᠴᠠᠭᠠᠨ ᠤ ᠨᠡᠶᠢᠭᠡᠮ ᠤᠨ ᠰᠣᠶᠣᠯ ᠤᠨ ᠦᠶᠯᠡᠳᠦᠯᠭᠡ ᠶᠢᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠵᠠᠯᠠᠭᠤᠴᠤᠳ ᠪᠠᠭᠠᠴᠤᠳ ᠢ ᠠᠮᠤᠷ ᠲᠦᠪᠰᠢᠨ᠂ ᠡᠷᠡᠭᠦᠯ ᠮᠡᠨᠳᠦ᠂ ᠤᠳᠬ᠎ᠠ ᠠᠭᠤᠯᠭ᠎ᠠ ᠲᠠᠢ ᠠᠮᠠᠷᠠᠯᠲᠠ ᠶᠢᠨ ᠬᠤᠭᠤᠴᠠᠭ᠎ᠠ ᠥᠩᠭᠡᠷᠡᠭᠦᠯᠵᠦ᠂ ᠵᠠᠯᠠᠭᠤᠴᠤᠳ ᠪᠠᠭᠠᠴᠤᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠳᠤᠮᠳᠠ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠬᠥᠲᠥᠯᠥᠨ ᠵᠢᠯᠣᠭᠤᠳᠪᠠ᠃
   ︽ᠲᠠᠷᠠᠭᠠᠴᠢ ᠶᠢᠨ ᠠᠯᠬᠤᠮ ᠳᠤ᠂ ᠪᠢᠳᠡ ᠵᠠᠯᠠᠭᠤᠴᠤᠳ ᠪᠠᠭᠠᠴᠤᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠤᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠣᠷᠴᠢᠨ ᠲᠣᠭᠤᠷᠢᠨ ᠢᠶᠠᠷ ᠬᠥᠮᠦᠨ ᠢ ᠬᠥᠮᠦᠵᠢᠭᠦᠯᠬᠦ᠂ ᠬᠢᠴᠢᠶᠡᠯ ᠢᠶᠠᠷ ᠬᠥᠮᠦᠨ ᠢ ᠬᠥᠮᠦᠵᠢᠭᠦᠯᠬᠦ ᠂ ᠠᠵᠢᠯᠯᠠᠭ᠎ᠠ ᠪᠠᠷ ᠬᠥᠮᠦᠨ ᠢ ᠬᠥᠮᠦᠵᠢᠭᠦᠯᠬᠦ᠂ ᠦᠶᠯᠡᠳᠦᠯᠭᠡ ᠪᠠᠷ ᠬᠥᠮᠦᠨ ᠢ ᠬᠥᠮᠦᠵᠢᠭᠦᠯᠬᠦ ᠠᠷᠭ᠎ᠠ ᠬᠡᠯᠪᠡᠷᠢ ᠪᠠᠷ ᠳᠠᠮᠵᠢᠭᠤᠯᠤᠨ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠢ ᠬᠥᠲᠥᠯᠥᠨ ᠵᠢᠯᠣᠭᠤᠳᠴᠤ ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠥᠬᠡᠶ ᠪᠠᠲᠤ ᠪᠠᠬᠢ ᠪᠣᠶ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠴᠡᠴᠡᠭ ᠢ ᠵᠠᠯᠠᠭᠤᠴᠤᠳ ᠪᠠᠭᠠᠴᠤᠳ ᠤᠨ ᠰᠡᠳᠬᠢᠯ ᠳᠤ ᠥᠨᠢᠳᠡ ᠳᠡᠯᠭᠡᠷᠡᠭᠦᠯᠦᠨ᠎ᠡ᠃︾ ᠭᠡᠵᠦ ᠡᠪ ᠬᠠᠮᠲᠤ ᠵᠠᠯᠠᠭᠤᠴᠤᠳ ᠤᠨ ᠡᠪᠯᠡᠯ ᠤᠨ ᠲᠦᠴᠢᠦᠸᠠᠨ ᠰᠢᠶᠠᠨ ᠤ ᠬᠤᠷᠢᠶᠠᠨ ᠤ ᠱᠦᠵᠢ ᠫᠠᠨ ᠰᠢᠨ ᠬᠡᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号