ᠱᠦᠶ ᠴᠢᠤᠸᠠᠨ ᠪᠠᠯᠭᠠᠰᠤ ᠪᠥᠬᠦ ᠬᠦᠴᠦᠨ ᠢᠶᠠᠷ ᠢᠶᠠᠨ ᠪᠠᠶᠢᠴᠠᠭᠠᠨ‌‍ᠬᠦ᠋ᠷᠦᠰᠦ ᠰᠢᠷᠤᠢ ᠶᠢ ᠰᠠᠬᠢᠨ ᠬᠠᠮᠠᠭᠠᠯᠠᠵᠦ ᠲᠠᠷᠢᠬᠤ ᠶᠢ ᠴᠠᠭᠠᠵᠠᠯᠠᠵᠤ ᠬᠤᠤᠷᠲᠤ ᠡᠳ᠋ ᠶᠢ ᠠᠷᠢᠯᠭᠠᠨ᠎ᠠ
ᠨᠡᠶᠢᠲᠡᠯᠡᠭᠰᠡᠨ ᠴᠠᠭ᠄
2024/8/6
   ︽ᠡᠵᠢ ᠡ᠂ ᠣᠳᠣ ᠪᠦᠬᠦ ᠪᠠᠯᠭᠠᠰᠤ ᠪᠠᠷ ᠢᠶᠠᠨ ᠬᠠᠤᠯᠢ ᠪᠤᠰᠤ ᠪᠠᠷ ᠣᠯᠣᠰᠣ ᠪᠠ ᠠᠮᠤ ᠴᠡᠴᠡᠭ ᠲᠠᠷᠢᠭᠰᠠᠨ ᠢ ᠪᠠᠶᠢᠴᠠᠭᠠᠵᠤ ᠪᠠᠶᠢᠨ᠎ᠠ᠂ ᠪᠢ ᠭᠡᠷ ᠤᠨ ᠠᠷᠤ ᠥᠪᠥᠷ ᠪᠠ ᠬᠠᠷᠢᠶᠠᠨ ᠲᠤ ᠤᠷᠤᠵᠦ ᠦᠵᠡᠶ᠎ᠡ᠃ ᠡᠨᠡ ᠪᠣᠯ ᠣᠯᠣᠰᠣ ᠪᠣᠯᠤᠨ ᠠᠮᠤ ᠴᠡᠴᠡᠭ ᠤᠨ ᠰᠡᠭᠦᠳᠡᠷ᠂ ᠲᠠ ᠦᠵᠡᠭᠡᠷᠡᠶ᠂ ᠬᠡᠷᠪᠡ ᠡᠭᠦᠨ ᠢ ᠣᠯᠵᠤ ᠦᠵᠡᠪᠡᠯ ᠳᠠᠷᠤᠶ ᠪᠢᠳᠡᠨ ᠢ ᠡᠷᠢᠬᠦ ᠪᠤᠶᠤ 110 ᠳᠤ ᠤᠲᠠᠰᠤᠳᠠᠭᠠᠷᠠᠶ᠃︾ ᠭᠡᠵᠦ ᠲᠤᠬᠠᠶ ᠶᠢᠨ ᠭᠠᠵᠠᠷ ᠲᠤᠨᠢ ᠪᠠᠶᠢᠴᠠᠭᠠᠵᠤ ᠪᠠᠶᠢᠭᠰᠠᠨ ᠠᠷᠠᠳ ᠤᠨ ᠴᠠᠭᠳᠠᠭ᠎ᠠ ᠸᠠᠩ ᠡᠵᠢ ᠳᠤ ᠬᠡᠯᠡᠨ᠎ᠡ᠃
   ᠲᠠᠷᠢᠬᠤ ᠶᠢ ᠴᠠᠭᠠᠵᠠᠯᠠᠵᠤ ᠬᠤᠤᠷ ᠠᠷᠢᠯᠭᠠᠬᠤ ᠠᠵᠢᠯ ᠢ ᠭᠦᠨᠵᠡᠭᠡᠶ ᠥᠷᠨᠢᠭᠦᠯᠵᠦ᠂ ᠠᠮᠤ ᠴᠡᠴᠡᠭ᠂ ᠣᠯᠣᠰᠣ ᠵᠡᠷᠭᠡ ᠬᠤᠤᠷᠲᠤ ᠡᠳ᠋ ᠤᠨ ᠤᠤᠯ ᠤᠷᠭᠤᠮᠠᠯ ᠢ ᠬᠠᠤᠯᠢ ᠪᠤᠰᠤ ᠪᠠᠷ ᠳᠠᠷᠢᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠡᠷᠭᠡᠶᠢᠯᠡᠨ ᠬᠤᠷᠢᠭᠯᠠᠬᠤ ᠶᠢᠨ ᠲᠤᠰᠠᠳᠠ᠂ ᠥᠷᠭᠡᠨ ᠣᠯᠠᠨ ᠲᠦᠮᠡᠨ ᠤ ᠲᠠᠷᠢᠬᠤ ᠶᠢ ᠴᠠᠭᠠᠵᠠᠯᠠᠵᠤ ᠬᠤᠤᠷ ᠠᠷᠢᠯᠭᠠᠬᠤ ᠦᠵᠡᠯ ᠤᠬᠠᠮᠰᠠᠷ ᠪᠣᠯᠤᠨ ᠬᠠᠤᠯᠢ ᠪᠠᠷ ᠵᠠᠰᠠᠬᠤ ᠦᠵᠡᠯᠲᠡ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠬᠤᠤᠷ ᠥᠬᠡᠶ ᠪᠣᠬᠢᠷᠲᠤᠯ ᠥᠬᠡᠶ ᠰᠠᠶᠢᠨ ᠰᠠᠶᠢᠬᠠᠨ ᠬᠡᠷ ᠣᠷᠣᠨ ᠢ ᠪᠥᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠪᠠ᠃ ᠣᠶᠢᠷ᠎ᠠ ᠳᠤ᠂ ᠱᠦᠶ ᠴᠢᠤᠸᠠᠨ ᠪᠠᠯᠭᠠᠰᠤ ︽ᠳᠠᠷᠢᠬᠤ ᠥᠬᠡᠶ︾ ᠪᠠᠶᠢᠬᠤ ᠶᠢ ᠦᠨᠡᠨ ᠬᠦ ᠪᠠᠲᠤᠯᠠᠬᠤ ᠪᠠᠷ ᠬᠠᠷᠠᠯᠲᠠ ᠪᠣᠯᠭᠠᠵᠤ᠂ ᠲᠠᠷᠢᠬᠤ ᠶᠢ ᠴᠠᠭᠠᠵᠠᠯᠠᠬᠤ ᠬᠤᠤᠷ ᠠᠷᠢᠯᠭᠠᠬᠤ ᠲᠤᠰᠬᠠᠶ ᠠᠵᠢᠯᠯᠠᠭ᠎ᠠ ᠶᠢ ᠦᠷᠭᠦᠯᠵᠢᠯᠡᠨ ᠯᠠᠪᠳᠠᠭᠤᠨ ᠪᠠᠲᠤᠲᠠᠶ ᠥᠷᠨᠢᠭᠦᠯᠪᠡ᠃
   ᠪᠠᠶᠢᠷᠢᠯᠠᠭᠤᠯᠤᠯᠳᠠ ᠶᠢ ᠠᠬᠢᠭᠤᠯᠵᠦ ᠨᠠᠶᠢᠳᠠᠪᠤᠷᠢᠵᠢᠭᠤᠯᠤᠯᠲᠠ ᠶᠢ ᠴᠢᠬᠤᠯᠠᠴᠢᠯᠠᠨ᠎ᠠ᠃ ᠱᠦᠶ ᠴᠢᠤᠸᠠᠨ ᠪᠠᠯᠭᠠᠰᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠳᠤᠭᠤᠢᠯᠠᠩ ᠤᠨ ᠳᠠᠷᠤᠭ᠎ᠠ ᠪᠤᠯᠵᠦ᠂ ᠲᠣᠮᠢᠯᠠᠭᠰᠠᠨ ᠰᠠᠯᠪᠤᠷᠢ᠂ ᠬᠠᠤᠯᠢ ᠴᠠᠭᠠᠵᠠ ᠶᠢᠨ ᠭᠠᠵᠠᠷ᠂ ᠶᠡᠷᠦᠩᠬᠡᠶᠢᠯᠡᠨ ᠵᠠᠰᠠᠬᠤ ᠠᠯᠪᠠᠨ ᠭᠡᠷ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠪᠠᠷ ᠪᠦᠷᠢᠯᠳᠦᠬᠦᠨ ᠪᠣᠯᠭᠠᠭᠰᠠᠨ ᠲᠠᠷᠢᠬᠤ ᠶᠢ ᠴᠠᠭᠠᠵᠠᠯᠠᠵᠤ ᠬᠤᠤᠷ ᠠᠷᠢᠯᠭᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠦ᠂ ᠨᠠᠷᠢᠨ ᠲᠣᠳᠣᠷᠬᠠᠶ ᠠᠵᠢᠯ ᠤᠨ ᠲᠥᠰᠦᠯ ᠲᠣᠭᠲᠠᠭᠠᠪᠠ᠃ ᠲᠡᠷᠡ ᠳᠠᠷᠤᠢ ᠳᠤᠨᠢ ᠲᠤᠰᠬᠠᠢ ᠰᠡᠳᠦᠪᠲᠦ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠤᠨ᠂ ᠲᠠᠷᠢᠬᠤ ᠶᠢ ᠴᠠᠭᠠᠵᠠᠯᠠᠵᠦ ᠬᠤᠣᠷ ᠢ ᠠᠷᠢᠯᠭᠠᠬᠤ ᠠᠵᠢᠯ ᠢ ᠲᠣᠬᠢᠷᠠᠭᠤᠯᠤᠨ  ᠪᠠᠶᠢᠷᠢᠯᠠᠭᠤᠯᠵᠦ᠂ ᠠᠵᠢᠯ ᠤᠨ ᠬᠠᠷᠠᠯᠲᠠ ᠪᠠᠨ ᠲᠤᠳᠤᠷᠬᠠᠶᠢᠯᠠᠵᠦ᠂ ᠡᠭᠦᠷᠭᠡ ᠪᠠ ᠱᠠᠭᠠᠷᠳᠠᠯᠭ᠎ᠠ᠂ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠪᠠ᠂ ᠬᠡᠪᠢᠰ ᠮᠠᠶ᠋ᠢᠭ ᠤᠨ ᠪᠠᠶᠢᠴᠠᠭᠠᠬᠤ ᠶᠢ ᠪᠥᠬᠦ ᠲᠠᠯ᠎ᠠ ᠪᠠᠷ ᠥᠷᠨᠢᠭᠦᠯᠦᠨ᠎ᠡ᠂ ᠬᠠᠷᠢᠭᠤᠴᠠᠯᠭ᠎ᠠ ᠶᠢ ᠱᠠᠲᠤ ᠱᠠᠲᠤ ᠪᠠᠷ ᠲᠣᠰᠬᠤᠨ ᠳᠤ ᠬᠦᠷᠲᠡᠯ᠎ᠡ ᠬᠤᠪᠢᠶᠠᠵᠤ᠂ ᠬᠥᠮᠦᠨ ᠳᠤ ᠬᠦᠷᠦᠨ᠎ᠡ᠂ ︽ᠭᠤᠤᠯ ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠬᠤ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠣᠳᠠᠲᠠᠶ ᠠᠳᠬᠤᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠬᠠᠮᠵᠢᠯᠴᠠᠨ ᠠᠳᠬᠤᠵᠦ᠂ ᠡᠯ᠎ᠡ ᠲᠣᠰᠬᠤᠨ ᠬᠤᠷᠰᠢᠶ᠎ᠠ ᠬᠠᠮᠲᠤ  ᠪᠠᠷ ᠠᠳᠬᠤᠬᠤ︾ ᠠᠵᠢᠯ ᠤᠨ ᠪᠠᠶᠢᠷᠢᠰᠢᠯ ᠢ ᠪᠦᠷᠢᠯᠳᠦᠭᠦᠯᠦᠨ᠎ᠡ᠃
  ᠲᠤᠬᠠᠢ ᠶᠢᠨ ᠭᠠᠵᠠᠷ ᠲᠤ ᠬᠤᠤᠷ ᠤᠨ ᠦᠨᠳᠦᠰᠦ ᠶᠢ ᠪᠠᠶᠢᠴᠠᠭᠠᠨ ᠠᠷᠢᠯᠭᠠᠨ᠎ᠠ᠃ ᠪᠦᠬᠦᠨ ᠢ ᠬᠠᠮᠤᠷᠴᠤ ᠪᠦᠬᠦ ᠤᠷᠤᠨ ᠬᠡᠪᠴᠢᠶᠡᠨ ᠤ ᠲᠠᠷᠢᠬᠤ ᠶᠢ ᠴᠠᠭᠠᠵᠠᠯᠠᠬᠤ ᠬᠤᠤᠷ ᠠᠷᠢᠯᠭᠠᠬᠤ ᠲᠤᠰᠬᠠᠶ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠦᠨ᠎ᠡ᠃ ᠪᠠᠯᠭᠠᠰᠤ ᠲᠣᠰᠬᠤᠨ ᠤ ᠺᠠᠳ᠋ᠷ᠂ ᠨᠠᠮ ᠤᠨ ᠭᠡᠰᠢᠭᠦᠨ᠂ ᠲᠣᠣᠷᠵᠢᠭᠰᠠᠨ ᠬᠠᠮᠢᠶᠠᠷᠤᠯᠲᠠ ᠶᠢᠨ ᠠᠵᠢᠯᠲᠠᠨ᠂ ᠰᠠᠶᠢᠨ ᠳᠤᠷᠠᠴᠤᠳ ᠬᠠᠷᠢᠶ᠎ᠠ ᠲᠣᠭᠤᠷᠢᠭ ᠲᠠᠭᠠᠨ ᠭᠦᠨᠵᠡᠭᠡᠶᠢᠷᠡᠵᠦ᠂ ᠰᠤᠯᠠ ᠪᠠᠶᠢᠭ᠎ᠠ ᠬᠦᠷᠢᠶ᠎ᠡ ᠬᠠᠰᠢᠶ᠎ᠠ ᠂ ᠲᠠᠷᠢᠶᠠᠨ ᠵᠠᠬ᠎ᠠ᠂ ᠢᠳᠡᠰᠢᠨ ᠨᠣᠭᠤᠭ᠎ᠠ ᠶᠢᠨ ᠬᠦᠯᠡᠮᠵᠢ ᠵᠡᠷᠭᠡ ᠭᠤᠣᠯᠳᠠᠯᠭ᠎ᠠ ᠲᠠᠢ ᠣᠷᠣᠨ ᠪᠦᠰᠡ ᠳᠤ ᠪᠠᠶᠢᠴᠠᠭᠠᠯᠲᠠ ᠬᠢᠵᠦ᠂ ︽ᠨᠢᠭᠡ ᠡᠷᠦᠬᠡ ᠶᠢ ᠴᠦ ᠣᠷᠬᠢᠭᠳᠠᠭᠤᠯᠬᠤ ᠦᠭᠡᠢ᠂ ᠨᠢᠭᠡ ᠰᠠᠭᠤᠷᠢ ᠶᠢ ᠴᠦ ᠣᠷᠬᠢᠭᠳᠠᠭᠤᠯᠬᠤ ᠦᠭᠡᠢ᠂ ᠨᠢᠭᠡ ᠦᠨᠴᠦᠭ ᠪᠤᠯᠤᠩ ᠢ ᠴᠦ ᠣᠷᠬᠢᠭᠳᠠᠭᠤᠯᠬᠤ ᠦᠭᠡᠢ︾ ᠪᠠᠶᠢᠬᠤ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ ᠬᠠᠷᠢᠶ᠎ᠠ ᠣᠷᠣᠨ ᠤ ᠣᠯᠠᠨ ᠲᠦᠮᠡᠨ ᠢ ᠳᠠᠶᠢᠴᠢᠯᠠᠨ ᠬᠠᠤᠯᠢ ᠪᠤᠰᠤ ᠪᠠᠷ ᠬᠤᠤᠷᠲᠤ ᠡᠳ᠋ ᠤᠨ ᠤᠤᠯ ᠤᠷᠭᠤᠮᠠᠯ ᠳᠠᠷᠢᠭᠰᠠᠨ ᠦᠶᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠳᠤ ᠢᠳᠡᠪᠬᠢᠲᠡᠶ ᠣᠷᠣᠯᠴᠠᠭᠤᠯᠵᠤ᠂ ᠬᠤᠤᠷ ᠳᠠᠷᠢᠪᠠᠯ ᠬᠠᠤᠯᠢ ᠠᠴᠠ ᠵᠥᠷᠢᠴᠡᠬᠦ᠂ ᠬᠤᠤᠷ ᠳᠠᠷᠢᠪᠠᠯ ᠵᠠᠪᠠᠯ ᠬᠤᠰᠤᠬᠤ᠂ ᠬᠤᠤᠷ ᠳᠠᠷᠢᠪᠠᠯ ᠵᠠᠪᠠᠯ ᠨᠡᠬᠡᠮᠵᠢᠯᠡᠬᠦ ᠬᠠᠤᠯᠢ ᠪᠠᠷ ᠵᠠᠰᠠᠬᠤ ᠦᠵᠡᠯᠲᠡ ᠶᠢ ᠬᠥᠮᠦᠰ ᠤᠨ ᠰᠡᠳᠬᠢᠯ ᠳᠤ ᠬᠠᠳᠠᠩᠰᠢᠭᠤᠯᠤᠨ᠎ᠠ᠃
   ᠲᠠᠷᠢᠬᠤ ᠶᠢ ᠴᠠᠭᠠᠵᠠᠯᠠᠬᠤ ᠤᠬᠠᠭᠤᠯᠭ᠎ᠠ ᠶᠢᠨ ᠰᠡᠷᠭᠡᠶᠢᠯᠡᠯᠲᠡ ᠶᠢᠨ ᠱᠤᠭᠤᠮ ᠪᠠᠶᠢᠭᠤᠯᠤᠨ᠎ᠠ᠃ ᠸᠢᠴᠠᠲ ᠤᠨ ᠴᠤᠭᠯᠠᠷᠠᠯ᠂ ᠣᠯᠠᠨ ᠨᠡᠶᠢᠲᠡ ᠶᠢᠨ ᠳ᠋ᠤᠭᠠᠷ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠡᠯᠭᠦᠭᠡ ᠪᠢᠴᠢᠭᠡᠰᠦ᠂ ᠡᠷᠦᠬᠡ ᠳᠤ ᠣᠷᠣᠵᠤ ᠰᠤᠷᠪᠤᠯᠵᠢᠯᠠᠬᠤ ᠵᠡᠷᠭᠡ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠳᠤ ᠠᠮᠤ ᠴᠡᠴᠡᠭ᠂ ᠣᠯᠣᠰᠣ ᠵᠡᠷᠭᠡ ᠬᠤᠤᠷᠲᠤ ᠡᠳ᠋ ᠤᠨ ᠤᠤᠯ ᠤᠷᠭᠤᠮᠠᠯ ᠢ ᠲᠠᠨᠢᠯᠴᠠᠭᠤᠯᠬᠤ ᠠᠷᠭ᠎ᠠ ᠵᠢᠴᠢ ᠬᠤᠤᠷᠲᠤ ᠡᠳ᠋ ᠢ ᠴᠠᠭᠠᠵᠠᠯᠠᠬᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢᠶᠠᠷ ᠳᠠᠮᠵᠢᠭᠤᠯᠤᠨ᠂ ᠣᠯᠠᠨ ᠢ ᠵᠣᠷᠢᠭᠵᠢᠭᠤᠯᠵᠤ ᠪᠠᠶᠢᠭᠠᠳ ︽ᠥᠩᠭᠡ ᠵᠢᠰᠦ ᠪᠠᠷ ᠴᠡᠴᠡᠭ ᠢ ᠲᠠᠨᠢᠬᠤ︾ ᠵᠡᠷᠭᠡ ᠵᠢᠵᠢᠭ ᠫᠷᠤᠭ᠍ᠷᠠᠮ ᠢᠶᠠᠷ ᠬᠤᠤᠷᠲᠤ ᠡᠳ᠋ ᠤᠨ ᠰᠡᠵᠢᠭᠯᠡᠯᠲᠡᠶ ᠤᠤᠯ ᠤᠷᠭᠤᠮᠠᠯ ᠢ ᠰᠡᠭᠦᠳᠡᠷᠯᠡᠨ ᠢᠯᠭᠠᠨ ᠲᠠᠨᠢᠵᠤ᠂ ︽ᠳᠠᠷᠢᠬᠤ ᠰᠠᠨᠠᠭ᠎ᠠ ᠥᠬᠡᠶ᠂ ᠳᠠᠷᠢᠬᠤ ᠵᠣᠷᠢᠭ ᠥᠬᠡᠶ᠂ ᠳᠠᠷᠢᠬᠤ ᠳᠤᠷ᠎ᠠ ᠥᠬᠡᠶ︾ ᠲᠠᠷᠢᠬᠤ ᠶᠢ ᠴᠠᠭᠠᠵᠠᠯᠠᠬᠤ ᠬᠤᠤᠷᠲᠤ ᠡᠳ᠋ ᠢ ᠠᠷᠢᠯᠭᠠᠬᠤ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠭᠦᠨ ᠬᠠᠳᠠᠩᠰᠢᠭᠤᠯᠤᠨ᠎ᠠ᠃ ᠣᠳᠣᠬᠠᠨ ᠪᠣᠯᠲᠠᠯ᠎ᠠ᠂ ᠪᠥᠬᠦ ᠪᠠᠯᠭᠠᠰᠤᠨ ᠤ ᠰᠦᠯᠵᠢᠶᠡᠨ ᠳᠡᠭᠡᠷ᠎ᠡ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠮᠡᠳᠡᠭᠡ ᠵᠠᠩᠭᠢ ᠶᠢ ᠨᠡᠶᠢᠲᠡ 20 ᠭᠠᠷᠤᠶ ᠵᠤᠷᠪᠤᠰ ᠳᠠᠮᠵᠢᠭᠤᠯᠤᠨ ᠲᠠᠷᠬᠠᠭᠠᠪᠠ︔ ᠰᠦᠯᠵᠢᠶᠡᠨ ᠭᠠᠳᠠᠨ᠎ᠠ 100 ᠭᠠᠷᠤᠶ ᠬᠥᠮᠦᠨ ᠤᠳᠠᠭ᠎ᠠ ᠬᠥᠳᠡᠯᠭᠡᠵᠦ᠂ ᠤᠬᠠᠭᠤᠯᠭ᠎ᠠ ᠶᠢᠨ ᠬᠠᠭᠤᠳᠠᠰᠤ 1000 ᠭᠠᠷᠤᠶ ᠬᠤᠪᠢ ᠲᠠᠷᠬᠠᠭᠠᠵᠤ᠂  ᠲᠤᠰᠬᠤᠨ ᠤ ᠠᠷᠠᠳ ᠤᠨ ᠬᠠᠤᠯᠢ ᠪᠠᠷ ᠵᠠᠰᠠᠬᠤ ᠦᠵᠡᠯᠲᠡ ᠪᠠ ᠬᠤᠤᠷ ᠴᠠᠭᠠᠵᠠᠯᠠᠬᠤ ᠤᠬᠠᠮᠰᠠᠷ ᠢ ᠦᠨᠡᠨ ᠬᠦ ᠳᠡᠭᠡᠭᠰᠢᠯᠡᠭᠦᠯᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号