ᠨᠢᠭᠡ ᠰᠡᠳᠬᠢᠯ ᠨᠢᠭᠡ ᠵᠣᠷᠢᠭ ᠢᠶᠠᠷ ᠥᠭᠡᠷᠡᠴᠢᠯᠡᠯᠲᠡ ᠨᠡᠭᠡᠭᠡᠯᠲᠡ ᠶᠢᠨ ᠳᠤᠮᠳᠠ ᠰᠠᠷᠠᠭᠤᠯ ᠠᠭᠤᠳᠠᠮ ᠠᠯᠤᠰ ᠢᠷᠡᠭᠡᠳᠦᠶ ᠶᠢ ᠨᠡᠭᠡᠭᠡᠨ᠎ᠡ
ᠨᠡᠶᠢᠲᠡᠯᠡᠭᠰᠡᠨ ᠴᠠᠭ᠄
2024/8/6
   ᠣᠶᠢᠷ᠎ᠠ ᠶᠢᠨ ᠡᠳᠦᠷ ᠤᠳ ᠲᠤ᠂ ᠲᠦᠴᠢᠦᠸᠠᠨ ᠰᠢᠶᠠᠨ ᠤ ᠡᠯ᠎ᠡ ᠭᠠᠵᠠᠷ ᠤᠨ ᠬᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ ᠪᠠᠶᠢᠨ᠎ᠠ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠢᠳᠡᠪᠬᠢᠲᠡᠢ ᠰᠦᠪᠡᠭᠴᠢᠯᠡᠵᠦ᠂ ᠬᠥᠭᠵᠢᠯᠲᠡ ᠶᠢᠨ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠴᠢᠨᠠᠭᠰᠢᠳᠠ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠵᠡᠭᠡᠪᠡ᠃
   ᠪᠦᠭᠦᠳᠡ ᠬᠤᠷᠠᠯ ᠠᠴᠠ ᠵᠢᠭᠠᠵᠤ ᠭᠠᠷᠭᠠᠭᠰᠠᠨ ᠨᠢ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠥᠭᠡᠷᠡᠴᠢᠯᠡᠯᠲᠡ ᠨᠡᠭᠡᠭᠡᠯᠲᠡ ᠶᠢᠨ ᠳᠤᠮᠳᠠ ᠲᠠᠰᠤᠷᠠᠯᠲᠠ ᠦᠭᠡᠢ ᠠᠬᠢᠳᠠᠭ᠂ ᠮᠥᠨ ᠴᠦ ᠥᠭᠡᠷᠡᠴᠢᠯᠡᠯᠲᠡ ᠨᠡᠭᠡᠭᠡᠯᠲᠡ ᠶᠢᠨ ᠳᠤᠮᠳᠠ ᠥᠷᠭᠡᠨ ᠠᠭᠤᠳᠠᠮ ᠠᠯᠤᠰ ᠢᠷᠡᠭᠡᠳᠦᠢ ᠶᠢ ᠨᠡᠭᠡᠭᠡᠬᠦ ᠨᠢ ᠯᠠᠪᠲᠠᠢ ᠶᠤᠮ᠃ ᠠᠷᠠᠳ ᠤᠯᠠᠨ  ᠤ ᠰᠢᠨ᠎ᠡ ᠬᠦᠰᠡᠯ ᠡᠷᠡᠮᠡᠯᠵᠡᠯ ᠤᠨ ᠡᠮᠦᠨ᠎ᠡ᠂ ᠡᠷᠬᠡᠪᠰᠢ ᠥᠭᠡᠷᠡᠴᠢᠯᠡᠯᠲᠡ ᠶᠢ ᠦᠷᠭᠦᠯᠵᠢᠯᠡᠨ ᠲᠦᠯᠬᠢᠨ ᠤᠷᠤᠭᠰᠢᠯᠠᠭᠤᠯᠬᠤ ᠬᠡᠷᠡᠭᠲᠡᠢ᠃ ᠤᠯᠠᠨ ᠢᠶᠠᠷ ᠢᠶᠠᠨ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠠᠵᠢᠯ ᠬᠢᠵᠦ ᠦᠢᠯᠡᠰ ᠪᠤᠰᠬᠠᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠵᠤ᠂ ᠴᠢᠭᠯᠡᠯ ᠢᠶᠠᠨ ᠣᠨᠣᠪᠴᠢᠲᠠᠢ ᠡᠵᠡᠮᠳᠡᠵᠦ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠰᠢᠨ᠎ᠡ ᠵᠠᠮ ᠨᠡᠭᠡᠭᠡᠬᠦ᠂ ᠳᠤᠮᠳᠠ ᠤᠷᠤᠰᠬᠠᠯ ᠳᠤ ᠣᠷᠣᠬᠤ ᠲᠠᠯ᠎ᠠ ᠪᠠᠷ ᠰᠢᠨ᠎ᠡ ᠠᠬᠢᠴᠠ ᠲᠠᠢ ᠪᠣᠯᠬᠤ ᠪᠠᠷ ᠴᠢᠷᠮᠠᠶᠢᠨ᠎ᠠ᠃
   ︽ᠳᠤᠮᠳᠠᠳᠤ ᠤᠯᠤᠰ ᠤᠨ ᠲᠡᠮᠦᠷ ᠵᠠᠮ ᠤᠨ ᠳᠥᠷᠪᠡᠳᠦᠭᠡᠷ ᠲᠣᠪᠴᠢᠶ᠎ᠠ︾ ᠠᠴᠠ ︿ᠲᠤᠭᠳᠠᠭᠠᠯ﹀ ᠳᠤ ᠳᠤᠷᠠᠳᠤᠭᠰᠠᠨ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠣᠬᠢᠶᠠᠨ ᠪᠠᠶᠢᠭᠤᠯᠤᠯᠲᠠ  ᠶᠢᠨ ᠲᠣᠭᠲᠠᠴᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠨᠢᠭᠡᠳᠦᠯᠲᠡᠶ ᠲᠥᠯᠥᠪᠵᠢᠭᠦᠯᠦᠨ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠴᠦᠨ ᠢ ᠠᠬᠢᠭᠤᠯᠪᠠ᠃ ᠣᠳᠣᠬᠠᠨ ᠳᠤ᠂ ᠮᠠᠨ ᠤ ᠳᠤᠮᠳᠠᠳᠤ ᠤᠯᠤᠰ ᠤᠨ ᠲᠡᠮᠦᠷ ᠵᠠᠮ ᠤᠨ ᠳᠥᠷᠪᠡᠳᠦᠭᠡᠷ ᠲᠣᠪᠴᠢᠶ᠎ᠠ ᠠᠴᠠ ᠴᠤᠤᠯ ᠭᠤᠣᠯ ᠤᠨ ᠤᠰᠤ ᠶᠢ ᠯᠢᠶᠣᠤᠾᠧ ᠭᠤᠣᠯ ᠳᠤ ᠲᠠᠲᠠᠵᠤ ᠣᠷᠣᠭᠤᠯᠬᠤ ᠲᠤᠯᠤᠳᠤᠭᠠᠷ ᠪᠠᠷᠢᠮᠵᠢᠶᠠᠲᠤ ᠪᠠᠷᠢᠯᠭ᠎ᠠ ᠶᠢᠨ ᠲᠥᠷᠥᠯ ᠵᠦᠢᠯ ᠳᠤ ᠦᠯᠡᠳᠡᠵᠦ ᠪᠠᠶᠢᠭ᠎ᠠ ᠪᠠᠷᠢᠯᠭ᠎ᠠ ᠨᠢ ᠭᠤᠣᠯᠳᠠᠭᠤ ᠳᠣᠲᠣᠷᠯᠠᠨ ᠪᠠᠷᠢᠬᠤ ᠠᠵᠢᠯ ᠪᠣᠯᠤᠨ᠎ᠠ᠃ ᠣᠳᠣ ᠪᠣᠯᠲᠠᠯ᠎ᠠ᠂ ᠪᠢᠳᠡ ᠨᠢᠭᠡᠨᠲᠡ 95 % ᠶᠢᠨ ᠪᠠᠷᠢᠯᠭ᠎ᠠ ᠶᠢᠨ ᠬᠡᠮᠵᠢᠶ᠎ᠡ ᠶᠢ ᠪᠡᠶᠡᠯᠡᠭᠦᠯᠪᠡ᠃ ᠵᠠᠯᠭᠠᠭᠠᠳ᠂ ᠪᠢᠳᠡ ᠠᠵᠢᠯ ᠤᠨ ᠬᠤᠭᠤᠴᠠᠭ᠎ᠠ ᠪᠠᠨ ᠲᠣᠩᠭᠤᠷᠤᠭᠤᠯᠵᠤ᠂ ᠪᠠᠷᠳᠠᠮᠨᠠᠬᠤ ᠥᠬᠡᠶ ᠪᠠᠴᠢᠮᠳᠠᠬᠤ ᠥᠬᠡᠶ ᠠᠵᠢᠯᠯᠠᠬᠤ ᠰᠡᠳᠬᠢᠴᠡ ᠪᠠᠷ᠂ ᠬᠥᠳᠡᠯᠮᠦᠷᠢ ᠪᠠ ᠤᠷ᠎ᠠ ᠴᠢᠳᠠᠪᠤᠷᠢ ᠶᠢᠨ ᠤᠷᠤᠯᠳᠤᠭᠠᠨ  ᠢᠶᠠᠷ ᠠᠵᠠ ᠲᠣᠬᠢᠶᠠᠯ ᠪᠣᠯᠭᠠᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠪᠦᠯᠬᠦᠮᠳᠡᠨ ᠨᠢᠭᠡᠳᠴᠦ᠂ ᠬᠦᠴᠢᠷ ᠢ ᠳᠤᠭᠤᠯᠤᠨ ᠪᠡᠷᠬᠡ ᠶᠢ ᠳᠠᠪᠠᠵᠤ᠂ 2025 ᠣᠨ ᠤ 6 ᠰᠠᠷ᠎ᠠ ᠳᠤ ᠪᠥᠬᠦ ᠱᠤᠭᠤᠮ ᠢᠶᠠᠷ ᠤᠰᠤ ᠬᠠᠩᠭᠠᠬᠤ ᠶᠢ ᠪᠠᠲᠤᠯᠠᠨ᠎ᠠ᠃︾ ᠭᠡᠵᠦ ᠳᠤᠮᠳᠠᠳᠤ ᠤᠯᠤᠰ ᠤᠨ ᠲᠡᠮᠦᠷ ᠵᠠᠮ ᠤᠨ ᠳᠥᠷᠪᠡᠳᠦᠭᠡᠷ ᠲᠣᠪᠴᠢᠶᠠᠨ ᠤ ᠴᠤᠤᠯ ᠭᠤᠣᠯ ᠤᠨ ᠤᠰᠤ ᠶᠢ ᠯᠢᠶᠣᠤᠾᠧ ᠭᠤᠣᠯ ᠳᠤ ᠲᠠᠲᠠᠵᠤ ᠣᠷᠣᠭᠤᠯᠬᠤ ᠢᠨᠵᠧᠨᠧᠷᠢᠩ ᠤᠨ ᠨᠦᠬᠡᠨ ᠬᠡᠰᠡᠭ  ᠤᠨ ᠳᠣᠯᠣᠳᠤᠭᠠᠷ ᠪᠠᠷᠢᠮᠵᠢᠶᠠᠲᠤ ᠲᠥᠷᠥᠯ ᠵᠦᠢᠯ ᠤᠨ ᠬᠡᠯᠲᠡᠰ ᠤᠨ ᠶᠡᠷᠦᠩᠬᠡᠶᠢᠯᠡᠭᠰᠡᠨ ᠠᠯᠪᠠᠨ ᠭᠡᠷ ᠤᠨ ᠡᠷᠬᠢᠯᠡᠭᠴᠢ ᠯᠢᠦ ᠹᠸᠢ ᠬᠡᠯᠡᠪᠡ᠃
   ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠬᠥᠮᠦᠨ ᠪᠣᠯᠤᠨ ᠪᠠᠶᠢᠭᠠᠯᠢ ᠶᠢᠨ ᠡᠶ᠎ᠡ ᠵᠣᠬᠢᠴᠠᠯ  ᠲᠠᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠮᠥᠨ᠃ ᠪᠥᠬᠦᠳᠡ ᠬᠤᠷᠠᠯ ᠠᠴᠠ᠂ ᠡᠷᠬᠡᠪᠰᠢ ᠠᠮᠢ ᠠᠬᠤᠶ ᠶᠢᠨ ᠪᠣᠯᠪᠠᠰᠤᠨ ᠤ ᠲᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠲᠤᠯ  ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠡᠮᠡᠭᠳᠡᠯ ᠢ ᠥᠷᠭᠡᠳᠬᠡᠬᠦ ᠶᠢ ᠬᠠᠮᠵᠢᠯᠴᠠᠨ ᠠᠬᠢᠭᠤᠯᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠢᠳᠡᠪᠬᠢᠲᠡᠶ ᠠᠷᠭᠠᠴᠠᠭᠠᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠨᠠᠶᠢᠳᠠᠪᠤᠷᠢᠵᠢᠭᠤᠯᠬᠤ ᠪᠠᠶᠢᠭᠤᠯᠤᠮᠵᠢ ᠲᠣᠭᠲᠠᠴᠠ ᠶᠢ ᠲᠦᠷᠭᠡᠳᠬᠡᠨ ᠲᠡᠭᠦᠯᠳᠡᠷᠵᠢᠭᠦᠯᠬᠦ ᠬᠡᠷᠡᠭᠲᠡᠶ᠃ ᠠᠮᠢ ᠠᠬᠤᠢ ᠶᠢᠨ ᠪᠣᠯᠪᠠᠰᠤᠨ ᠤ ᠰᠠᠭᠤᠷᠢ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ ᠢ ᠪᠦᠷᠢᠨᠰᠢᠬᠦᠯᠵᠤ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢᠨ ᠲᠣᠭᠲᠠᠴᠠ ᠶᠢ ᠪᠦᠷᠢᠨᠰᠢᠬᠦᠯᠬᠦ ᠬᠡᠷᠡᠭᠲᠡᠢ᠃    ︽ᠣᠶᠢᠷ᠎ᠠ ᠶᠢᠨ ᠵᠢᠯ ᠳᠤ᠂ ᠶᠦᠩ ᠠᠨ ᠪᠠᠯᠭᠠᠰᠤ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦᠨ ᠤ ᠠᠮᠢ ᠠᠬᠤᠶ ᠶᠢᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠳᠤ ᠲᠦᠰᠢᠭᠯᠡᠨ᠂ ᠭᠤᠤᠯᠳᠠᠭᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ ᠬᠦᠴᠦ ᠭᠠᠷᠭᠠᠪᠠ᠃ ᠡᠨᠡ ᠵᠢᠯ ᠪᠢᠳᠡ ᠲᠤᠷᠰᠢᠯᠭ᠎ᠠ ᠪᠠᠨ ᠳ᠋ᠦᠩᠨᠡᠵᠦ᠂ ᠪᠠᠶᠢᠯᠳᠤᠭᠠᠨ ᠤ ᠦᠷ᠎ᠡ ᠪᠦᠲᠦᠭᠡᠯ ᠢᠶᠠᠨ ᠦᠷᠭᠦᠯᠵᠢᠯᠡᠨ ᠥᠷᠭᠡᠳᠬᠡᠵᠦ᠂ ᠺᠤᠤ ᠱᠠᠨ ᠲᠣᠰᠬᠤᠨ ᠳᠤ 1000 ᠭᠠᠷᠤᠢ ᠮᠦ᠂ 8 ᠲᠦᠮᠡᠨ ᠰᠠᠭᠤᠷᠢ ᠰᠢᠳ ᠮᠤᠳᠤ ᠲᠠᠷᠢᠪᠠ᠃ ᠰᠢᠳ ᠮᠤᠳᠤ ᠲᠣᠭᠲᠠᠭᠰᠠᠨ ᠡᠳᠡᠭᠡᠷᠡᠬᠦ ᠨᠣᠷᠮ᠎ᠠ ᠳᠤ ᠬᠦᠷᠦᠭᠰᠡᠨ ᠤ ᠳᠠᠷᠠᠭ᠎ᠠ᠃ ᠬᠠᠮᠢᠶᠠᠷᠤᠯᠲᠠ ᠶᠢᠨ ᠲᠤᠷᠰᠢᠯᠭ᠎ᠠ ᠲᠠᠢ ᠲᠠᠷᠢᠶᠠᠴᠢᠨ ᠡᠷᠦᠬᠡ ᠪᠤᠶᠤ ᠬᠤᠷᠰᠢᠶ᠎ᠠ ᠳᠤ ᠲᠤᠰᠢᠶᠠᠵᠤ ᠨᠢᠭᠡᠳᠦᠯᠲᠡᠶ ᠬᠠᠮᠢᠶᠠᠷᠤᠭᠤᠯᠤᠨ᠎ᠠ᠃ ᠰᠢᠳ ᠮᠣᠳᠣ ᠲᠠᠷᠢᠬᠤ ᠪᠠᠷ ᠳᠠᠮᠵᠢᠭᠤᠯᠤᠨ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠠᠵᠢᠯ ᠬᠢᠭᠡᠳ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠵᠦ ᠪᠠᠶᠠᠵᠢᠬᠤ  ᠶᠢ ᠣᠷᠭᠠᠨᠢᠭ ᠢᠶᠠᠷ ᠤᠶᠠᠯᠳᠤᠭᠤᠯᠵᠤ᠂ ᠦᠵᠡᠰᠬᠦᠯᠡᠩᠲᠦ ᠰᠠᠶᠢᠬᠠᠨ ᠲᠦᠴᠢᠦᠸᠠᠨ ᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ︾ ᠭᠡᠵᠦ ᠲᠦᠴᠢᠦᠸᠠᠨ ᠰᠢᠶᠠᠨ ᠤ ᠶᠦᠩ ᠠᠨ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠯᠢᠦ ᠰᠢᠶᠤᠤ ᠸᠧᠶ ᠬᠡᠯᠡᠪᠡ᠃    ᠪᠥᠬᠦᠳᠡ ᠬᠤᠷᠠᠯ ᠠᠴᠠ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠣᠯ ᠳᠤᠮᠳᠠᠳᠤ ᠤᠯᠤᠰ  ᠤᠨ ᠮᠠᠶ᠋ᠢᠭ ᠤᠨ ᠣᠳᠣᠬᠢᠴᠢᠯᠠᠯᠲᠠ ᠶᠢᠨ ᠵᠠᠶᠢᠯᠠᠰᠢ ᠥᠬᠡᠶ ᠱᠠᠭᠠᠷᠳᠠᠯᠭ᠎ᠠ ᠮᠥᠨ᠃ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢ ᠠᠬᠢᠭᠤᠯᠬᠤ ᠪᠠᠶᠢᠭᠤᠯᠤᠯ ᠲᠣᠭᠲᠠᠴᠠ ᠶᠢ ᠪᠦᠷᠢᠨᠰᠢᠭᠦᠯᠦᠨ᠂ ᠬᠥᠳᠡᠭᠡ ᠲᠣᠰᠬᠤᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠪᠠᠬᠢᠵᠢᠭᠦᠯᠦᠨ ᠲᠡᠭᠦᠯᠳᠡᠷᠵᠢᠭᠦᠯᠵᠦ᠂ ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠵᠦ ᠲᠠᠷᠢᠶᠠᠴᠢᠳ ᠢ ᠳᠡᠮᠵᠢᠬᠦ ᠳᠦᠷᠢᠮ ᠢ ᠲᠡᠭᠦᠯᠳᠡᠷᠵᠢᠭᠦᠯᠦᠨ᠂ ᠭᠠᠵᠠᠷ ᠰᠢᠷᠣᠢ  ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ᠃    ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠠᠴᠠ᠂ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠣᠯ ᠳᠤᠮᠳᠠᠳᠤ ᠤᠯᠤᠰ ᠤᠨ ᠮᠠᠶᠢᠭ ᠤᠨ ᠣᠳᠣᠬᠢᠴᠢᠯᠠᠯᠲᠠ  ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠪᠥᠬᠦᠳᠡ ᠬᠤᠷᠠᠯ ᠠᠴᠠ ᠪᠢᠳᠡᠨ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠶ ᠵᠢᠭᠠᠨ ᠥᠭᠴᠦ᠂ ᠨᠠᠩ ᠴᠤ ᠮᠠᠨ ᠤ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠠᠵᠢᠯ  ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠵᠢᠯᠣᠭᠤᠳᠣᠯᠭ᠎ᠠ ᠬᠠᠩᠭᠠᠪᠠ᠂ ᠵᠠᠯᠭᠠᠭᠠᠳ᠂ ᠪᠢᠳᠡ ᠬᠥᠳᠡᠭᠡ ᠲᠣᠰᠬᠤᠨ ᠤ ᠦᠨ᠎ᠡ ᠥᠷᠲᠡᠭ ᠢ ᠠᠭᠤᠳᠠᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠯᠢᠦ ᠬᠣ᠋ ᠪᠠᠯᠭᠠᠰᠤ  ᠪᠠᠷ ᠵᠢᠱᠢᠶᠡᠯᠡᠪᠡᠯ᠂ ᠨᠤᠲᠤᠭ ᠤᠨ ᠣᠨᠴᠠ ᠭᠠᠷᠤᠯᠲᠠ ᠶᠢᠨ ᠲᠥᠷᠥᠯ ᠲᠡᠮᠳᠡᠭ ᠢ ᠬᠦᠴᠦᠷᠬᠡᠭᠵᠢᠭᠦᠯᠦᠨ᠂ ᠨᠤᠲᠤᠭ  ᠤᠨ ᠣᠨᠴᠠ ᠭᠠᠷᠤᠯᠲᠠ ᠶᠢᠨ ᠠᠵᠢᠯ ᠢ ᠰᠠᠶᠢᠲᠤᠷ ᠬᠢᠵᠦ᠂ ᠠᠵᠤ ᠦᠶᠯᠡᠰ ᠤᠨ ᠬᠥᠭᠵᠢᠯᠲᠡ ᠶᠢᠨ ᠲᠠᠯ᠎ᠠ ᠪᠠᠷ᠂ ᠦᠬᠡᠷ᠂ ᠡᠮ᠂ ᠨᠠᠷᠠᠰᠤ᠂ ᠰᠢᠳ᠂ ᠡᠪᠡᠰᠦ᠂ ᠮᠥᠭᠦ ᠪᠠᠷ ᠲᠤᠯᠭᠠᠭᠤᠷᠢ ᠠᠵᠤ ᠦᠶᠯᠡᠰ ᠪᠣᠯᠭᠠᠵᠤ᠂ ᠦᠷᠭᠦᠯᠵᠢᠯᠡᠨ ᠬᠦᠴᠦ ᠣᠷᠣᠭᠤᠯᠤᠨ ᠦᠶᠯᠡᠳᠪᠦᠷᠢᠯᠡᠯ ᠪᠠ ᠦᠷ᠎ᠡ ᠠᠰᠢᠭ ᠭᠥᠷᠳᠡᠨ᠎ᠡ᠃ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠬᠢᠭᠡᠳ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠵᠡᠷᠭᠡᠪᠡᠷ ᠶᠠᠪᠤᠭᠳᠠᠭᠤᠯᠵᠤ᠂ ᠬᠤᠲᠠ ᠬᠥᠳᠡᠭᠡ ᠶᠢᠨ ᠬᠠᠮᠲᠤ ᠪᠠᠷ ᠴᠡᠴᠡᠭᠯᠡᠨ ᠬᠥᠭᠵᠢᠭᠰᠡᠨ ᠰᠠᠶᠢᠨ ᠰᠠᠶᠢᠬᠠᠨ ᠢᠷᠡᠭᠡᠳᠦᠶ ᠶᠢ ᠴᠣᠭᠴᠠᠯᠠᠨ  ᠪᠠᠶᠢᠭᠤᠯᠤᠨ᠎ᠠ᠃︾ ᠭᠡᠵᠦ ᠲᠦᠴᠢᠦᠸᠠᠨ ᠰᠢᠶᠠᠨ ᠤ ᠯᠢᠦ ᠬᠤ᠋ ᠪᠠᠯᠭᠠᠰᠤᠨ  ᠤ ᠨᠠᠮ ᠤᠨ ᠬᠤᠷᠢᠶᠠᠨ ᠤ ᠱᠦᠵᠢ ᠯᠢᠦ ᠬᠤᠩ ᠢᠤᠢ ᠬᠡᠯᠡᠪᠡ᠃    ᠪᠠᠶᠢᠷᠢᠯᠠᠭᠤᠯᠤᠯᠲᠠ ᠨᠢ ᠢᠲᠡᠭᠡᠯ ᠵᠣᠷᠢᠭ ᠢ ᠳᠠᠮᠵᠢᠭᠤᠯᠵᠤ᠂ ᠠᠯᠤᠰ ᠢᠷᠡᠭᠡᠳᠦᠢ ᠨᠢ ᠬᠥᠮᠦᠰ ᠢ ᠤᠷᠮᠠᠰᠢᠭᠤᠯᠤᠨ᠎ᠠ᠃ ᠲᠦᠴᠢᠦᠸᠠᠨ ᠰᠢᠶᠠᠨ ᠤ ᠬᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠦᠢᠯᠡᠳᠦᠯᠭᠡ ᠶᠢᠨ ᠦᠷᠭᠦᠯᠵᠢᠯᠡᠯ ᠢ ᠰᠠᠶᠢᠲᠤᠷ ᠬᠠᠷᠢᠭᠤᠯᠵᠤ᠂ ᠰᠢᠨ᠎ᠡ ᠠᠶᠠᠨ ᠳᠠᠭᠠᠨ ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠯᠲᠠ ᠶᠢ ᠠᠬᠢᠭᠤᠯᠬᠤ ᠴᠠᠭ ᠦᠶ᠎ᠡ ᠶᠢᠨ ᠰᠢᠨ᠎ᠡ ᠬᠠᠭᠤᠳᠠᠰᠤ ᠶᠢ ᠰᠠᠶᠢᠲᠤᠷ ᠪᠢᠴᠢᠭᠯᠡᠬᠦ ᠪᠣᠯᠤᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号