ᠨᠠᠨ ᠰᠢᠶᠠᠩ ᠬᠤᠲᠠ ᠶᠢᠨ ᠨᠣᠭᠤᠭ᠎ᠠ ᠶᠢᠨ ᠬᠦᠷᠢᠶᠡᠯᠡᠩ ᠨᠢ ᠣᠯᠠᠨ ᠲᠦᠮᠡᠨ ᠤ ᠪᠠᠰᠠ ᠨᠢᠭᠡᠨ ᠵᠢᠭᠤᠯᠴᠢᠯᠠᠯ ᠤᠨ ᠭᠠᠵᠠᠷ ᠪᠣᠯᠪᠠ
ᠨᠡᠶᠢᠲᠡᠯᠡᠭᠰᠡᠨ ᠴᠠᠭ᠄
2024/8/3
   ᠣᠶᠢᠷ᠎ᠠ ᠳᠤ᠂ ᠬᠤᠲᠠ ᠶᠢᠨ ᠠᠷᠠᠳ ᠤᠨ ᠬᠦᠰᠡᠨ ᠬᠦᠯᠢᠶᠡᠵᠦ ᠤᠳᠠᠭᠰᠠᠨ ᠲᠦᠴᠢᠦᠸᠠᠨ ᠪᠠᠯᠭᠠᠰᠤᠨ ᠤ ᠨᠠᠨ ᠰᠢᠶᠠᠩ ᠬᠤᠲᠠ ᠶᠢᠨ ᠨᠣᠭᠤᠭ᠎ᠠ ᠶᠢᠨ ᠬᠦᠷᠢᠶᠡᠯᠡᠩ ᠵᠢᠩᠬᠢᠨᠢ ᠪᠠᠷ ᠭᠠᠳᠠᠭᠰᠢ ᠨᠡᠭᠡᠭᠡᠯᠲᠡ ᠬᠢᠵᠡᠶ᠃ ᠲᠠᠪᠤᠨ ᠥᠩᠭᠡᠲᠦ ᠤᠷᠳᠤ ᠬᠤᠩᠬᠢᠯ᠂ ᠭᠠᠯᠲᠤ ᠲᠡᠷᠭᠡᠨ ᠤ ᠬᠤᠭᠤᠯᠠᠨ ᠲᠢᠩᠬᠢᠮ᠂ ᠬᠡᠦᠬᠡᠳ ᠤᠨ ᠵᠤᠭ᠎ᠠ ᠴᠡᠩᠭᠡᠯ ᠤᠨ ᠬᠦᠷᠢᠶᠡᠯᠡᠩ᠂ ᠲᠠᠷᠢᠶᠠᠯᠠᠩ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠣᠭᠤᠷᠢᠨ ᠦᠵᠡᠬᠦ ᠬᠦᠷᠢᠶᠡᠯᠡᠩ…… ᠨᠢᠭᠡ ᠠᠯᠬᠤᠮ ᠨᠢᠭᠡ ᠦᠵᠡᠮᠵᠢ ᠨᠢ ᠤᠯᠠᠨ ᠲᠦᠮᠡᠨ ᠤ ᠰᠣᠨᠢᠷᠬᠠᠯ ᠢ ᠲᠠᠲᠠᠪᠠ᠃
   ᠲᠠᠷᠢᠶᠠᠯᠠᠩ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠦᠷᠢᠶᠡᠯᠡᠩ ᠳᠤ᠂ ᠵᠣᠨ ᠤ ᠠᠮᠠᠷᠠᠯᠲᠠ ᠶᠢᠨ ᠬᠤᠭᠤᠴᠠᠭᠠᠨ ᠳᠠᠬᠢ ᠬᠡᠦᠬᠡᠳ ᠪᠠ ᠬᠡᠷ ᠤᠨ ᠠᠬᠠᠮᠠᠳ ᠲᠠᠶᠢᠯᠪᠤᠷᠢᠯᠠᠭᠴᠢ ᠶᠢᠨ ᠳᠠᠭᠠᠭᠤᠯᠭ᠎ᠠ ᠳᠣᠤᠷ᠎ᠠ᠂ ᠰᠢᠪᠠᠷ ᠰᠢᠷᠣᠶ ᠶᠢᠨ ᠠᠩᠬᠢᠯᠤᠮ᠎ᠠ ᠦᠨᠦᠷ᠂ ᠲᠠᠷᠢᠶᠠᠨ ᠭᠠᠵᠠᠷ ᠤᠨ ᠰᠦᠷᠯᠢᠭ ᠰᠠᠶᠢᠬᠠᠨ᠂ ᠣᠷᠭᠠᠨᠢᠭ ᠢᠳᠡᠰᠢᠨ ᠨᠣᠭᠤᠭ᠎ᠠ  ᠶᠢᠨ ᠠᠩᠬᠢᠯᠤᠮ᠎ᠠ ᠦᠨᠦᠷ ᠢ ᠬᠠᠮᠲᠤ ᠪᠠᠷ ᠮᠡᠳᠡᠷᠡᠵᠦ ᠪᠠᠶᠢᠨ᠎ᠠ᠃    ︽ᠪᠢ ᠥᠨᠥᠳᠦᠷ ᠨᠤᠭᠤᠭ᠎ᠠ ᠶᠢᠨ ᠬᠦᠷᠢᠶᠡᠯᠡᠩ ᠠᠴᠠ ᠱᠠᠪᠲᠠᠯ᠎ᠠ ᠲᠡᠭᠦᠵᠦ᠂ ᠰᠢᠶᠤᠤ ᠮᠢ ᠶᠢᠨ ᠪᠢᠴᠢᠭ ᠤᠨ ᠶᠢᠨ ᠨᠡᠷ᠎ᠡ ᠨᠢ ᠨᠠᠷᠢᠮᠤ ᠪᠣᠯᠬᠤ ᠶᠢ ᠮᠡᠳᠡᠵᠡᠢ᠂ ᠪᠢ ᠪᠠᠰᠠ ᠯᠠᠵᠤᠤ ᠶᠠᠮᠠᠷ ᠶᠠᠩᠵᠤ ᠲᠠᠢ ᠪᠠᠶᠢᠬᠤ ᠶᠢ ᠮᠡᠳᠡᠵᠡᠢ᠂ ᠨᠣᠭᠤᠭᠠᠨ  ᠤ ᠬᠦᠷᠢᠶᠡᠯᠡᠩ ᠳᠤ ᠮᠠᠰᠢ ᠪᠠᠶᠠᠷᠲᠠᠢ ᠨᠠᠭᠠᠳᠴᠤ᠂ ᠮᠠᠰᠢ ᠤᠯᠠᠨ ᠮᠡᠳᠡᠯᠭᠡ ᠰᠤᠷᠴᠠᠢ᠃︾ ᠭᠡᠵᠦ ᠬᠤᠶᠠᠳᠤᠭᠠᠷ ᠣᠨ  ᠤ ᠾᠧᠦ ᠯᠢᠨ ᠶᠣᠣ ᠪᠢᠴᠢᠬᠠᠨ ᠬᠡᠤᠬᠡᠨ ᠪᠠᠶᠠᠷᠲᠠᠶ ᠬᠡᠯᠡᠨ᠎ᠡ᠃
   ᠣᠯᠠᠨ ᠲᠦᠮᠡᠨ ᠳᠤ ᠨᠠᠩ ᠰᠠᠶᠢᠨ ᠢᠶᠠᠷ ᠳᠡᠷᠭᠡᠳᠡᠬᠢ ᠰᠣᠶᠣᠯ ᠤᠨ ᠬᠦᠷᠢᠶᠡᠯᠡᠩ ᠬᠠᠩᠭᠠᠬᠤ ᠶᠢᠨ ᠲᠥᠯᠥᠭᠡ᠂ 2024 ᠣᠨ ᠳᠤ᠂ ᠲᠦᠴᠢᠦᠸᠠᠨ ᠪᠠᠯᠭᠠᠰᠤ ᠨᠠᠨ ᠰᠢᠶᠠᠩ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠦᠷᠢᠶᠡᠯᠡᠩ ᠢ ᠪᠠᠶᠢᠭᠤᠯᠵᠤ᠂ ᠲᠠᠷᠢᠶᠠᠯᠠᠩ ᠤᠨ ᠮᠡᠳᠡᠯᠭᠡ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ᠂ ᠰᠡᠯᠡᠭᠦᠴᠡᠨ ᠲᠣᠭᠤᠷᠢᠬᠤ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠶ ᠬᠦᠷᠢᠶᠡᠯᠡᠩ ᠲᠣᠭᠤᠷᠢᠭ ᠢ ᠴᠢᠷᠮᠠᠶᠢᠨ ᠪᠠᠶᠢᠭᠤᠯᠬᠤ ᠶᠢᠨ ᠬᠠᠮᠲᠤ ᠥᠪᠡᠷᠮᠢᠴᠡ ᠣᠨᠴᠠᠯᠢᠭ ᠲᠠᠢ ︽ᠭᠤᠸᠠ  ᠶᠢᠨ ᠰᠡᠭᠦᠳᠡᠷ ᠰᠡᠷᠢᠭᠦᠨ ᠰᠠᠷᠠᠪᠴᠢ︾ ᠪᠠ ᠰᠦᠯᠵᠢᠶᠡᠨ ᠬᠠᠯᠠᠮᠰᠢᠯ ᠤᠨ ᠴᠡᠴᠡᠭ ᠤᠨ ᠬᠡᠷᠡᠮ ︽ᠴᠠᠩᠬᠤᠶ ᠴᠡᠴᠡᠭ ᠭᠡᠷᠡᠯᠲᠦ ᠰᠠᠷ᠎ᠠ︾ ᠶᠢ ᠪᠠᠶᠢᠭᠤᠯᠵᠤ᠂ ᠬᠠᠷᠢᠶᠠᠲᠤ ᠣᠷᠣᠨ ᠤ ᠵᠠᠯᠠᠭᠤᠴᠤᠳ ᠪᠠᠭᠠᠴᠤᠳ ᠲᠤ ︽ᠨᠢᠳᠦᠨ ᠳᠤ ᠦᠵᠡᠭᠳᠡᠵᠦ ᠭᠠᠷ ᠲᠤ ᠪᠠᠷᠢᠭᠳᠠᠮ᠎ᠠ︾ ᠲᠠᠷᠢᠶᠠᠯᠠᠩ ᠤᠨ ᠮᠡᠳᠡᠯᠭᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠬᠠᠩᠭᠠᠪᠠ᠃    ︽ᠡᠨᠡ ᠵᠢᠯ ᠲᠦᠴᠢᠦᠸᠠᠨ ᠤ ᠡᠨᠡ ᠬᠦ ᠨᠣᠭᠤᠭ᠎ᠠ ᠶᠢᠨ ᠬᠦᠷᠢᠶᠡᠯᠡᠩ ᠢ ᠮᠠᠰᠢ ᠰᠠᠶᠢᠨ ᠪᠠᠶᠢᠭᠤᠯᠵᠤ᠂ ᠥᠩᠭᠡᠷᠡᠭᠰᠡᠨ ᠵᠢᠯ ᠤᠳ ᠠᠴᠠ ᠴᠦ ᠭᠤᠶᠣ ᠰᠠᠶᠢᠬᠠᠨ ᠪᠠᠶᠢᠵᠦ᠂ ᠬᠥᠮᠦᠰ ᠲᠤ ᠰᠢᠨ᠎ᠡ ᠰᠡᠪᠡᠭᠦᠨ ᠲᠥᠷᠥᠭᠳᠡᠯ ᠥᠭᠭᠦᠨ᠎ᠡ᠃︾ ᠭᠡᠵᠦ ᠵᠢᠭᠤᠯᠴᠢᠨ ᠼᠦᠢ ᠱᠤ᠋ ᠭᠦᠸᠧ ᠬᠡᠯᠡᠪᠡ᠃    ᠲᠦᠴᠢᠦᠸᠠᠨ ᠪᠠᠯᠭᠠᠰᠤ ︽ᠠᠵᠤ ᠦᠶᠯᠡᠳᠪᠦᠷᠢ ᠪᠠᠷ ᠲᠠᠷᠢᠶᠠᠯᠠᠩ ᠢ ᠨᠥᠬᠦᠪᠥᠷᠢᠯᠡᠵᠦ᠂ ᠬᠤᠲᠠ ᠪᠠᠷ ᠬᠥᠳᠡᠭᠡ ᠲᠣᠰᠬᠤᠨ ᠢ ᠳᠠᠶᠢᠴᠢᠯᠠᠬᠤ︾ ᠶᠢ ᠪᠠᠷᠢᠮᠲᠠᠯᠠᠵᠤ᠂ ᠤᠤᠯ ᠤᠨ ︽ᠨᠢᠭᠡ ᠬᠤᠩᠭᠢᠯ ᠲᠠᠪᠤᠨ ᠬᠦᠷᠢᠶᠡᠯᠡᠩ︾ ᠤᠨ ᠰᠠᠭᠤᠷᠢᠨ ᠳᠡᠭᠡᠷ᠎ᠡ᠂ ᠥᠭᠡᠷᠡᠴᠢᠯᠡᠨ ᠪᠠᠶᠢᠭᠤᠯᠬᠤ ᠥᠷᠭᠡᠳᠬᠡᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠦᠵᠡᠮᠵᠢ ᠶᠢᠨ ᠤᠰᠤᠨ ᠰᠢᠰᠲ᠋ᠧᠮ᠂ ᠨᠠᠨ ᠰᠢᠶᠠᠩ ᠲᠣᠮᠣ ᠬᠤᠭᠤᠯᠠᠨ ᠬᠡᠷ ᠵᠡᠷᠭᠡ ᠡᠵᠡᠩᠨᠡᠯᠲᠡ ᠶᠢᠨ ᠠᠭᠤᠯᠭ᠎ᠠ ᠶᠢ ᠨᠡᠮᠡᠭᠳᠡᠭᠦᠯᠵᠦ᠂ ᠴᠠᠬᠢᠯᠭᠠᠨ ᠲᠣᠭᠯᠠᠭᠠᠮ ᠵᠤᠭ᠎ᠠ ᠴᠡᠩᠭᠡᠯ ᠢ ᠣᠷᠣᠭᠤᠯᠤᠨ ᠠᠪᠴᠢᠷᠠᠵᠤ᠂ ︽ᠭᠠᠯᠲᠤ ᠲᠡᠷᠭᠡ︾᠂ ᠣᠷᠭᠢᠯ ᠪᠤᠯᠠᠭ ᠰᠢᠷᠢᠰ ᠡᠯᠧᠮᠧᠨ᠋ᠲ ᠢ ᠪᠠᠶᠠᠯᠢᠭᠵᠢᠭᠤᠯᠵᠤ᠂ ᠲᠠᠷᠢᠶᠠᠯᠠᠩ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠣᠭᠤᠷᠢᠨ ᠦᠵᠡᠬᠦ ᠬᠦᠷᠢᠶᠡᠯᠡᠩ ᠢ ᠭᠤᠤᠯᠳᠠᠯᠭ᠎ᠠ ᠲᠠᠢ ᠪᠠᠶᠢᠭᠤᠯᠵᠤ᠂ ᠲᠠᠷᠢᠶᠠᠯᠠᠩ ᠤᠨ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠶᠡᠷᠦᠩᠬᠡᠶᠢᠯᠡᠭᠰᠡᠨ ᠴᠢᠨᠠᠷᠲᠠᠶ ᠬᠦᠷᠢᠶᠡᠯᠡᠩ ᠲᠣᠭᠤᠷᠢᠭ ᠤᠨ ᠲᠠᠲᠠᠬᠤ ᠬᠦᠴᠦᠨ  ᠢ ᠦᠷᠭᠦᠯᠵᠢᠯᠡᠨ ᠨᠡᠮᠡᠭᠳᠡᠭᠦᠯᠵᠦ᠂ ᠣᠶᠢᠷ᠎ᠠ ᠲᠡᠭᠦᠷᠭᠡ ᠶᠢᠨ ᠵᠢᠭᠤᠯᠴᠢᠯᠠᠯ ᠤᠨ ᠰᠢᠨ᠎ᠡ ᠬᠢᠯᠠᠰ ᠴᠡᠭ ᠢ ᠪᠣᠶ ᠪᠣᠯᠭᠠᠵᠤ᠂ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠬᠤᠲᠠ ᠬᠥᠳᠡᠭᠡ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠪᠥᠬᠦ ᠲᠠᠯ᠎ᠠ ᠪᠠᠷ ᠬᠥᠭᠵᠢᠭᠡᠵᠦ᠂ ᠲᠤᠰ ᠬᠦᠷᠢᠶᠡᠯᠡᠩ ᠨᠢ ᠤᠯᠤᠰ ᠤᠨ ᠲᠡᠰ ᠤᠨAA ᠲᠡᠰ ᠤᠨ ᠵᠢᠭᠤᠯᠴᠢᠯᠠᠯ ᠤᠨ ᠤᠷᠤᠨ ᠢᠶᠠᠷ ᠦᠨᠡᠯᠡᠭᠳᠡᠪᠡ᠃    ︽2024 ᠣᠨ ᠳᠤ ᠲᠦᠴᠢᠦᠸᠠᠨ ᠪᠠᠯᠭᠠᠰᠤ ᠨᠠᠨ ᠰᠢᠶᠠᠩ ᠬᠤᠲᠠ ᠶᠢᠨ ᠢᠳᠡᠰᠢᠨ ᠨᠣᠭᠤᠭᠠᠨ ᠤ ᠬᠦᠷᠢᠶᠡᠯᠡᠩ ᠢ ᠪᠥᠬᠦ ᠲᠠᠯ᠎ᠠ ᠪᠠᠷ ᠲᠠᠰ ᠳᠡᠪᠰᠢᠭᠦᠯᠪᠡ᠂ ᠣᠲᠣ ᠭᠤᠤᠯᠳᠠᠭᠤ ᠰᠡᠯᠡᠭᠦᠴᠡᠯ ᠵᠤᠭ᠎ᠠ ᠴᠡᠩᠭᠡᠯ ᠤᠨ ᠲᠣᠭᠤᠷᠢᠭ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠳᠤᠯᠭᠠᠨ ᠤ ᠲᠣᠭᠤᠷᠢᠭ ᠪᠠ ᠡᠴᠢᠭᠡ ᠡᠬᠡ ᠦᠷ᠎ᠡ ᠬᠡᠦᠬᠡᠳ ᠤᠨ ᠵᠤᠭ᠎ᠠ ᠴᠡᠩᠭᠡᠯ ᠤᠨ ᠲᠣᠭᠤᠷᠢᠭ ᠭᠡᠵᠦ ᠬᠤᠪᠢᠶᠠᠨ᠂ ᠢᠳᠡᠰᠢᠨ ᠨᠣᠭᠤᠭᠠᠨ ᠤ ᠬᠦᠷᠢᠶᠡᠯᠡᠩ ᠳᠤ ᠨᠠᠩ ᠣᠯᠠᠨ ᠬᠥᠮᠦᠰ ᠤᠨ ᠬᠦᠷᠢᠶᠡᠯᠡᠯ ᠢ ᠤᠯᠬᠤ ᠶᠢ ᠬᠦᠰᠡᠵᠦ ᠪᠠᠶᠢᠨ᠎ᠠ᠃︾ ᠭᠡᠵᠦ ᠲᠦᠴᠢᠦᠸᠠᠨ ᠪᠠᠯᠭᠠᠰᠤᠨ ᠤ ᠤᠬᠠᠭᠤᠯᠬᠤ ᠭᠡᠰᠢᠭᠦᠨ ᠸᠠᠩ ᠲᠢᠶᠠᠨ ᠬᠤᠶ ᠲᠠᠨᠢᠯᠴᠠᠭᠤᠯᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号