ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ︽ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ︾ ᠢ ᠠᠬᠢᠭᠤᠯᠵᠤ ᠰᠢᠨ᠎ᠡ ᠦᠷ᠎ᠡ ᠪᠦᠲᠦᠮᠵᠢ ᠣᠯᠪᠠ
ᠨᠡᠶᠢᠲᠡᠯᠡᠭᠰᠡᠨ ᠴᠠᠭ᠄
2024/8/30
   ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ︽ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ︾ ᠢ ᠠᠬᠢᠭᠤᠯᠵᠤ ᠰᠢᠨ᠎ᠡ ᠦᠷ᠎ᠡ ᠪᠦᠲᠦᠮᠵᠢ ᠣᠯᠪᠠ᠃ ᠨᠢᠭᠡ ᠳᠤ ᠬᠥᠯᠥᠨ ᠪᠤᠶᠢᠷ ᠤᠨ ᠣᠶ ᠰᠢᠭᠤᠶ ᠶᠢᠨ ᠲᠦᠢᠮᠡᠷ ᠢ ᠰᠡᠷᠭᠡᠶᠢᠯᠡᠬᠦ ᠪᠠ ᠤᠨᠲᠠᠷᠠᠭᠠᠬᠤ ᠰᠣᠷᠢᠯᠲᠠ ᠶᠢᠨ ᠰᠠᠭᠤᠷᠢᠨ ᠤ ᠲᠥᠷᠥᠯ ᠵᠦᠢᠯ ᠢ ᠭᠤᠷᠪᠠᠨ ᠬᠤᠪᠢᠶᠠᠷᠢ ᠲᠥᠷᠥᠯ ᠵᠦᠢᠯ ᠪᠣᠯᠭᠠᠨ ᠠᠩᠭᠢᠯᠠᠵᠤ ᠬᠡᠷᠡᠭᠵᠢᠭᠦᠯᠵᠦ ᠪᠠᠶᠢᠨ᠎ᠠ᠃ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠶᠡᠭᠡ ᠬᠢᠩᠭᠠᠨ ᠳᠠᠪᠠᠭᠠᠨ ᠤ ᠪᠠᠷᠠᠭᠤᠨ ᠬᠤᠶᠢᠲᠤ ᠬᠡᠰᠡᠭ ᠲᠠᠬᠢ ᠣᠶ ᠰᠢᠭᠤᠶ ᠶᠢᠨ ᠲᠦᠢᠮᠡᠷ ᠢ ᠰᠡᠷᠭᠡᠶᠢᠯᠡᠬᠦ ᠪᠠ ᠤᠨᠲᠠᠷᠠᠭᠠᠬᠤ ᠲᠤᠰᠬᠠᠶ ᠡᠩᠨᠡᠭᠡ ᠶᠢᠨ ᠬᠢᠨ ᠤ ᠰᠣᠷᠢᠯᠲᠠ ᠶᠢᠨ ᠭᠠᠵᠠᠷ ᠲᠤ ᠪᠠᠭᠤᠳᠠᠯᠯᠠᠵᠤ ᠰᠣᠷᠢᠬᠤ ᠳᠤ ᠬᠡᠷᠡᠭᠰᠡᠬᠦ ᠰᠠᠭᠤᠷᠢ ᠪᠡᠯᠡᠳᠬᠡᠮᠵᠢ ᠵᠢᠴᠢ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ᠂ ᠬᠥᠯᠥᠨ ᠪᠤᠶᠢᠷ ᠬᠤᠲᠠ ᠶᠢᠨ ᠠᠭᠠᠷ ᠠᠶᠠᠯᠠᠯ ᠢᠶᠠᠷ ᠣᠶ ᠰᠢᠭᠤᠶ ᠶᠢ ᠬᠠᠮᠠᠭᠠᠯᠠᠬᠤ ᠥᠷᠲᠡᠭᠡᠨ ᠤ ᠲᠠᠰ ᠳᠡᠪᠰᠢᠭᠦᠯᠦᠨ ᠥᠭᠡᠷᠡᠴᠢᠯᠡᠬᠦ ᠲᠥᠷᠥᠯ ᠵᠦᠢᠯ ᠤᠨ ᠰᠡᠳᠦᠪ ᠢ ᠨᠢᠭᠡᠨᠲᠡ ᠲᠣᠭᠲᠠᠭᠠᠭᠰᠠᠨ ᠪᠥᠭᠡᠳ ᠨᠡᠶᠢᠲᠡ 7900 ᠲᠦᠮᠡᠨ ᠲᠥᠭᠦᠷᠢᠭ ᠤᠨ ᠪᠡᠯᠡ ᠣᠷᠣᠭᠤᠯᠪᠠ᠂ ᠣᠲᠣ ᠶᠠᠭ ᠠᠩᠬ᠎ᠠ ᠠᠯᠬᠤᠮ ᠤᠨ ᠵᠢᠷᠤᠭ ᠲᠥᠯᠥᠪᠯᠡᠭᠡ ᠬᠢᠵᠦ᠂ ᠡᠨᠡ ᠵᠢᠯ ᠳᠤ ᠪᠠᠨ ᠪᠠᠶᠢᠭᠤᠯᠬᠤ ᠪᠠᠷ ᠲᠥᠯᠥᠪᠯᠡᠵᠦ ᠪᠣᠶ᠃ ᠬᠤᠶᠠᠷ ᠲᠤ ᠤᠮᠠᠷᠠᠲᠤ ᠶᠢᠨ ᠠᠭᠠᠷ ᠠᠶᠠᠯᠠᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠰᠠᠭᠤᠷᠢᠨ ᠤ ᠲᠥᠷᠥᠯ ᠵᠦᠢᠯ ᠤᠨ ᠠᠬᠢᠴᠠ ᠤᠷᠤᠭᠰᠢᠲᠠᠶ ᠶᠠᠪᠤᠭᠳᠠᠵᠤ ᠪᠠᠶᠢᠨ᠎ᠠ᠃ ᠬᠥᠯᠥᠨ ᠪᠤᠶᠢᠷ ᠬᠤᠲᠠ ᠶᠢᠨ ᠵᠠᠯᠠᠨ ᠠᠶᠢᠯ ᠤᠨ ᠠᠭᠠᠷ ᠠᠶᠠᠯᠠᠯ ᠤᠨ ᠥᠷᠲᠡᠭᠡᠨ ᠤ ᠲᠥᠷᠥᠯ ᠵᠦᠢᠯ ᠤᠨ ᠲᠠᠰ ᠳᠡᠪᠰᠢᠭᠦᠯᠦᠨ ᠥᠭᠡᠷᠡᠴᠢᠯᠡᠬᠦ ᠡᠭᠦᠷᠭᠡ ᠪᠠᠨ ᠨᠢᠭᠡᠨᠲᠡ ᠪᠡᠶᠡᠯᠡᠭᠦᠯᠪᠡ᠂ ᠬᠢᠩᠭᠠᠨ ᠠᠶᠢᠮᠠᠭ ᠤᠨ ᠡᠤ ᠴᠠ ᠭᠸᠤ ᠶᠢᠨ ᠠᠭᠠᠷ ᠠᠶᠠᠯᠠᠯ ᠤᠨ ᠥᠷᠲᠡᠭᠡ᠂ ᠬᠥᠯᠥᠨ ᠪᠤᠶᠢᠷ ᠬᠤᠲᠠ ᠶᠢᠨ ᠬᠠᠶᠢᠯᠠᠷ ᠤᠨ ᠠᠭᠠᠷ ᠠᠶᠠᠯᠠᠯ ᠤᠨ ᠥᠷᠲᠡᠭᠡ ᠵᠡᠷᠭᠡ 6 ᠲᠥᠷᠥᠯ ᠵᠦᠢᠯ ᠢᠶᠠᠨ ᠶᠠᠭ ᠪᠠᠶᠢᠭᠤᠯᠵᠤ ᠪᠠᠶᠢᠨ᠎ᠠ᠂ ᠣᠶ ᠰᠢᠭᠤᠶ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠪᠢᠯᠠᠷ ᠭᠤᠤᠯ ᠤᠨ ᠠᠭᠠᠷ ᠠᠶᠠᠯᠠᠯ ᠤᠨ ᠥᠷᠲᠡᠭᠡ ᠶᠢ ᠰᠢᠨ᠎ᠡ ᠪᠠᠷ ᠪᠠᠶᠢᠭᠤᠯᠬᠤ ᠲᠥᠷᠥᠯ ᠵᠦᠢᠯ ᠢᠶᠠᠨ ᠶᠠᠭ ᠭᠤᠶᠤᠴᠢᠯᠠᠨ ᠮᠡᠳᠡᠭᠦᠯᠵᠦ ᠪᠠᠶᠢᠨ᠎ᠠ᠃ ᠭᠤᠷᠪᠠ ᠳᠤ ᠥᠪᠥᠷ ᠮᠣᠩᠭᠤᠯ ᠤᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠠᠷᠠᠭ᠎ᠠ ᠨᠥᠭᠡᠴᠡᠯᠡᠬᠦ ᠶᠡᠷᠦᠩᠬᠡᠢ ᠲᠥᠪ ︵ᠬᠥᠬᠡᠬᠤᠲᠠ ︶ ᠤᠨ ᠬᠥᠮᠥᠷᠭᠡ ᠪᠠ ᠤᠯᠠᠭᠠᠨᠬᠠᠳᠠ ᠶᠢᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠠᠷᠠᠭ᠎ᠠ ᠨᠥᠭᠡᠴᠡᠯᠡᠬᠦ ᠶᠡᠷᠦᠩᠬᠡᠢ ᠬᠥᠮᠥᠷᠭᠡ ᠪᠠᠶᠢᠭᠤᠯᠬᠤ ᠲᠥᠷᠥᠯ ᠵᠦᠢᠯ ᠳᠤ ᠴᠣᠬᠤᠯᠠᠪᠤᠷᠢ ᠣᠯᠵᠤ᠂ ᠬᠥᠯᠥᠨ ᠪᠤᠶᠢᠷ ᠪᠠ ᠦᠬᠠᠶ ᠶᠢᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠠᠷᠠᠭ᠎ᠠ ᠨᠥᠭᠡᠴᠡᠯᠡᠬᠦ ᠶᠡᠷᠦᠩᠬᠡᠢ ᠬᠥᠮᠥᠷᠭᠡ ᠪᠠᠶᠢᠭᠤᠯᠬᠤ ᠲᠥᠷᠥᠯ ᠵᠦᠢᠯ ᠤᠨ ᠰᠠᠨᠠᠭᠤᠯᠭ᠎ᠠ ᠶᠢᠨ ᠪᠢᠴᠢᠭ ᠲᠤ ᠬᠢᠨᠠᠨ ᠵᠥᠪᠰᠢᠶᠡᠷᠡᠬᠦ ᠭᠠᠷᠳᠠᠮ ᠢᠶᠠᠨ ᠨᠢᠭᠡᠨᠲᠡ ᠭᠦᠢᠴᠡᠳᠬᠡᠭᠰᠡᠨ ᠮᠥᠷᠲᠡᠭᠡᠨ ᠲᠥᠷᠥᠯ ᠵᠦᠢᠯ ᠤᠨ ᠪᠣᠯᠣᠮᠵᠢᠲᠤ ᠰᠣᠳᠣᠯᠭᠠᠨ ᠤ ᠮᠡᠳᠡᠭᠦᠯᠦᠯᠲᠡ ᠪᠠᠨ ᠲᠤᠭᠤᠷᠪᠢᠭᠠᠳ ᠡᠬᠢᠨ ᠤ ᠬᠤᠭᠤᠴᠠᠭᠠᠨ ᠤ ᠭᠠᠷᠳᠠᠮ ᠢᠶᠠᠨ ᠦᠨᠳᠦᠰᠦᠨ ᠳᠤ ᠪᠠᠨ ᠪᠡᠶᠡᠯᠡᠭᠦᠯᠪᠡ᠃ ︵ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ︶
 
ᠢᠷᠡᠯᠲᠡ᠄ ᠦᠪᠦᠷ ᠮᠤᠩᠭᠤᠯ ‍ᠤᠨ‌ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠦᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号