8 ᠰᠠᠷ᠎ᠠ ᠶᠢᠨ 3 ᠤ ᠡᠳᠦᠷ᠂ ᠲᠦᠴᠢᠦᠸᠠᠨ ᠰᠢᠶᠠᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ | ᠳᠤᠭᠤᠶᠢᠯᠠᠩ 2024 ᠣᠨ ᠤ ᠠᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ | ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠱᠤᠸᠠᠩ ᠴᠧᠩ ᠬᠤᠷᠠᠯ ᠢ ᠡᠷᠭᠢᠯᠡᠪᠡ ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ 6 ᠰᠠᠷ᠎ᠠ ᠶᠢᠨ 27 ᠤ ᠡᠳᠦᠷ ᠤᠨ ᠲᠥᠪ ᠤᠨ ᠤᠯᠤᠰ | ᠲᠥᠷᠥ ᠶᠢᠨ ᠲᠣᠪᠴᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ | ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠤᠨ ᠲᠤᠬᠠᠶ ᠴᠢᠬᠤᠯᠠ ᠶᠠᠷᠢᠶ᠎ᠠ᠂ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ᠂《 | ᠠᠷᠠᠳ ᠤᠨ ᠡᠳᠦᠷ ᠤᠨ ᠰᠣᠨᠢᠨ ᠤ ᠬᠤᠷᠢᠶᠠᠨ ᠤ ᠥᠭᠦᠯᠡᠯ ᠳᠤᠮᠳᠠᠳᠤ ᠤᠯᠤᠰ ᠤᠨ ᠣᠨᠴᠠᠯᠢᠭ ᠲᠠᠢ | ᠣᠳᠣᠬᠢᠴᠢᠯᠠᠯᠲᠠ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠲᠦᠷᠢᠮ ᠤᠨ ᠪᠠᠲᠤᠯᠠᠭ᠎ᠠ ᠬᠠᠩᠭᠠᠶ᠎ᠠ 》ᠭᠡᠬᠦ | ᠵᠣᠬᠢᠶᠠᠯ ᠤᠨ ᠵᠣᠷᠢᠭ ᠰᠠᠨᠠᠭ᠎ᠠ᠂ ᠰᠦᠨ ᠱᠣᠤ ᠫᠢᠨ ᠨᠥᠬᠦᠷ ᠤᠨ ᠪᠥᠬᠦ ᠣᠷᠣᠨ ᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠠᠵᠢᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ | ᠳᠤ ᠣᠷᠣᠯᠴᠠᠭᠰᠠᠳ ᠪᠠᠰᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ | ᠬᠤᠷᠠᠯ ᠤᠨ ᠵᠣᠷᠢᠭ ᠰᠠᠨᠠᠭ᠎ᠠ ᠪᠠᠷ ᠭᠤᠣᠯᠳᠠᠭᠤᠯᠵᠤ᠂ ᠲᠤᠬᠠᠶᠢᠯᠠᠭᠰᠠᠨ ᠠᠵᠢᠯ ᠲᠠᠢ ᠪᠠᠨ ᠤᠶᠠᠯᠳᠤᠭᠤᠯᠤᠨ | ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠵᠠᠢ᠃ | ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ | ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ | ᠬᠡᠰᠡᠭ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠤᠨ᠎ᠠ᠂ ᠪᠦᠬᠦ ᠰᠢᠶᠠᠨ ᠳᠠᠶᠠᠭᠠᠷ ᠢᠶᠠᠨ | ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠵᠤ᠂ | ᠰᠤᠷᠤᠯᠴᠠᠨ ᠲᠤᠭᠤᠰᠢᠯᠠᠭᠤᠯᠤᠭᠰᠠᠨ ᠦᠷ᠎ᠡ ᠪᠦᠲᠦᠭᠡᠯ ᠢᠶᠠᠨ ᠠᠵᠢᠯ ᠤᠨ ᠠᠷᠭ᠎ᠠ ᠬᠡᠮᠵᠢᠶ᠎ᠡ ᠪᠠ ᠦᠷ᠎ᠡ ᠪᠦᠲᠦᠮᠵᠢ | ᠪᠣᠯᠭᠠᠨ ᠬᠤᠪᠢᠷᠠᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠠᠵᠢᠯ ᠤᠨ ᠰᠢᠨ᠎ᠡ ᠪᠠᠶᠢᠳᠠᠯ ᠢ | ᠡᠭᠦᠳᠴᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ ᠤᠨ | ᠵᠣᠷᠢᠭ ᠰᠠᠨᠠᠭ᠎ᠠ ᠶᠢ ᠮᠠᠨ ᠤ ᠰᠢᠶᠠᠨ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ | ᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ |