8 ᠰᠠᠷ᠎ᠠ ᠶᠢᠨ 27 ᠤ ᠡᠳᠦᠷ᠂ ᠳᠤᠮᠳᠠᠳᠤ ᠤᠯᠤᠰ ᠤᠨ ᠬᠦᠸᠧ ᠰᠢᠨ ᠡᠷᠡᠭᠦᠯ ᠮᠡᠨᠳᠦ ᠶᠢᠨ ᠪᠠᠳᠤᠯᠠᠭ᠎ᠠ ᠶᠢᠨ | ᠦᠢᠯᠡᠴᠢᠯᠡᠭᠡᠨ ᠤ ᠺᠤᠮᠫᠠᠨᠢ ᠶᠢᠨ ᠬᠢᠨ ᠰᠠᠶᠢᠨᠤᠹᠧᠢ ᠡᠮ ᠦᠢᠯᠡᠳᠬᠦ ᠠᠵᠤ ᠠᠬᠤᠶᠢᠯᠠᠯ ᠠᠴᠠ ᠣᠶᠢᠯᠠᠭᠠᠭᠰᠠᠨ ᠢᠶᠠᠷ᠂ | ᠸᠠᠺᠼᠢᠨ ᠤ ᠦᠷ᠎ᠡ ᠦᠢᠯᠡᠳᠦᠯ ᠤᠨ ᠠᠰᠠᠭᠤᠳᠠᠯ ᠠᠴᠠ ᠪᠣᠯᠵᠣ᠂ 2024 —2025 ᠣᠨ ᠤ ᠬᠠᠯᠳᠠᠪᠤᠷᠢᠲᠤ | ᠲᠠᠭᠰᠢᠭᠤᠷ ᠤᠨ ᠤᠯᠠᠷᠢᠯ ᠳᠤ ᠰᠠᠶᠢᠨᠤᠹᠧᠢ ᠡᠮ ᠦᠢᠯᠡᠳᠬᠦ ᠠᠵᠤ ᠠᠬᠤᠶᠢᠯᠠᠯ ᠳᠤᠮᠳᠠᠳᠤ ᠤᠯᠤᠰ ᠲᠤ ᠬᠠᠯᠳᠠᠪᠤᠷᠢᠲᠤ | ᠲᠠᠭᠰᠢᠭᠤᠷ ᠤᠨ ᠸᠠᠺᠼᠢᠨ ᠬᠠᠩᠭᠠᠬᠤ ᠪᠠᠨ ᠲᠦᠷ ᠵᠣᠭᠰᠣᠭᠠᠬᠤ ᠪᠠᠷ ᠲᠣᠭᠲᠠᠪᠠ᠃ | ᠳᠠᠷᠠᠭ᠎ᠠ ᠨᠢ᠂ ᠰᠠᠶᠢᠨᠣᠹᠧᠢ ᠡᠮ ᠦᠢᠯᠡᠳᠬᠦ ᠠᠵᠤ ᠠᠬᠤᠶᠢᠯᠠᠯ ᠨᠢ ᠳᠤᠮᠳᠠᠳᠤ ᠤᠯᠤᠰ ᠤᠨ ᠬᠦᠸᠧ ᠰᠢᠨ | ᠡᠷᠡᠭᠦᠯ ᠮᠡᠨᠳᠦ ᠶᠢᠨ ᠪᠠᠳᠤᠯᠠᠭ᠎ᠠ ᠶᠢᠨ ᠦᠢᠯᠡᠴᠢᠯᠡᠭᠡᠨ ᠤ ᠺᠤᠮᠫᠠᠨᠢ ᠳᠤ ᠬᠠᠷᠢᠭᠤ ᠲᠤᠰᠬᠠᠬᠤ ᠳᠠᠭᠠᠨ᠂ ᠬᠠᠯᠳᠠᠪᠤᠷᠢᠲᠤ | ᠲᠠᠭᠰᠢᠭᠤᠷ ᠤᠨ ᠸᠠᠺᠼᠢᠨ ᠤ ᠲᠣᠰ ᠪᠡᠶ᠎ᠡ ᠨᠢ ᠳᠡᠭᠡᠳᠦ ᠬᠡᠮᠵᠢᠶᠡᠨ ᠤ ᠪᠤᠳᠤᠯᠢᠶᠠᠨᠲᠤ ᠴᠢᠨᠠᠷ ᠲᠠᠢ ᠶᠤᠮ᠃ ᠪᠢᠳᠡ | ᠦᠷᠭᠦᠯᠵᠢᠯᠡᠨ ᠲᠣᠭᠲᠠᠪᠤᠷᠢᠲᠤ ᠴᠢᠨᠠᠷ ᠤᠨ ᠲᠤᠬᠠᠢ ᠪᠠᠶᠢᠴᠠᠭᠠᠯᠲᠠ ᠬᠢᠬᠦ ᠶᠠᠪᠤᠴᠠ ᠳᠠᠭᠠᠨ᠂ 2024 —2025 | ᠣᠨ ᠤ ᠬᠠᠯᠳᠠᠪᠤᠷᠢᠲᠤ ᠲᠠᠭᠰᠢᠭᠤᠷ ᠤᠨ ᠤᠯᠠᠷᠢᠯ ᠤᠨ ᠲᠠᠭᠰᠢᠭᠤᠷ ᠤᠨ ᠸᠠᠺᠼᠢᠨ ᠸᠧᠷᠯᠢᠩ᠂ ᠸᠧᠷᠵᠢᠶᠠ ᠶᠢᠨ | ᠦᠷ᠎ᠡ ᠦᠢᠯᠡᠳᠦᠯ ︵ᠸᠠᠺᠼᠢᠨ ᠤ ᠵᠢᠱᠢᠭᠰᠡᠨ ᠠᠮᠢᠳᠤ ᠪᠣᠳᠠᠰ ᠤᠨ ᠦᠢᠯᠡᠳᠦᠯ ᠤᠨ ᠬᠠᠮᠢᠶ᠎ᠠ ᠪᠥᠬᠦᠶ ᠯᠠᠪᠯᠠᠯᠲᠠ ᠶᠢᠨ | ᠲᠤᠭ᠎ᠠ ᠪᠠᠷᠢᠮᠲᠠ︶ ᠨᠢ ᠪᠠᠭᠤᠷᠠᠬᠤ ᠬᠠᠨᠳᠤᠰᠢ ᠲᠠᠢ ᠪᠤᠯᠵᠤ ᠪᠠᠶᠢᠬᠤ ᠶᠢ ᠠᠵᠢᠭᠯᠠᠵᠤ ᠮᠡᠳᠡᠪᠡ᠃ ᠪᠢᠳᠡᠨ ᠤ | ᠵᠢᠱᠢᠯᠲᠡ ᠪᠠᠷ ᠦᠢᠯᠡᠳᠬᠦᠨ ᠤ ᠬᠦᠴᠦᠨ ᠲᠠᠢ ᠬᠤᠭᠤᠴᠠᠭ᠎ᠠ ᠳᠠᠭᠤᠰᠬᠤ ᠠᠴᠠ ᠡᠮᠦᠨ᠎ᠡ᠂ ᠸᠠᠺᠼᠢᠨ ᠤ ᠦᠢᠯᠡᠳᠦᠯ | ᠨᠥᠯᠥᠭᠡᠯᠡᠭᠳᠡᠵᠦ ᠮᠡᠳᠡᠨ᠎ᠡ᠃ ᠰᠡᠷᠭᠡᠶᠢᠯᠡᠬᠦ ᠴᠢᠨᠠᠷᠲᠠᠶ ᠠᠷᠭ᠎ᠠ ᠬᠡᠮᠵᠢᠶ᠎ᠡ ᠪᠣᠯᠤᠭᠰᠠᠨ ᠤ ᠬᠤᠪᠢ ᠳᠤ᠂ ᠪᠢᠳᠡ ᠡᠲᠡᠭᠡᠷ | ᠸᠠᠺᠼᠢᠨ ᠤ ᠳᠤᠮᠳᠠᠳᠤ ᠤᠯᠤᠰ ᠲᠠᠬᠢ ᠬᠠᠩᠭᠠᠯᠭ᠎ᠠ ᠪᠠ ᠪᠣᠷᠣᠯᠠᠭᠤᠯᠭ᠎ᠠ ᠶᠢ ᠲᠦᠷ ᠵᠣᠭᠰᠣᠭᠠᠬᠤ ᠪᠠᠷ ᠲᠣᠭᠲᠠᠪᠠ | ᠬᠡᠵᠡᠢ᠃ |