ᠡᠷᠳᠡᠨᠢ ᠰᠢᠰᠢ ᠶᠢ ᠨᠢᠭᠲᠠ ᠲᠠᠷᠢᠵᠤ ᠥᠨᠳᠥᠷ ᠤᠨᠠᠯᠲᠠ ᠶᠢ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ ᠡᠵᠡᠮᠳᠡᠬᠦ ᠮᠡᠷᠭᠡᠵᠢᠯ ︱ ᠰᠢᠨᠵᠢᠯᠡᠬᠦ ᠤᠬᠠᠭᠠᠨᠴᠢ ᠤᠰᠤ ᠪᠣᠷᠳᠣᠭᠤᠷ ᠤᠨ ᠬᠠᠮᠢᠶᠠᠷᠤᠯᠲᠠ ︵ᠨᠢᠭᠡ ︶ ᠰᠢᠨᠵᠢᠯᠡᠬᠦ ᠤᠬᠠᠭᠠᠨᠴᠢ ᠪᠠᠷ ᠤᠰᠤᠯᠠᠬᠤ
ᠨᠡᠶᠢᠲᠡᠯᠡᠭᠰᠡᠨ ᠴᠠᠭ᠄
2024/8/5
   ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠷ ᠤᠰᠤᠯᠠᠬᠤ ᠪᠣᠯ ᠡᠷᠳᠡᠨᠢ ᠰᠢᠰᠢ ᠶᠢᠨ ᠲᠠᠷᠢᠮᠠᠯ ᠤᠨ ᠨᠢᠭᠲᠠᠴᠠ ᠶᠢ ᠪᠦᠲᠦᠮᠵᠢᠲᠡᠶ ᠪᠠᠷ ᠨᠡᠮᠡᠭᠳᠡᠭᠦᠯᠵᠦ᠂ ᠤᠰᠤ ᠠᠷᠪᠢᠯᠠᠵᠤ ᠠᠮᠤ ᠪᠤᠳᠠᠭ᠎ᠠ ᠶᠢ ᠨᠡᠮᠡᠭᠳᠡᠭᠦᠯᠬᠦ ᠶᠢ ᠪᠡᠶᠡᠯᠡᠭᠦᠯᠬᠦ ᠶᠢᠨ ᠵᠠᠩᠭᠢᠯᠠᠭ᠎ᠠ ᠮᠥᠨ ︔ ︽ᠤᠨᠠᠯᠲᠠ ᠪᠠᠷ ᠪᠣᠷᠳᠣᠭᠤᠷ ᠲᠣᠭᠲᠠᠭᠠᠬᠤ᠂ ᠰᠢᠨᠵᠢᠯᠡᠬᠦ ᠤᠬᠠᠭᠠᠨᠴᠢ ᠪᠠᠷ ᠪᠣᠷᠳᠣᠭᠤᠷ ᠣᠷᠣᠭᠤᠯᠬᠤ ︾ ᠵᠠᠷᠴᠢᠮ ᠢ ᠡᠵᠡᠮᠳᠡᠨ ᠨᠠᠷᠢᠯᠢᠭ ᠣᠨᠣᠴᠠᠲᠠᠢ ᠪᠠᠷ ᠪᠣᠷᠳᠣᠭᠤᠷ ᠳᠤᠰᠤᠭᠠᠬᠤ ᠨᠢ ᠡᠷᠳᠡᠨᠢ ᠰᠢᠰᠢ ᠶᠢᠨ ᠤᠨᠠᠯᠲᠠ ᠶᠢ ᠨᠡᠮᠡᠭᠳᠡᠭᠦᠯᠵᠦ᠂ ᠥᠪᠡᠷ ᠤᠨ ᠥᠷᠲᠡᠭ ᠢ ᠠᠷᠪᠢᠯᠠᠨ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠬᠦ ᠳᠤ ᠠᠰᠢᠭᠲᠠᠢ ᠶᠤᠮ᠃    ᠤᠰᠤᠯᠠᠯᠲᠠ ᠶᠢᠨ ᠬᠤᠭᠤᠴᠠᠭ᠎ᠠ᠄ ᠪᠦᠬᠦ᠋ᠢᠯᠡ ᠦᠷᠡᠵᠢᠯ ᠤᠨ ᠬᠤᠭᠤᠴᠠᠭ᠎ᠠ ᠨᠢ ᠶᠡᠷᠦ ᠳᠡᠭᠡᠨ ᠳᠠᠷᠢᠭᠰᠠᠨ ᠤ ᠳᠠᠷᠠᠭᠠᠬᠢ 3 ᠡᠳᠦᠷ᠂ ᠦᠶᠡᠯᠡᠬᠦ ᠬᠤᠭᠤᠴᠠᠭ᠎ᠠ ︵6 ᠨᠠᠪᠴᠢ ᠳᠡᠯᠭᠡᠬᠦ ︶᠂ ᠪᠠᠭ᠎ᠠ ᠪᠦᠷᠢᠶᠡᠨ ᠤ ᠠᠮᠠᠰᠠᠷ ᠤᠨ ᠬᠤᠭᠤᠴᠠᠭ᠎ᠠ ︵9 ᠨᠠᠪᠴᠢ ᠳᠡᠯᠭᠡᠬᠦ ︶᠂ ᠶᠡᠭᠡ ᠪᠦᠷᠢᠶᠡᠨ ᠤ ᠠᠮᠠᠰᠠᠷ ᠤᠨ ᠬᠤᠭᠤᠴᠠᠭ᠎ᠠ ︵12 ᠨᠠᠪᠴᠢ ᠳᠡᠯᠭᠡᠬᠦ ︶᠂ ᠡᠷ᠎ᠡ ᠰᠣᠷᠣᠬᠤ ᠬᠤᠭᠤᠴᠠᠭ᠎ᠠ᠂ ᠮᠢᠨᠳᠠᠰᠤ ᠪᠥᠭᠡᠯᠵᠢᠬᠦ ᠬᠤᠭᠤᠴᠠᠭ᠎ᠠ᠂ ᠢᠳᠡᠭᠡ ᠬᠤᠷᠠᠬᠤ ᠬᠤᠭᠤᠴᠠᠭ᠎ᠠ ︵ᠮᠢᠨᠳᠠᠰᠤ ᠪᠥᠭᠡᠯᠵᠢᠭᠰᠡᠨ ᠤ ᠳᠠᠷᠠᠭᠠᠬᠢ 15 ᠡᠳᠦᠷ ︶᠂ ᠰᠦ᠋ ᠪᠣᠯᠪᠠᠰᠤᠷᠠᠬᠤ ᠬᠤᠭᠤᠴᠠᠭ᠎ᠠ ︵ᠮᠢᠨᠳᠠᠰᠤ ᠪᠥᠭᠡᠯᠵᠢᠭᠰᠡᠨ ᠤ ᠳᠠᠷᠠᠭᠠᠬᠢ 30 ᠡᠳᠦᠷ ︶ ᠶᠢᠨ ᠳᠣᠲᠣᠷ᠎ᠠ ᠪᠣᠯᠤᠨ᠎ᠠ᠃    ᠤᠰᠤᠯᠠᠯᠲᠠ ᠶᠢᠨ ᠲᠤᠭ᠎ᠠ ᠪᠠ ᠤᠰᠤᠯᠠᠯᠲᠠ ᠶᠢᠨ ᠬᠡᠮᠵᠢᠶ᠎ᠡ᠄ ᠪᠣᠷᠣᠭᠠᠨ ᠤ ᠬᠡᠮᠵᠢᠶ᠎ᠡ᠂ ᠬᠥᠷᠥᠰᠥᠨ ᠤ ᠴᠢᠭᠢᠭ ᠤᠨ ᠪᠠᠶᠢᠳᠠᠯ ᠵᠢᠴᠢ ᠤᠰᠤ ᠬᠠᠳᠠᠭᠠᠯᠠᠬᠤ ᠴᠢᠳᠠᠪᠤᠷᠢ ᠵᠡᠷᠭᠡ ᠡᠯᠧᠮᠧᠨ᠋ᠲ ᠢ ᠦᠨᠳᠦᠰᠦᠯᠡᠵᠦ ᠤᠰᠤᠯᠠᠯᠲᠠ ᠶᠢᠨ ᠲᠤᠭ᠎ᠠ ᠪᠠ ᠤᠰᠤᠯᠠᠯᠲᠠ ᠶᠢᠨ ᠬᠡᠮᠵᠢᠶ᠎ᠡ ᠶᠢ ᠲᠣᠭᠲᠠᠭᠠᠨ᠎ᠠ᠃    ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ᠄ ᠠᠰᠢᠭᠲᠤ ᠬᠤᠷ᠎ᠠ ᠲᠤᠨᠳᠠᠰᠤᠨ ᠤ ᠬᠡᠮᠵᠢᠶ᠎ᠡ ᠨᠢ 300mm ᠠᠴᠠ ᠳᠡᠭᠡᠭᠰᠢ ᠬᠦᠷᠬᠦ ᠳᠤ᠂ ᠳᠠᠷᠢᠬᠤ ᠨᠢᠭᠲᠠᠴᠠ ᠨᠢ 6000 ᠰᠠᠭᠤᠷᠢ / ᠮᠦ᠂ ᠡᠷᠳᠡᠨᠢ ᠰᠢᠰᠢ ᠶᠢᠨ ᠪᠥᠬᠦ ᠦᠷᠡᠵᠢᠯ ᠤᠨ ᠬᠤᠭᠤᠴᠠᠭᠠᠨ ᠤ ᠶᠡᠷᠦᠩᠬᠡᠢ ᠤᠰᠤᠯᠠᠯᠲᠠ ᠶᠢᠨ ᠤᠰᠤᠨ ᠤ ᠬᠡᠮᠵᠢᠶ᠎ᠡ ᠨᠢ 180-240m3/ ᠮᠦ᠂ 7-8 ᠤᠳᠠᠭ᠎ᠠ ᠳᠤᠰᠤᠯᠭᠠᠨ ᠤᠰᠤᠯᠠᠨ᠎ᠠ ︔ ᠳᠠᠷᠢᠬᠤ ᠨᠢᠭᠲᠠᠴᠠ ᠨᠢ 8000 ᠰᠠᠭᠤᠷᠢ / ᠮᠦ᠂ ᠡᠷᠳᠡᠨᠢ ᠰᠢᠰᠢ ᠶᠢᠨ ᠪᠥᠬᠦ ᠦᠷᠡᠵᠢᠯ ᠤᠨ ᠬᠤᠭᠤᠴᠠᠭᠠᠨ ᠤ ᠶᠡᠷᠦᠩᠬᠡᠢ ᠤᠰᠤᠯᠠᠯᠲᠠ ᠶᠢᠨ ᠤᠰᠤᠨ ᠤ ᠬᠡᠮᠵᠢᠶ᠎ᠡ ᠨᠢ 240-320m3/ ᠮᠦ᠂ 7-8 ᠤᠳᠠᠭ᠎ᠠ ᠳᠤᠰᠤᠯᠭᠠᠨ ᠤᠰᠤᠯᠠᠨ᠎ᠠ᠃ ᠲᠤᠨᠳᠠᠰᠤᠨ ᠤ ᠬᠡᠮᠵᠢᠶ᠎ᠡ ᠨᠢ 200mm ᠣᠷᠴᠢᠮ ᠤᠨ ᠭᠠᠵᠠᠷ ᠣᠷᠣᠨ ᠳᠤ᠂ ᠳᠠᠷᠢᠬᠤ ᠨᠢᠭᠲᠠᠴᠠ ᠨᠢ 6000 ᠰᠠᠭᠤᠷᠢ \ ᠮᠦ᠂ ᠡᠷᠳᠡᠨᠢ ᠰᠢᠰᠢ ᠶᠢᠨ ᠪᠥᠬᠦ ᠦᠷᠡᠵᠢᠯ ᠤᠨ ᠬᠤᠭᠤᠴᠠᠭᠠᠨ ᠤ ᠶᠡᠷᠦᠩᠬᠡᠢ ᠤᠰᠤᠯᠠᠯᠲᠠ ᠶᠢᠨ ᠤᠰᠤᠨ ᠤ ᠬᠡᠮᠵᠢᠶ᠎ᠡ ᠨᠢ 240-300m3/ ᠮᠦ᠂ 8-9 ᠤᠳᠠᠭ᠎ᠠ ᠳᠤᠰᠤᠯᠭᠠᠨ ᠤᠰᠤᠯᠠᠨ᠎ᠠ ︔ ᠳᠠᠷᠢᠬᠤ ᠨᠢᠭᠲᠠᠴᠠ ᠨᠢ 8000 ᠰᠠᠭᠤᠷᠢ \ ᠮᠦ᠂ ᠡᠷᠳᠡᠨᠢ ᠰᠢᠰᠢ ᠶᠢᠨ ᠪᠥᠬᠦ ᠦᠷᠡᠵᠢᠯ ᠤᠨ ᠬᠤᠭᠤᠴᠠᠭᠠᠨ ᠤ ᠶᠡᠷᠦᠩᠬᠡᠢ ᠤᠰᠤᠯᠠᠯᠲᠠ ᠶᠢᠨ ᠤᠰᠤᠨ ᠤ ᠬᠡᠮᠵᠢᠶ᠎ᠡ ᠨᠢ 320-360m3/ ᠮᠦ᠂ 8-9 ᠤᠳᠠᠭ᠎ᠠ ᠳᠤᠰᠤᠯᠭᠠᠨ ᠤᠰᠤᠯᠠᠨ᠎ᠠ᠃    ᠵᠡᠭᠦᠨ ᠬᠡᠰᠡᠭ ᠤᠨ ᠭᠠᠵᠠᠷ ᠣᠷᠣᠨ᠄ ᠠᠰᠢᠭᠲᠤ ᠬᠤᠷ᠎ᠠ ᠲᠤᠨᠳᠠᠰᠤᠨ ᠤ ᠬᠡᠮᠵᠢᠶ᠎ᠡ ᠨᠢ 300mm ᠠᠴᠠ ᠳᠡᠭᠡᠭᠰᠢ ᠬᠦᠷᠴᠦ᠂ ᠤᠰᠤ ᠪᠣᠷᠳᠣᠭᠤᠷ ᠬᠠᠳᠠᠭᠠᠯᠠᠬᠤ ᠪᠠᠷ ᠨᠡᠯᠢᠶᠡᠳ ᠰᠠᠶᠢᠨ ᠭᠠᠵᠠᠷ ᠲᠤ ᠳᠠᠷᠢᠬᠤ ᠨᠢᠭᠲᠠᠴᠠ ᠨᠢ 4000 ᠰᠠᠭᠤᠷᠢ / ᠮᠦ᠂ ᠡᠷᠳᠡᠨᠢ ᠰᠢᠰᠢ ᠶᠢᠨ ᠪᠥᠬᠦ ᠦᠷᠡᠵᠢᠯ ᠤᠨ ᠬᠤᠭᠤᠴᠠᠭᠠᠨ ᠤ ᠶᠡᠷᠦᠩᠬᠡᠢ ᠤᠰᠤᠯᠠᠯᠲᠠ ᠶᠢᠨ ᠤᠰᠤᠨ ᠤ ᠬᠡᠮᠵᠢᠶ᠎ᠡ ᠨᠢ 120-150m3/᠂ 6-7 ᠤᠳᠠᠭ᠎ᠠ ᠳᠤᠰᠤᠯᠭᠠᠨ ᠤᠰᠤᠯᠠᠨ᠎ᠠ ︔ ᠤᠰᠤ ᠪᠣᠷᠳᠣᠭᠤᠷ ᠢ ᠪᠠᠲᠤᠯᠠᠬᠤ ᠪᠠᠷ ᠪᠠᠷᠤᠭᠲᠠᠢ ᠭᠠᠵᠠᠷ ᠲᠤ ᠪᠥᠬᠦ ᠦᠷᠡᠵᠢᠯ ᠤᠨ ᠬᠤᠭᠤᠴᠠᠭᠠᠨ ᠤ ᠶᠡᠷᠦᠩᠬᠡᠢ ᠤᠰᠤᠯᠠᠯᠲᠠ ᠶᠢᠨ ᠬᠡᠮᠵᠢᠶ᠎ᠡ ᠨᠢ 150-180m3/ ᠮᠦ᠂ 7-8 ᠤᠳᠠᠭ᠎ᠠ ᠳᠤᠰᠤᠯᠭᠠᠨ ᠤᠰᠤᠯᠠᠨ᠎ᠠ᠃ 6000 ᠰᠠᠭᠤᠷᠢ / ᠮᠦ ᠥᠨᠳᠥᠷ ᠨᠢᠭᠲᠠᠴᠠ ᠲᠠᠢ ᠳᠠᠷᠢᠭᠰᠠᠨ ᠡᠷᠳᠡᠨᠢ ᠰᠢᠰᠢ ᠶᠢᠨ ᠤᠰᠤ ᠪᠣᠷᠳᠣᠭᠤᠷ ᠢ ᠪᠠᠲᠤᠯᠠᠬᠤ ᠰᠠᠶᠢᠨ ᠲᠠᠷᠢᠶᠠᠨ ᠭᠠᠵᠠᠷ ᠤᠨ ᠪᠥᠬᠦ ᠦᠷᠡᠵᠢᠯ ᠤᠨ ᠬᠤᠭᠤᠴᠠᠭᠠᠨ ᠳᠠᠬᠢ ᠶᠡᠷᠦᠩᠬᠡᠢ ᠤᠰᠤᠯᠠᠯᠲᠠ ᠶᠢᠨ ᠤᠰᠤᠨ ᠤ ᠬᠡᠮᠵᠢᠶ᠎ᠡ ᠨᠢ 180︱220 m3/ ᠮᠦ᠂ 7︱8 ᠤᠳᠠᠭ᠎ᠠ ᠳᠤᠰᠤᠯᠭᠠᠨ ᠤᠰᠤᠯᠠᠨ᠎ᠠ ︔ ᠤᠰᠤ ᠪᠣᠷᠳᠣᠭᠤᠷ ᠢ ᠪᠠᠲᠤᠯᠠᠬᠤ ᠪᠠᠷ ᠪᠠᠷᠤᠭᠲᠠᠢ ᠭᠠᠵᠠᠷ ᠤᠨ ᠪᠥᠬᠦ ᠦᠷᠡᠵᠢᠯ ᠤᠨ ᠬᠤᠭᠤᠴᠠᠭᠠᠨ ᠤ ᠶᠡᠷᠦᠩᠬᠡᠢ ᠤᠰᠤᠯᠠᠯᠲᠠ ᠶᠢᠨ ᠬᠡᠮᠵᠢᠶ᠎ᠡ ᠨᠢ 200-240m3/ ᠮᠦ᠂ 8-9 ᠤᠳᠠᠭ᠎ᠠ ᠳᠤᠰᠤᠯᠭᠠᠨ ᠤᠰᠤᠯᠠᠨ᠎ᠠ᠃ ᠲᠤᠨᠳᠠᠰᠤᠨ ᠤ ᠬᠡᠮᠵᠢᠶ᠎ᠡ ᠨᠢ 200mm ᠣᠷᠴᠢᠮ ᠤᠨ ᠭᠠᠵᠠᠷ ᠣᠷᠣᠨ ᠳᠤ᠂ ᠪᠥᠬᠦ ᠦᠷᠡᠵᠢᠯ ᠤᠨ ᠬᠤᠭᠤᠴᠠᠭᠠᠨ ᠤ ᠶᠡᠷᠦᠩᠬᠡᠢ ᠤᠰᠤᠯᠠᠯᠲᠠ ᠶᠢᠨ ᠤᠰᠤᠨ ᠤ ᠬᠡᠮᠵᠢᠶ᠎ᠡ ᠨᠢ 200-240m3/ ᠮᠦ᠂ 8-9 ᠤᠳᠠᠭ᠎ᠠ ᠳᠤᠰᠤᠯᠭᠠᠨ ᠤᠰᠤᠯᠠᠨ᠎ᠠ᠃
   ᠠᠩᠬᠠᠷᠬᠤ ᠵᠦᠢᠯ᠄    1. ᠶᠡᠷᠦ ᠳᠡᠭᠡᠨ ᠳᠠᠷᠢᠭᠰᠠᠨ ᠤ ᠳᠠᠷᠠᠭᠠᠬᠢ 3 ᠡᠳᠦᠷ ᠤᠨ ᠳᠣᠲᠣᠷ᠎ᠠ᠂ ᠬᠤᠭᠤᠯᠠᠢ ᠶᠢᠨ ᠪᠦᠰᠡ ᠶᠢ ᠵᠠᠯᠭᠠᠵᠤ ᠨᠢᠭᠡ ᠤᠳᠠᠭ᠎ᠠ ᠳᠤᠰᠤᠯᠭᠠᠨ ᠤᠰᠤᠯᠠᠬᠤ ᠬᠡᠷᠡᠭᠲᠡᠢ᠂ ᠤᠰᠤᠯᠠᠯᠲᠠ ᠶᠢᠨ ᠬᠡᠮᠵᠢᠶ᠎ᠡ ᠨᠢ 15-20m3/ ᠮᠦ᠂ ᠴᠢᠭᠢᠭᠲᠦᠭᠦᠯᠦᠨ ᠳᠠᠷᠢᠭᠰᠠᠨ ᠮᠦᠷ ᠤᠨ 5cm ᠣᠷᠴᠢᠮ ᠳᠤ ᠵᠣᠬᠢᠨ᠎ᠠ᠂ ᠳᠤᠰᠤᠯᠭᠠᠵᠤ ᠴᠢᠬᠢ ᠭᠠᠷᠭᠠᠬᠤ ᠪᠠᠷ ᠳᠠᠮᠵᠢᠨ ᠴᠢᠬᠢ ᠶᠢᠨ ᠶᠠᠰᠤ ᠴᠢᠨᠠᠷ ᠪᠠ ᠵᠢᠭᠳᠡ ᠬᠡᠮᠵᠢᠶ᠎ᠡ ᠶᠢ ᠪᠠᠲᠤᠯᠠᠨ᠎ᠠ᠃    2. ᠡᠷᠳᠡᠨᠢ ᠰᠢᠰᠢ ᠶᠢ ᠴᠢᠬᠢᠯᠡᠭᠦᠯᠬᠦ ᠤᠰᠤ ᠲᠤᠰᠤᠯᠭᠠᠬᠤ ᠠᠴᠠ ᠠᠪᠤᠭᠠᠳ ᠦᠷᠡᠵᠢᠯ ᠤᠨ ᠬᠤᠭᠤᠴᠠᠭᠠᠨ ᠤ ᠠᠩᠬᠠᠳᠠᠭᠴᠢ ᠤᠰᠤ ᠶᠢ ᠳᠤᠰᠤᠯᠭᠠᠬᠤ ᠬᠦᠷᠲᠡᠯᠡᠬᠢ ᠬᠤᠭᠤᠴᠠᠭᠠᠨ ᠤ 55-60 ᠡᠳᠦᠷ ᠲᠤ ︽ᠴᠢᠬᠢ ᠶᠢᠨ ᠬᠦᠷᠦᠰᠦ ᠶᠢ ᠨᠢ ᠰᠤᠯᠠᠷᠠᠭᠤᠯᠵᠤ ᠡᠰᠢ ᠶᠢ ᠨᠢ ᠪᠦᠳᠦᠭᠦᠷᠡᠭᠦᠯᠬᠦ ︾ ᠬᠡᠷᠡᠭᠲᠡᠢ᠂ ᠤᠰᠤ ᠳᠤᠰᠤᠯᠭᠠᠵᠤ ᠪᠣᠷᠳᠣᠭᠤᠷ ᠣᠷᠣᠭᠤᠯᠵᠤ ᠪᠣᠯᠬᠤ ᠦᠭᠡᠢ᠃    3. ᠪᠠᠭ᠎ᠠ ᠬᠡᠮᠵᠢᠶ᠎ᠡ ᠪᠠᠷ ᠤᠯᠠᠨ ᠤᠳᠠᠭ᠎ᠠ ᠬᠢᠬᠦ ᠠᠷᠭ᠎ᠠ ᠶᠢ ᠠᠪᠴᠤ᠂ ᠠᠵᠢᠯᠴᠢ ᠠᠷᠪᠢᠴᠢ ᠪᠠᠷ ᠪᠠᠭ᠎ᠠ ᠳᠤᠰᠤᠯᠭᠠᠵᠤ᠂ ᠡᠷᠳᠡᠨᠢ ᠰᠢᠰᠢ ᠶᠢᠨ ᠦᠷᠡᠵᠢᠯ ᠤᠨ ᠬᠤᠭᠤᠴᠠᠭᠠᠨ ᠳᠤ ᠭᠠᠩ ᠬᠠᠭᠰᠠᠷᠠᠭᠠᠨ ᠤ ᠰᠦᠷᠳᠡᠭᠦᠯᠦᠯ ᠦᠭᠡᠢ ᠪᠠᠶᠢᠬᠤ ᠶᠢ ᠦᠨᠡᠨᠬᠦ ᠪᠠᠲᠤᠯᠠᠬᠤ ᠶᠢᠨ ᠬᠠᠮᠲᠤ ᠲᠣᠮᠣ ᠪᠦᠷᠢᠶᠡᠨ ᠤ ᠠᠮᠠᠰᠠᠷ ᠤᠨ ᠬᠤᠭᠤᠴᠠᠭ᠎ᠠ᠂ ᠴᠡᠴᠡᠭ ᠳᠡᠯᠭᠡᠷᠡᠨ ᠰᠢᠷᠬᠡᠭ ᠪᠥᠭᠡᠯᠵᠢᠬᠦ ᠬᠤᠭᠤᠴᠠᠭ᠎ᠠ᠂ ᠦᠷ᠎ᠡ ᠪᠦᠷᠢᠯᠳᠦᠬᠦ ᠬᠤᠭᠤᠴᠠᠭ᠎ᠠ᠂ ᠢᠳᠡᠭᠡ ᠬᠤᠷᠠᠬᠤ ᠳᠤᠮᠳᠠ ᠪᠠ ᠰᠡᠭᠦᠯᠴᠢ ᠬᠤᠭᠤᠴᠠᠭᠠᠨ ᠤ ᠡᠷᠳᠡᠨᠢ ᠰᠢᠰᠢ ᠶᠢᠨ ᠤᠰᠤᠨ ᠤ ᠬᠡᠷᠡᠭᠴᠡᠭᠡ ᠱᠠᠭᠠᠷᠳᠠᠯᠭ᠎ᠠ ᠶᠢ ᠭᠤᠣᠯᠳᠠᠯᠭ᠎ᠠ ᠲᠠᠢ ᠪᠠᠲᠤᠯᠠᠬᠤ ᠬᠡᠷᠡᠭᠲᠡᠢ᠃    4. ᠳᠠᠷᠢᠬᠤ ᠨᠢᠭᠲᠠᠴᠠ ᠨᠢ ᠨᠡᠯᠢᠶᠡᠳ ᠶᠡᠭᠡ᠂ ᠠᠰᠢᠭᠲᠤ ᠬᠤᠷ᠎ᠠ ᠲᠤᠨᠤᠳᠠᠰᠤ ᠶᠢᠨ ᠬᠡᠮᠵᠢᠶ᠎ᠡ ᠪᠠᠷ ᠬᠦᠷᠦᠯᠴᠡᠬᠦ ᠦᠭᠡᠢ ᠪᠤᠶᠤ ᠤᠰᠤ ᠪᠣᠷᠳᠣᠭᠤᠷ ᠬᠠᠳᠠᠭᠠᠯᠠᠬᠤ ᠦᠷ᠎ᠡ ᠪᠦᠲᠦᠮᠵᠢ ᠪᠠᠷ ᠨᠡᠯᠢᠶᠡᠳ ᠠᠨᠠᠢ ᠭᠠᠵᠠᠷ ᠲᠤ ᠳᠤᠰᠤᠯᠭᠠᠨ ᠤᠰᠤᠯᠠᠬᠤ ᠤᠳᠠᠭ᠎ᠠ ᠪᠠ ᠳᠤᠰᠤᠯᠭᠠᠨ ᠤᠰᠤᠯᠠᠬᠤ ᠬᠡᠮᠵᠢᠶ᠎ᠡ ᠶᠢ ᠵᠣᠬᠢᠬᠤ ᠬᠡᠮᠵᠢᠶ᠎ᠡ ᠪᠠᠷ ᠨᠡᠮᠡᠭᠳᠡᠭᠦᠯᠵᠦ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号