ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ᠄ ᠭᠡᠷ ᠪᠠᠶᠢᠰᠢᠩ ᠳᠤ ᠲᠣᠭᠲᠠᠮᠠᠯ ᠬᠤᠭᠤᠴᠠᠭ᠎ᠠ ᠲᠠᠢ ᠪᠠᠷ ᠪᠡᠶ᠎ᠡ ᠶᠢᠨ ᠪᠠᠶᠢᠴᠠᠭᠠᠯᠲᠠ ᠬᠢᠬᠦ᠂ ᠬᠡᠷ ᠪᠠᠶᠢᠰᠢᠩ ᠤᠨ ᠳᠠᠭᠠᠳᠬᠠᠯ᠂ ᠬᠡᠷ ᠪᠠᠶᠢᠰᠢᠩ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠭᠡᠬᠦ ᠭᠤᠷᠪᠠᠨ ᠵᠦᠢᠯ ᠤᠨ ᠲᠦᠷᠢᠮ ᠤᠨ ᠪᠠᠶᠢᠭᠤᠯᠤᠯᠲᠠ ᠶᠢ ᠲᠦᠷᠭᠡᠨ ᠠᠬᠢᠭᠤᠯᠤᠨ᠎ᠠ ᠬᠡᠪᠡ
ᠨᠡᠶᠢᠲᠡᠯᠡᠭᠰᠡᠨ ᠴᠠᠭ᠄
2024/8/6
   8 ᠰᠠᠷ᠎ᠠ ᠶᠢᠨ 2 ᠤᠨ ᠡᠳᠦᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠰᠣᠨᠢᠨ ᠮᠡᠳᠡᠭᠡᠨ ᠤ ᠥᠭᠦᠯᠡᠭᠴᠢ᠂ ᠣᠷᠣᠨ ᠰᠠᠭᠤᠴᠠ ᠶᠢᠨ ᠥᠭᠡᠷᠡᠴᠢᠯᠡᠯᠲᠡ ᠪᠠ ᠬᠥᠭᠵᠢᠭᠦᠯᠦᠯᠲᠡ ᠶᠢᠨ ᠵᠤᠷᠭᠠᠨ ᠤ ᠳᠠᠷᠤᠭ᠎ᠠ ᠸᠠᠩ ᠱᠧᠩ ᠵᠢᠶᠦ᠋ᠨ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠬᠡᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠬᠡᠯᠡᠬᠦ ᠳᠡᠭᠡᠨ᠂ ᠲᠦᠷᠢᠮ ᠤᠨ ᠰᠢᠨ᠎ᠡ ᠶᠢ ᠡᠭᠦᠳᠬᠦ ᠳᠤ ᠲᠦᠰᠢᠭᠯᠡᠬᠦ ᠬᠡᠷᠡᠭᠲᠡᠶ᠃ ᠳᠦᠷᠢᠮ ᠪᠣᠯ ᠦᠨᠳᠦᠰᠦᠨ ᠴᠢᠨᠠᠷ ᠲᠠᠢ ᠪᠠᠶᠢᠳᠠᠭ ᠪᠦᠭᠡᠳ ᠠᠯᠤᠰ ᠬᠡᠳᠦ ᠲᠠᠢ ᠬᠤᠯᠪᠣᠭᠳᠠᠳᠠᠭ᠃ ᠠᠮᠤᠷ ᠲᠦᠪᠰᠢᠨ ᠤ ᠤᠶᠠᠨ ᠬᠠᠳᠠᠨ ᠴᠢᠨᠠᠷ ᠢ ᠳᠡᠭᠡᠭᠰᠢᠯᠡᠭᠦᠯᠬᠦ ᠳᠤ ᠲᠦᠷᠢᠮ ᠤᠨ ᠰᠢᠨ᠎ᠡ ᠶᠢ ᠡᠭᠦᠳᠬᠦ ᠶᠢ ᠴᠢᠬᠤᠯᠠᠴᠢᠯᠠᠨ ᠲᠡᠭᠦᠨ ᠳᠤ ᠲᠦᠰᠢᠭᠯᠡᠬᠦ ᠬᠡᠷᠡᠭᠲᠡᠢ᠃ ᠵᠢᠱᠢᠶᠡᠯᠡᠪᠡᠯ᠂ ᠣᠯᠠᠨ ᠢᠶᠠᠷ ᠢᠶᠠᠨ ᠭᠡᠷ ᠪᠠᠶᠢᠰᠢᠩ ᠤᠨ ᠠᠰᠠᠭᠤᠳᠠᠯ ᠢ ᠮᠠᠰᠢ ᠠᠩᠬᠠᠷᠴᠤ ᠪᠤᠢ᠂ ᠭᠡᠷ ᠪᠠᠶᠢᠰᠢᠩ ᠨᠢ ᠬᠥᠮᠦᠨ ᠰᠢᠭ ᠥᠲᠡᠯᠵᠦ᠂ ᠥᠲᠡᠯᠪᠡᠯ ᠪᠠᠰᠠ ᠡᠪᠡᠳᠴᠢᠯᠡᠳᠡᠭ᠃ ᠡᠶᠢᠮᠦ ᠠᠴᠠ᠄    ᠭᠡᠷ ᠪᠠᠶᠢᠰᠢᠩ ᠳᠤ ᠲᠣᠭᠲᠠᠮᠠᠯ ᠬᠤᠭᠤᠴᠠᠭ᠎ᠠ ᠲᠠᠢ ᠪᠠᠷ ᠪᠡᠶ᠎ᠡ ᠶᠢᠨ ᠪᠠᠶᠢᠴᠠᠭᠠᠯᠲᠠ ᠬᠢᠬᠦ ᠳᠦᠷᠢᠮ ᠢ ᠲᠤᠬᠳᠠᠭᠠᠵᠤ᠂ ᠭᠡᠷ ᠪᠠᠶᠢᠰᠢᠩ ᠪᠠᠷᠢᠭᠰᠠᠨ ᠣᠨ ᠵᠢᠯ᠂ ᠴᠢᠳᠠᠮᠵᠢ ᠶᠢᠨ ᠲᠥᠷᠥᠯ ᠬᠡᠯᠪᠡᠷᠢ ᠶᠢᠨ ᠶᠣᠰᠣᠭᠠᠷ ᠪᠡᠶ᠎ᠡ ᠶᠢᠨ ᠪᠠᠶᠢᠴᠠᠭᠠᠯᠲᠠ ᠬᠢᠬᠦ ᠳᠠᠪᠲᠠᠮᠵᠢ ᠤᠳᠠᠭ᠎ᠠ ᠶᠢ ᠲᠣᠭᠲᠠᠭᠠᠵᠦ᠂ ᠠᠰᠠᠭᠤᠳᠠᠯ ᠢ ᠴᠠᠭ ᠲᠤᠬᠠᠶ ᠳᠤᠨᠢ ᠡᠷᠢᠬᠦ ᠪᠠ ᠢᠯᠡᠷᠡᠭᠦᠯᠵᠦ᠂ ᠣᠯᠵᠤ ᠮᠡᠳᠡᠭᠰᠡᠨ ᠠᠮᠤᠷ ᠲᠦᠪᠰᠢᠨ ᠤ ᠳᠠᠯᠳᠠ ᠭᠡᠮ ᠢ ᠴᠢᠭᠯᠡᠭᠦᠯᠬᠦ ᠴᠢᠨᠠᠷᠲᠠᠶ ᠪᠠᠷ ᠠᠷᠢᠯᠭᠠᠬᠤ ᠬᠡᠷᠡᠭᠲᠡᠶ᠃    ᠪᠠᠰᠠ ᠭᠡᠷ ᠪᠠᠶᠢᠰᠢᠩ ᠤᠨ ᠳᠠᠭᠠᠳᠬᠠᠯ ᠤᠨ ᠲᠦᠷᠢᠮ ᠢ ᠲᠤᠬᠳᠠᠭᠠᠵᠤ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢᠶᠠᠷ ᠳᠠᠮᠵᠢᠭᠤᠯᠤᠨ ᠪᠠᠷᠢᠯᠭ᠎ᠠ ᠶᠢᠨ ᠶᠠᠰᠤ ᠴᠢᠨᠠᠷ ᠪᠠ ᠭᠡᠷ ᠪᠠᠶᠢᠰᠢᠩ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠠᠬᠢᠭᠤᠯᠤᠨ ᠲᠡᠭᠦᠯᠳᠡᠷᠵᠢᠭᠦᠯᠬᠦ ᠬᠡᠷᠡᠭᠲᠡᠢ᠃    ᠡᠭᠦᠨ ᠠᠴᠠ ᠭᠠᠳᠠᠨ᠎ᠠ᠂ ᠭᠡᠷ ᠪᠠᠶᠢᠰᠢᠩ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠦᠷᠢᠮ ᠢ ᠲᠤᠬᠳᠠᠭᠠᠵᠤ᠂ ᠭᠡᠷ ᠪᠠᠶᠢᠰᠢᠩ ᠤᠨ ᠪᠡᠶ᠎ᠡ ᠶᠢᠨ ᠪᠠᠶᠢᠴᠠᠭᠠᠯᠲᠠ ᠬᠢᠬᠦ᠂ ᠭᠡᠷ ᠪᠠᠶᠢᠰᠢᠩ ᠢ ᠰᠡᠯᠪᠢᠨ ᠵᠠᠰᠠᠬᠤ᠂ ᠭᠡᠷ ᠪᠠᠶᠢᠰᠢᠩ ᠤᠨ ᠳᠠᠭᠠᠳᠬᠠᠯ ᠳᠤ ᠪᠡᠯᠡ ᠮᠥᠩᠭᠦ ᠶᠢᠨ ᠪᠠᠲᠤᠯᠠᠭ᠎ᠠ ᠬᠠᠩᠭᠠᠵᠦ᠂ ᠪᠢᠳᠡ ᠡᠨᠡ ᠭᠤᠷᠪᠠᠨ ᠵᠦᠢᠯ ᠤᠨ ᠳᠦᠷᠢᠮ ᠤᠨ ᠪᠠᠶᠢᠭᠤᠯᠤᠯᠲᠠ ᠶᠢ ᠲᠦᠷᠭᠡᠨ ᠠᠬᠢᠭᠤᠯᠤᠨ᠎ᠠ ᠬᠡᠪᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号