ᠬᠢᠩᠭᠠᠨ ᠠᠶᠢᠮᠠᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠲᠦᠴᠢᠦᠸᠠᠨ ᠰᠢᠶᠠᠨ ᠳᠤ ᠬᠦᠷᠴᠦ ᠨᠠᠮ  ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2024/8/30
   8 ᠰᠠᠷ᠎ᠠ ᠶᠢᠨ 28 ᠤ ᠡᠳᠦᠷ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠬᠢᠩᠭᠠᠨ ᠠᠶᠢᠮᠠᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠬᠢᠩᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ  ᠤᠨ ᠬᠤᠷᠢᠶᠠᠨ ᠤ ᠭᠡᠰᠢᠭᠦᠨ᠂ ᠳᠡᠳ᠋ ᠵᠠᠬᠢᠷᠤᠯ ᠭᠤᠤ ᠠᠶ ᠵᠢᠶᠦ᠋ᠨ ᠲᠦᠴᠢᠦᠸᠠᠨ ᠰᠢᠶᠠᠨ ᠳᠤ ᠬᠦᠷᠴᠦ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃    ᠤᠬᠠᠭᠤᠯᠤᠨ ᠲᠠᠶᠢᠯᠪᠤᠷᠢᠯᠠᠬᠤ ᠨᠢ ᠪᠥᠬᠦᠳᠡ ᠬᠤᠷᠠᠯ ᠤᠨ ᠭᠤᠤᠯ ᠰᠡᠳᠦᠪ ᠲᠠᠢ ᠨᠢᠭᠲᠠ ᠤᠶᠠᠯᠳᠤᠭᠤᠯᠤᠨ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠬᠤ ᠶᠢᠨ ᠲᠣᠭᠤᠷᠢᠨ ᠳᠤ᠂ ᠶᠡᠷᠦᠩᠬᠡᠶ ᠱᠦᠵᠢ ᠰᠢ ᠶᠢᠨ ᠫᠢᠩ ᠤᠨ ᠨᠠᠮ  ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ︽ᠲᠣᠭᠲᠠᠭᠠᠯ︾ ᠳᠤ ᠳᠤᠷᠠᠳᠤᠭᠰᠠᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ  ᠶᠢ ᠪᠥᠬᠦ ᠲᠠᠯ᠎ᠠ ᠪᠠᠷ ᠣᠨᠣᠪᠴᠢᠲᠠᠶ ᠣᠶᠢᠯᠠᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠶᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠵᠡᠷᠭᠡ ᠲᠠᠯ᠎ᠠ ᠪᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠢᠰᠲ᠋ᠧᠮ ᠲᠠᠢ ᠲᠣᠳᠣᠷᠬᠠᠶᠢᠯᠠᠨ ᠲᠠᠶᠢᠯᠪᠤᠷᠢᠯᠠᠪᠠ᠃ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠨᠢ ᠤᠨᠤᠯ ᠤᠨ ᠦᠨᠳᠦᠷᠴᠡ ᠲᠠᠢ ᠪᠥᠭᠡᠳ ᠪᠣᠳᠠᠲᠠᠢ ᠲᠠᠢ ᠨᠢᠭᠲᠠ ᠤᠶᠠᠯᠳᠤᠵᠤ᠂ ᠮᠠᠰᠢ ᠴᠢᠩᠭ᠎ᠠ ᠦᠵᠡᠯ ᠰᠠᠨᠠᠭᠠᠴᠢ ᠴᠢᠨᠠᠷ᠂ ᠬᠠᠨᠳᠤᠯᠭᠠᠲᠤ ᠴᠢᠨᠠᠷ ᠪᠠ ᠦᠢᠯᠡᠳᠦᠯᠭᠡ ᠶᠢᠨ ᠴᠢᠨᠠᠷ ᠲᠠᠢ ᠪᠠᠶᠢᠵᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠬᠥᠮᠦᠰ ᠤᠨ ᠰᠡᠳᠬᠢᠯ  ᠳᠤ ᠬᠠᠳᠠᠩᠰᠢᠭᠤᠯᠵᠤ᠂ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠪᠠ᠃    ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠲᠦᠴᠢᠦᠸᠠᠨ ᠪᠠᠯᠭᠠᠰᠤᠨ ᠤ ᠤᠬᠠᠭᠤᠯᠬᠤ ᠭᠡᠰᠢᠭᠦᠨ ᠸᠠᠩ ᠲᠢᠶᠠᠨ ᠬᠤᠶ ᠭᠦᠨ ᠲᠥᠷᠥᠭᠳᠡᠯ ᠲᠠᠢ ᠪᠠᠶᠢᠯ᠎ᠠ᠂ ᠲᠡᠷᠡ᠂ ᠰᠢᠶᠠᠩ ᠪᠠᠯᠭᠠᠰᠤᠨ ᠤ ᠤᠬᠠᠭᠤᠯᠬᠤ ᠭᠡᠰᠢᠭᠦᠨ ᠪᠣᠯᠤᠭᠰᠠᠨ ᠤ ᠬᠤᠪᠢ ᠳᠤ᠂ ᠦᠵᠡᠯ ᠰᠠᠨᠠᠭ᠎ᠠ ᠲᠠᠨᠢᠯᠲᠠ ᠪᠠᠨ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠰᠤᠷᠤᠯᠴᠠᠨ ᠲᠤᠭᠤᠰᠢᠯᠠᠭᠤᠯᠬᠤ ᠲᠠᠢ ᠣᠷᠭᠠᠨᠢᠭ ᠢᠶᠠᠷ ᠤᠶᠠᠯᠳᠤᠭᠤᠯᠵᠤ᠂ ︽ᠲᠡᠮᠦᠷ ᠳᠠᠪᠲᠠᠬᠤ ᠳᠤ ᠥᠪᠡᠷ ᠢᠶᠠᠨ ᠵᠠᠪᠠᠯ ᠬᠠᠲᠠᠭᠤ ᠪᠠᠶᠢᠬᠤ︾ ᠬᠠᠷᠢᠭᠤᠴᠠᠯᠭᠠᠲᠤ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ᠂ ᠲᠣᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠠᠷᠭ᠎ᠠ ᠬᠡᠯᠪᠡᠷᠢ ᠪᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠤᠬᠠᠭᠤᠯᠤᠨ ᠰᠠᠶᠢᠲᠤᠷ ᠲᠤᠭᠤᠰᠢᠯᠠᠭᠤᠯᠵᠤ᠂ ᠣᠯᠠᠨ ᠲᠦᠮᠡᠨ  ᠳᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠭᠦᠨᠵᠡᠭᠡᠶ ᠣᠶᠢᠯᠠᠭᠠᠭᠤᠯᠵᠤ᠂ ᠲᠥᠷᠥ ᠶᠢᠨ ᠪᠣᠳᠣᠯᠭ᠎ᠠ ᠶᠢᠨ ᠠᠰᠢᠭ ᠢ ᠤᠯᠠᠮ ᠴᠢᠨᠠᠭᠰᠢᠳᠠ ᠡᠳ᠋ᠯᠡᠭᠦᠯᠦᠨ᠎ᠡ ᠭᠡᠵᠦ ᠢᠯᠡᠳᠬᠡᠪᠡ᠃    ᠲᠤᠬᠠᠢ ᠶᠢᠨ ᠲᠠᠯᠠᠪᠠᠢ ᠳᠤ ᠮᠡᠳᠡᠭᠦᠯᠦᠯᠲᠡ ᠶᠢ ᠰᠣᠨᠣᠰᠤᠭᠰᠠᠨ ᠺᠠᠳ᠋ᠷ ᠠᠵᠢᠯᠳᠠᠨ ᠠᠵᠢᠯᠴᠢᠨ᠂ ᠤᠬᠠᠮᠰᠠᠷ ᠠᠴᠠ  ᠪᠠᠨ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ  ᠤ ᠵᠣᠷᠢᠭ ᠰᠠᠨᠠᠭ᠎ᠠ ᠪᠣᠯᠤᠨ ᠪᠦᠬᠦᠳᠠ ᠬᠤᠷᠠᠯ ᠤᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠰᠠᠨᠠᠭᠠᠴᠢᠯᠠᠭ᠎ᠠ ᠠᠴᠠ  ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠬᠠᠷᠢᠭᠤᠴᠠᠯᠭ᠎ᠠ ᠡᠭᠦᠷᠭᠡᠯᠡᠨ ᠬᠠᠷᠢᠭᠤᠴᠠᠯᠭ᠎ᠠ ᠪᠠᠨ ᠭᠦᠢᠴᠡᠳᠬᠡᠵᠦ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠪᠦᠬᠦ ᠬᠦᠴᠦ ᠪᠠᠷ ᠢᠶᠠᠨ ᠰᠠᠶᠢᠲᠤᠷ ᠠᠳᠬᠤᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠣᠯᠭᠠᠵᠤ᠂ ᠳᠤᠮᠳᠠᠳᠤ ᠤᠯᠤᠰ  ᠤᠨ ᠣᠨᠴᠠᠯᠢᠭ ᠲᠠᠢ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠲᠦᠴᠢᠤᠸᠠᠨ ᠤ ᠦᠢᠯᠡᠳᠦᠯᠭᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠦᠨ᠎ᠡ ᠭᠡᠵᠦ ᠢᠯᠡᠳᠬᠡᠵᠡᠭᠡᠪᠡ᠃    ᠤᠬᠠᠭᠤᠯᠤᠨ ᠲᠠᠶᠢᠯᠪᠤᠷᠢᠯᠠᠵᠤ ᠳᠠᠭᠤᠰᠤᠭᠰᠠᠨ ᠤ ᠳᠠᠷᠠᠭ᠎ᠠ᠂ ᠭᠤᠤ ᠠᠢ ᠵᠢᠶᠦ᠋ᠨ ᠪᠠᠰᠠ ᠲᠦᠴᠢᠦᠸᠠᠨ ᠰᠢᠶᠠᠨ  ᠤ ᠰᠠᠶᠢᠨᠬᠤᠸᠠᠷ ᠤᠳᠤ ᠦᠶ᠎ᠡ ᠶᠢᠨ ᠲᠠᠷᠢᠶᠠᠯᠠᠩ ᠤᠨ ᠠᠮᠢ ᠠᠬᠤᠢ ᠶᠢᠨ ᠬᠦᠷᠢᠶᠡᠯᠡᠩ ᠳᠤ ᠭᠦᠨᠵᠡᠭᠡᠶᠢᠷᠡᠨ ᠰᠠᠨᠠᠯ  ᠢᠶᠠᠨ ᠰᠣᠯᠢᠯᠴᠠᠨ ᠶᠠᠷᠢᠯᠴᠠᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号