ᠦ᠋ ᠸᠧᠢ ᠬᠤᠸᠠ ︽9 · 3︾ ᠤ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠲᠥᠪ ᠬᠤᠷᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠮᠠᠨ ᠤ ᠣᠷᠣᠨ ᠳᠤ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/8/6
   ᠣᠶᠢᠷ᠎ᠠ ᠶᠢᠨ ᠡᠳᠦᠷ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ᠂ ︽9 · 3︾ ᠤ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠲᠥᠪ ᠬᠤᠷᠢᠶᠠᠨ ᠤ ᠲᠡᠷᠢᠭᠦᠯᠡᠭᠴᠢ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠦ᠋ ᠸᠧᠢ ᠬᠤᠸᠠ ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ ᠬᠠᠳᠤᠨ ᠭᠤᠣᠯ ᠤᠨ ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠢ ᠠᠰᠢᠭᠯᠠᠬᠤ᠂ ᠲᠠᠷᠢᠶᠠᠯᠠᠩ ᠤᠨ ᠤᠰᠤ ᠠᠷᠪᠢᠯᠠᠬᠤ ᠵᠢᠴᠢ ᠬᠠᠳᠤᠨ ᠭᠤᠣᠯ ᠤᠨ ︽ᠶᠡᠭᠡ ᠲᠣᠬᠤᠢ ︾ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢᠨ ᠲᠣᠭᠤᠷᠢᠨ ᠳᠤ ᠮᠠᠨ ᠤ ᠣᠷᠣᠨ ᠳᠤ ᠪᠠᠶᠢᠴᠠᠭᠠᠨ ᠰᠤᠳᠤᠯᠪᠠ᠃    ᠦᠬᠠᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ᠂ ᠬᠠᠲᠤᠨ ᠭᠤᠣᠯ ᠤᠨ ᠬᠠᠶᠢᠷᠤᠪ ᠤᠨ ᠲᠣᠬᠤᠢ ᠶᠢᠨ ᠤᠰᠤᠨ ᠠᠰᠢᠭᠯᠠᠯᠲᠠ ᠶᠢᠨ ᠬᠦᠢᠰᠦ ᠢᠨᠵᠧᠨᠧᠷᠢᠩ ᠳᠤ ᠪᠠᠶᠢᠴᠠᠭᠠᠨ ᠰᠤᠳᠤᠯᠬᠤ ᠳᠤᠭᠤᠶᠢᠯᠠᠩ ᠪᠠᠭ᠎ᠠ ᠨᠡᠭᠦᠷᠡᠰᠦᠲᠥ᠋ᠷᠥᠭᠴᠢᠲᠦ ᠠᠵᠤ ᠦᠢᠯᠡᠰ ᠤᠨ ᠬᠦᠷᠢᠶᠡᠯᠡᠩ ᠤᠨ ᠠᠵᠤ ᠦᠢᠯᠡᠳᠪᠦᠷᠢ ᠶᠢᠨ ᠬᠡᠷᠡᠭᠯᠡᠬᠦ ᠤᠰᠤ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠣᠯᠣᠨ ᠬᠠᠮᠢᠶᠠᠷᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ ᠪᠠᠶᠠᠨᠨᠠᠭᠤᠷ ᠬᠤᠲᠠ ᠶᠢᠨ ᠳ᠋ᠧᠩᠺᠸᠤ ᠰᠢᠶᠠᠨ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠤᠰᠤᠨ ᠤ ᠬᠡᠮᠵᠢᠶ᠎ᠡ ᠶᠢᠨ ᠮᠡᠳᠡᠭᠡ ᠵᠠᠩᠭᠢᠵᠢᠯᠲᠠ ᠶᠢᠨ ᠬᠢᠨᠠᠨ ᠬᠡᠮᠵᠢᠬᠦ ᠲᠥᠪ᠂ ᠯᠢᠨᠾᠧ ᠲᠠᠷᠢᠶᠠᠯᠠᠩ ᠤᠨ ᠲᠠᠯᠠᠪᠠᠶ᠂ ᠹᠦ᠋ ᠰᠢᠩ ᠴᠢᠦᠢ ᠤᠰᠤ ᠬᠠᠩᠭᠠᠬᠤ ᠭᠠᠵᠠᠷ ᠵᠡᠷᠭᠡ ᠭᠠᠵᠠᠷ ᠲᠤ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠤᠬᠠᠢ ᠶᠢᠨ ᠭᠠᠵᠠᠷ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠡᠷᠦᠩᠬᠡᠶᠢᠯᠡᠭᠰᠡᠨ ᠵᠠᠰᠠᠯᠲᠠ᠂ ᠤᠰᠤᠯᠠᠯᠲᠠ ᠶᠢᠨ ᠣᠷᠣᠨ ᠤ ᠣᠳᠣᠬᠢᠴᠢᠯᠠᠭᠰᠠᠨ ᠥᠭᠡᠷᠡᠴᠢᠯᠡᠯᠲᠡ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠲᠠᠷᠢᠶᠠᠯᠠᠩ ᠤᠨ ᠤᠰᠤ ᠠᠷᠪᠢᠯᠠᠬᠤ᠂ ᠤᠰᠤᠨ ᠤ ᠡᠷᠬᠡ ᠶᠢᠨ ᠠᠷᠠᠯᠵᠢᠶ᠎ᠠ᠂ ᠰᠤᠪᠠᠭ ᠤᠨ ᠰᠢᠰᠲ᠋ᠧᠮ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠵᠡᠷᠭᠡ ᠲᠠᠯ᠎ᠠ ᠶᠢᠨ ᠪᠠᠶᠢᠳᠠᠯ ᠢ ᠣᠶᠢᠯᠠᠭᠠᠪᠠ᠃    ᠪᠠᠶᠢᠴᠠᠭᠠᠨ ᠰᠤᠳᠤᠯᠬᠤ ᠳᠤᠮᠳᠠ ᠦ᠋ ᠸᠧᠢ ᠬᠤᠸᠠ ᠵᠠᠮ ᠲᠤᠷᠰᠢ ᠪᠠᠶᠢᠴᠠᠭᠠᠨ ᠦᠵᠡᠵᠦ᠂ ᠲᠤᠬᠠᠢ ᠶᠢᠨ ᠭᠠᠵᠠᠷ ᠤᠨ ᠺᠠᠳ᠋ᠷ ᠤᠯᠠᠨ ᠲᠦᠮᠡᠨ ᠲᠠᠢ ᠬᠠᠮᠲᠤ ︽ᠤᠰᠤᠨ ᠤ ᠳᠠᠩᠰᠠ ︾ ᠶᠢ ᠪᠤᠳᠤᠵᠦ᠂ ᠠᠰᠠᠭᠤᠳᠠᠯ ᠳᠤᠷᠠᠳᠴᠤ᠂ ᠠᠷᠭ᠎ᠠ ᠵᠥᠪᠯᠡᠪᠡ᠃ ᠦ᠋ ᠸᠧᠢ ᠬᠤᠸᠠ᠂ ᠲᠣᠰ ᠤᠳᠠᠭ᠎ᠠ ᠥᠪᠥᠷ ᠮᠣᠩᠭᠤᠯ ᠳᠤ ᠢᠷᠡᠵᠦ ︽ᠬᠠᠲᠤᠨ ᠭᠤᠣᠯ ᠤᠨ ︿ᠶᠡᠭᠡ ᠲᠣᠬᠤᠢ ﹀ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠬᠢᠭᠡᠳ ᠴᠢᠨᠠᠷ ᠰᠠᠶᠢᠲᠠᠢ ᠬᠥᠭᠵᠢᠯᠲᠡ ︾ ᠭᠡᠬᠦ ᠰᠡᠳᠦᠪ ᠤᠨ ᠪᠠᠶᠢᠴᠠᠭᠠᠨ ᠰᠤᠳᠤᠯᠤᠯᠲᠠ ᠥᠷᠨᠢᠭᠦᠯᠦᠭᠰᠡᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠮᠥᠨ᠃ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠪᠣᠯ ᠶᠡᠷᠦᠩᠬᠡᠢ ᠱᠦᠵᠢ ᠰᠢ ᠶᠢᠨ ᠫᠢᠩ ᠤᠨ ᠪᠡᠶ᠎ᠡ ᠪᠠᠷ ᠢᠶᠠᠨ ᠤᠬᠠᠭᠠᠯᠠᠨ ᠲᠥᠯᠥᠪᠯᠡᠵᠦ᠂ ᠪᠡᠶ᠎ᠡ ᠪᠠᠷ ᠢᠶᠠᠨ ᠪᠠᠶᠢᠷᠢᠯᠠᠭᠤᠯᠵᠤ ᠂ ᠪᠡᠶ᠎ᠡ ᠪᠠᠷ ᠢᠶᠠᠨ ᠠᠬᠢᠭᠤᠯᠤᠭᠰᠠᠨ ᠴᠢᠬᠤᠯᠠ ᠶᠡᠭᠡ ᠤᠯᠤᠰ ᠤᠨ ᠪᠠᠶᠢᠯᠳᠤᠬᠤ ᠪᠣᠳᠣᠯᠭ᠎ᠠ ᠮᠥᠨ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠪᠦᠭᠦ ᠲᠠᠯ᠎ᠠ ᠪᠠ ᠪᠦᠭᠦ ᠰᠠᠪᠠ ᠭᠠᠵᠠᠷ ᠤᠨ ᠣᠶᠢᠯᠠᠭᠠᠭᠳᠠᠬᠤᠨ ᠢ ᠪᠤᠶ ᠪᠤᠯᠭᠠᠵᠤ᠂ ᠬᠥᠭᠵᠢᠯᠲᠡ ᠪᠠ ᠬᠠᠮᠠᠭᠠᠯᠠᠯᠲᠠ᠂ ᠪᠦᠭᠦ ᠲᠠᠯ᠎ᠠ ᠪᠠ ᠬᠡᠰᠡᠭ ᠲᠠᠯ᠎ᠠ᠂ ᠣᠳᠣᠬᠠᠨ ᠤ ᠪᠠ ᠠᠯᠤᠰ ᠭᠡᠲᠦ ᠵᠡᠷᠭᠡ ᠬᠠᠷᠢᠴᠠᠭ᠎ᠠ ᠶᠢ ᠵᠥᠪ ᠰᠢᠢᠳᠪᠦᠷᠢᠯᠡᠵᠦ᠂ ᠬᠠᠲᠤᠨ ᠭᠤᠣᠯ ᠤᠨ ᠬᠠᠮᠠᠭᠠᠯᠠᠯᠲᠠ ᠵᠠᠰᠠᠯᠲᠠ ᠶᠢᠨ ᠠᠵᠢᠯ ᠤᠨ ᠪᠦᠲᠦᠮᠵᠢᠲᠡᠶ ᠠᠷᠭ᠎ᠠ ᠵᠠᠮ ᠢ ᠰᠢᠨᠵᠢᠯᠡᠬᠦ ᠤᠬᠠᠭᠠᠨᠴᠢ ᠪᠠᠷ ᠰᠦᠪᠡᠭᠴᠢᠯᠡᠬᠦ ᠬᠡᠷᠡᠭᠲᠡᠢ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠤᠰᠤ ᠪᠠᠷ ᠳᠥᠷᠪᠡ ᠶᠢ ᠲᠣᠭᠲᠠᠭᠠᠬᠤ ︾ ᠵᠠᠷᠴᠢᠮ ᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠤᠰᠤᠨ ᠤ ᠠᠮᠤᠷ ᠲᠦᠪᠰᠢᠨ ᠢ ᠪᠦᠲᠦᠮᠵᠢᠲᠡᠶ ᠪᠠᠲᠤᠯᠠᠬᠤ᠂ ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠶ ᠠᠰᠢᠭᠯᠠᠬᠤ᠂ ᠤᠰᠤᠨ ᠤ ᠠᠮᠢ ᠠᠬᠤᠢ ᠶᠢ ᠢᠯᠡᠳᠲᠡ ᠰᠠᠶᠢᠵᠢᠷᠠᠭᠤᠯᠬᠤ ᠡᠷᠴᠢᠮᠵᠢᠭᠦᠯᠦᠨ ᠠᠷᠪᠢᠯᠠᠬᠤ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠬᠤ ᠬᠡᠷᠡᠭᠲᠡᠢ ᠭᠡᠵᠦ ᠢᠯᠡᠳᠬᠡᠪᠡ᠃    ︽9 · 3︾ ᠤ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠲᠥᠪ ᠬᠤᠷᠢᠶᠠᠨ ᠤ ᠳᠡᠳ᠋ ᠲᠡᠷᠢᠭᠦᠯᠡᠭᠴᠢ ᠯᠢᠦ ᠵᠧᠩ ᠺᠦᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠭᠢᠯᠡᠭᠴᠢ ᠯᠢ ᠪᠢᠩ ᠷᠦᠩ ᠪᠠᠷ᠎ᠠ ᠪᠣᠯᠵᠤ ᠪᠠᠶᠢᠴᠠᠭᠠᠨ ᠰᠤᠳᠤᠯᠪᠠ᠃
 
ᠢᠷᠡᠯᠲᠡ᠄ ᠦᠪᠦᠷ ᠮᠤᠩᠭᠤᠯ ‍ᠤᠨ‌ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠦᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号