ᠮᠠᠨ ᠤ ᠣᠷᠣᠨ ᠬᠠᠭᠤᠴᠢᠨ ᠰᠠᠭᠤᠭᠠᠯᠢ ᠲᠣᠭᠤᠷᠢᠭ ᠤᠨ ᠢᠵᠢ ᠲᠦᠬᠦᠷ ᠪᠡᠯᠡᠳᠬᠡᠮᠵᠢ ᠶᠢᠨ ᠳᠤᠲᠠᠭᠤᠳᠠᠯ ᠢ ᠲᠦᠷᠭᠡᠳᠬᠡᠨ ᠨᠦᠬᠦᠪᠦᠷᠢᠯᠡᠵᠦ ᠪᠤᠢ
ᠨᠡᠶᠢᠲᠡᠯᠡᠭᠰᠡᠨ ᠴᠠᠭ᠄
2024/8/30
   ᠮᠠᠨ ᠤ ᠣᠷᠣᠨ ᠬᠠᠭᠤᠴᠢᠨ ᠰᠠᠭᠤᠭᠠᠯᠢ ᠲᠣᠭᠤᠷᠢᠭ ᠤᠨ ᠢᠵᠢ ᠲᠦᠬᠦᠷ ᠪᠡᠯᠡᠳᠬᠡᠮᠵᠢ ᠶᠢᠨ ᠳᠤᠲᠠᠭᠤᠳᠠᠯ ᠢ ᠲᠦᠷᠭᠡᠳᠬᠡᠨ ᠨᠦᠬᠦᠪᠦᠷᠢᠯᠡᠵᠦ ᠪᠤᠢ᠃ ᠨᠢᠭᠡ ᠳᠤ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠤᠨ ︽ᠨᠠᠰᠤᠲᠠᠶᠢᠴᠤᠳ ᠪᠠ ᠨᠢᠯᠬᠠᠰ ︾᠂ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠠᠭᠠᠳ ᠦᠭᠡᠶᠢᠵᠢᠭᠦᠯᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠨ ᠵᠠᠰᠠᠬᠤ ᠶᠢ ᠨᠢᠭᠡᠳᠦᠯᠲᠡᠢ ᠲᠥᠯᠥᠪᠯᠡᠨ ᠥᠷᠨᠢᠭᠦᠯᠵᠦ᠂ ᠨᠡᠶᠢᠭᠡᠮ ᠲᠣᠭᠤᠷᠢᠭ ᠤᠨ 15 ᠮᠢᠨᠦ᠋ᠲ ᠤᠨ ᠵᠠᠶᠢᠲᠠᠢ ᠠᠮᠢᠳᠤᠷᠠᠯ ᠤᠨ ᠲᠣᠭᠤᠷᠢᠭ ᠢ ᠪᠣᠶ ᠪᠣᠯᠭᠠᠪᠠ᠃ 7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ 2.97 ᠲᠦᠮᠡᠨ ᠺᠦᠸᠠᠳ᠋ ᠮᠧᠳ᠋ᠷ ᠤᠨ ᠰᠣᠶᠣᠯ ᠰᠡᠯᠡᠭᠦᠴᠡᠯ᠂ ᠣᠯᠠᠨ ᠨᠡᠶᠢᠲᠡ ᠶᠢᠨ ᠵᠦᠯᠭᠡ ᠭᠠᠵᠠᠷ ᠵᠡᠷᠭᠡ ᠰᠢᠨ᠎ᠡ ᠪᠠᠷ ᠨᠡᠮᠡᠭᠳᠡᠪᠡ᠃ ᠬᠤᠶᠠᠷ ᠲᠤ ᠬᠠᠭᠤᠴᠢᠨ ᠰᠠᠭᠤᠭᠠᠯᠢ ᠲᠣᠭᠤᠷᠢᠭ ᠤᠨ ᠴᠠᠬᠢᠯᠭᠠᠨ ᠬᠦᠴᠦᠨ ᠤ ᠪᠠᠭᠲᠠᠭᠠᠮᠵᠢ ᠶᠢ ᠨᠡᠮᠡᠭᠳᠡᠭᠦᠯᠦᠨ ᠥᠭᠡᠷᠡᠴᠢᠯᠡᠨ ᠵᠠᠰᠠᠬᠤ ᠶᠢ ᠵᠡᠷᠭᠡ ᠪᠠᠷ ᠡᠬᠢᠯᠡᠭᠦᠯᠵᠦ᠂ ᠰᠠᠭᠤᠭᠠᠯᠢ ᠲᠣᠭᠤᠷᠢᠭ ᠤᠨ ᠣᠲᠣ ᠶᠢᠨ ᠪᠠᠶᠢᠭ᠎ᠠ ᠲᠡᠷᠭᠡ ᠵᠣᠭᠰᠣᠭᠠᠬᠤ ᠪᠠᠶᠢᠷᠢ ᠶᠢ ᠴᠠᠬᠢᠯᠭᠠᠨᠵᠢᠭᠤᠯᠤᠨ ᠥᠭᠡᠷᠡᠴᠢᠯᠡᠨ ᠵᠠᠰᠠᠬᠤ ᠶᠢ ᠢᠳᠡᠪᠬᠢᠲᠡᠢ ᠲᠦᠯᠬᠢᠨ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠲᠡᠷᠭᠡ ᠵᠣᠭᠰᠣᠭᠠᠬᠤ ᠪᠠᠶᠢᠷᠢ ᠶᠢ ᠨᠡᠮᠡᠵᠦ ᠲᠣᠬᠢᠷᠠᠭᠤᠯᠬᠤ ᠶᠢᠨ ᠬᠠᠮᠲᠤ ᠴᠠᠬᠢᠯᠭᠠᠨ ᠴᠡᠨᠡᠭᠯᠡᠬᠦ ᠪᠡᠯᠡᠳᠬᠡᠮᠵᠢ ᠶᠢ ᠪᠠᠷᠢᠮᠵᠢᠶ᠎ᠠ ᠶᠣᠰᠣᠭᠠᠷ ᠪᠦᠲᠦᠭᠡᠨ ᠪᠠᠶᠢᠭᠤᠯᠬᠤ ᠪᠤᠶᠤ ᠤᠭᠰᠠᠷᠠᠬᠤ ᠨᠥᠬᠦᠴᠡᠯ ᠢ ᠪᠡᠯᠡᠨ ᠪᠣᠯᠭᠠᠪᠠ᠃ 7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠳᠤ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡ ᠵᠢᠴᠢ ᠮᠠᠰᠢᠨᠲᠤ ᠪᠤᠰᠤ ᠲᠡᠷᠭᠡᠨ ᠤ ᠴᠠᠬᠢᠯᠭᠠᠨ ᠴᠡᠨᠡᠭᠯᠡᠬᠦ ᠱᠣᠩ ᠢ ᠨᠡᠶᠢᠲᠡ 714 ᠨᠡᠮᠡᠵᠦ ᠤᠭᠰᠠᠷᠠᠭᠰᠠᠨ ᠪᠠᠶᠢᠨ᠎ᠠ᠃ ᠭᠤᠷᠪᠠ ᠳᠤ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠨ ᠥᠭᠡᠷᠡᠴᠢᠯᠡᠨ ᠵᠠᠰᠠᠬᠤ ᠶᠢ ᠵᠡᠷᠭᠡ ᠪᠠᠷ ᠬᠡᠷᠡᠭᠵᠢᠭᠦᠯᠦᠨ᠂ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠪᠣᠬᠢᠷᠲᠤᠯ ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠲᠦᠯᠬᠢᠨ ᠠᠬᠢᠭᠤᠯᠪᠠ᠃ 2024 ᠣᠨ ᠳᠤ ᠪᠠᠷᠢᠯᠭ᠎ᠠ ᠶᠢᠨ ᠡᠨᠧᠷᠭᠢ ᠠᠷᠪᠢᠯᠠᠨ ᠥᠭᠡᠷᠡᠴᠢᠯᠡᠨ ᠵᠠᠰᠠᠬᠤ ᠲᠠᠯᠠᠪᠠᠶ ᠶᠢ 200 ᠲᠦᠮᠡᠨ ᠺᠦᠸᠠᠳ᠋ ᠮᠧᠳ᠋ᠷ ᠠᠴᠠ ᠳᠡᠭᠡᠭᠰᠢ ᠬᠡᠷᠡᠭᠵᠢᠭᠦᠯᠬᠦ ᠪᠠᠷ ᠲᠥᠯᠥᠪᠯᠡᠵᠦ᠂ ᠣᠳᠣᠬᠠᠨ ᠳᠤ ᠨᠢᠭᠡᠨᠲᠡ 104.4 ᠲᠦᠮᠡᠨ ᠺᠦᠸᠠᠳ᠋ ᠮᠧᠳ᠋ᠷ ᠤᠨ ᠪᠠᠷᠢᠯᠭ᠎ᠠ ᠶᠢᠨ ᠠᠵᠢᠯ ᠢ ᠳᠠᠭᠤᠰᠬᠠᠪᠠ᠃ ︵ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ︶
 
ᠢᠷᠡᠯᠲᠡ᠄ ᠦᠪᠦᠷ ᠮᠤᠩᠭᠤᠯ ‍ᠤᠨ‌ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠦᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号