ᠨᠢᠭᠡᠨ ᠵᠦᠢᠯ ᠤᠨ ᠸᠠᠺᠼᠢᠨ ᠢ ᠬᠠᠩᠭᠠᠬᠤ ᠪᠠᠨ ᠵᠤᠬᠰᠤᠭᠠᠬᠤ ᠪᠠᠷ ᠪᠠᠴᠢᠮ ᠲᠤᠬᠳᠠᠬᠰᠠᠨ ᠲᠤᠬᠠᠢ ᠬᠠᠮᠤᠭ ᠤᠨ ᠰᠢᠨ᠎ᠡ ᠮᠡᠳᠡᠭᠡ
ᠨᠡᠶᠢᠲᠡᠯᠡᠭᠰᠡᠨ ᠴᠠᠭ᠄
2024/8/30
   8 ᠰᠠᠷ᠎ᠠ ᠶᠢᠨ 27 ᠤ ᠡᠳᠦᠷ᠂ ᠳᠤᠮᠳᠠᠳᠤ ᠤᠯᠤᠰ ᠤᠨ ᠬᠦᠸᠧ ᠰᠢᠨ ᠡᠷᠡᠭᠦᠯ ᠮᠡᠨᠳᠦ ᠶᠢᠨ ᠪᠠᠳᠤᠯᠠᠭ᠎ᠠ ᠶᠢᠨ ᠦᠢᠯᠡᠴᠢᠯᠡᠭᠡᠨ ᠤ ᠺᠤᠮᠫᠠᠨᠢ ᠶᠢᠨ ᠬᠢᠨ ᠰᠠᠶᠢᠨᠤᠹᠧᠢ ᠡᠮ ᠦᠢᠯᠡᠳᠬᠦ ᠠᠵᠤ ᠠᠬᠤᠶᠢᠯᠠᠯ ᠠᠴᠠ ᠣᠶᠢᠯᠠᠭᠠᠭᠰᠠᠨ ᠢᠶᠠᠷ᠂ ᠸᠠᠺᠼᠢᠨ ᠤ ᠦᠷ᠎ᠡ ᠦᠢᠯᠡᠳᠦᠯ ᠤᠨ ᠠᠰᠠᠭᠤᠳᠠᠯ ᠠᠴᠠ ᠪᠣᠯᠵᠣ᠂ 2024 —2025 ᠣᠨ ᠤ ᠬᠠᠯᠳᠠᠪᠤᠷᠢᠲᠤ ᠲᠠᠭᠰᠢᠭᠤᠷ ᠤᠨ ᠤᠯᠠᠷᠢᠯ ᠳᠤ ᠰᠠᠶᠢᠨᠤᠹᠧᠢ ᠡᠮ ᠦᠢᠯᠡᠳᠬᠦ ᠠᠵᠤ ᠠᠬᠤᠶᠢᠯᠠᠯ ᠳᠤᠮᠳᠠᠳᠤ ᠤᠯᠤᠰ ᠲᠤ ᠬᠠᠯᠳᠠᠪᠤᠷᠢᠲᠤ ᠲᠠᠭᠰᠢᠭᠤᠷ ᠤᠨ ᠸᠠᠺᠼᠢᠨ ᠬᠠᠩᠭᠠᠬᠤ ᠪᠠᠨ ᠲᠦᠷ ᠵᠣᠭᠰᠣᠭᠠᠬᠤ ᠪᠠᠷ ᠲᠣᠭᠲᠠᠪᠠ᠃    ᠳᠠᠷᠠᠭ᠎ᠠ ᠨᠢ᠂ ᠰᠠᠶᠢᠨᠣᠹᠧᠢ ᠡᠮ ᠦᠢᠯᠡᠳᠬᠦ ᠠᠵᠤ ᠠᠬᠤᠶᠢᠯᠠᠯ ᠨᠢ ᠳᠤᠮᠳᠠᠳᠤ ᠤᠯᠤᠰ ᠤᠨ ᠬᠦᠸᠧ ᠰᠢᠨ ᠡᠷᠡᠭᠦᠯ ᠮᠡᠨᠳᠦ ᠶᠢᠨ ᠪᠠᠳᠤᠯᠠᠭ᠎ᠠ ᠶᠢᠨ ᠦᠢᠯᠡᠴᠢᠯᠡᠭᠡᠨ ᠤ ᠺᠤᠮᠫᠠᠨᠢ ᠳᠤ ᠬᠠᠷᠢᠭᠤ ᠲᠤᠰᠬᠠᠬᠤ ᠳᠠᠭᠠᠨ᠂ ᠬᠠᠯᠳᠠᠪᠤᠷᠢᠲᠤ ᠲᠠᠭᠰᠢᠭᠤᠷ ᠤᠨ ᠸᠠᠺᠼᠢᠨ ᠤ ᠲᠣᠰ ᠪᠡᠶ᠎ᠡ ᠨᠢ ᠳᠡᠭᠡᠳᠦ ᠬᠡᠮᠵᠢᠶᠡᠨ ᠤ ᠪᠤᠳᠤᠯᠢᠶᠠᠨᠲᠤ ᠴᠢᠨᠠᠷ ᠲᠠᠢ ᠶᠤᠮ᠃ ᠪᠢᠳᠡ ᠦᠷᠭᠦᠯᠵᠢᠯᠡᠨ ᠲᠣᠭᠲᠠᠪᠤᠷᠢᠲᠤ ᠴᠢᠨᠠᠷ ᠤᠨ ᠲᠤᠬᠠᠢ ᠪᠠᠶᠢᠴᠠᠭᠠᠯᠲᠠ ᠬᠢᠬᠦ ᠶᠠᠪᠤᠴᠠ ᠳᠠᠭᠠᠨ᠂ 2024 —2025 ᠣᠨ ᠤ ᠬᠠᠯᠳᠠᠪᠤᠷᠢᠲᠤ ᠲᠠᠭᠰᠢᠭᠤᠷ ᠤᠨ ᠤᠯᠠᠷᠢᠯ ᠤᠨ ᠲᠠᠭᠰᠢᠭᠤᠷ ᠤᠨ ᠸᠠᠺᠼᠢᠨ ᠸᠧᠷᠯᠢᠩ᠂ ᠸᠧᠷᠵᠢᠶᠠ ᠶᠢᠨ ᠦᠷ᠎ᠡ ᠦᠢᠯᠡᠳᠦᠯ ︵ᠸᠠᠺᠼᠢᠨ ᠤ ᠵᠢᠱᠢᠭᠰᠡᠨ ᠠᠮᠢᠳᠤ ᠪᠣᠳᠠᠰ ᠤᠨ ᠦᠢᠯᠡᠳᠦᠯ ᠤᠨ ᠬᠠᠮᠢᠶ᠎ᠠ ᠪᠥᠬᠦᠶ ᠯᠠᠪᠯᠠᠯᠲᠠ ᠶᠢᠨ ᠲᠤᠭ᠎ᠠ ᠪᠠᠷᠢᠮᠲᠠ︶ ᠨᠢ ᠪᠠᠭᠤᠷᠠᠬᠤ ᠬᠠᠨᠳᠤᠰᠢ ᠲᠠᠢ ᠪᠤᠯᠵᠤ ᠪᠠᠶᠢᠬᠤ ᠶᠢ ᠠᠵᠢᠭᠯᠠᠵᠤ ᠮᠡᠳᠡᠪᠡ᠃ ᠪᠢᠳᠡᠨ ᠤ ᠵᠢᠱᠢᠯᠲᠡ ᠪᠠᠷ ᠦᠢᠯᠡᠳᠬᠦᠨ ᠤ ᠬᠦᠴᠦᠨ ᠲᠠᠢ ᠬᠤᠭᠤᠴᠠᠭ᠎ᠠ ᠳᠠᠭᠤᠰᠬᠤ ᠠᠴᠠ ᠡᠮᠦᠨ᠎ᠡ᠂ ᠸᠠᠺᠼᠢᠨ ᠤ ᠦᠢᠯᠡᠳᠦᠯ ᠨᠥᠯᠥᠭᠡᠯᠡᠭᠳᠡᠵᠦ ᠮᠡᠳᠡᠨ᠎ᠡ᠃ ᠰᠡᠷᠭᠡᠶᠢᠯᠡᠬᠦ ᠴᠢᠨᠠᠷᠲᠠᠶ ᠠᠷᠭ᠎ᠠ ᠬᠡᠮᠵᠢᠶ᠎ᠡ ᠪᠣᠯᠤᠭᠰᠠᠨ ᠤ ᠬᠤᠪᠢ ᠳᠤ᠂ ᠪᠢᠳᠡ ᠡᠲᠡᠭᠡᠷ ᠸᠠᠺᠼᠢᠨ ᠤ ᠳᠤᠮᠳᠠᠳᠤ ᠤᠯᠤᠰ ᠲᠠᠬᠢ ᠬᠠᠩᠭᠠᠯᠭ᠎ᠠ ᠪᠠ ᠪᠣᠷᠣᠯᠠᠭᠤᠯᠭ᠎ᠠ ᠶᠢ ᠲᠦᠷ ᠵᠣᠭᠰᠣᠭᠠᠬᠤ ᠪᠠᠷ ᠲᠣᠭᠲᠠᠪᠠ ᠬᠡᠵᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号