2024 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ︾ ᠵᠠᠯᠠᠭᠤᠴᠤᠳ ᠪᠠᠭᠠᠴᠤᠳ ᠤᠨ ᠥᠳᠥᠨ ᠪᠥᠮᠪᠦᠭᠡ ᠶᠢᠨ ᠮᠠᠩᠯᠠᠶ ᠰᠢᠯᠭᠠᠷᠠᠭᠤᠯᠬᠤ ᠤᠷᠤᠯᠳᠤᠭᠠᠨ ᠬᠢᠩᠭᠠᠨ ᠠᠶᠢᠮᠠᠭ ᠤᠨ ᠲᠦᠴᠢᠦᠸᠠᠨ ᠰᠢᠶᠠᠨ ᠳᠤ ᠡᠬᠢᠯᠡᠪᠡ
ᠨᠡᠶᠢᠲᠡᠯᠡᠭᠰᠡᠨ ᠴᠠᠭ᠄
2024/8/6
   8 ᠰᠠᠷ᠎ᠠ ᠶᠢᠨ 5 ᠤ ᠡᠳᠦᠷ᠂ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ︾ ᠵᠠᠯᠠᠭᠤᠴᠤᠳ ᠪᠠᠭᠠᠴᠤᠳ  ᠤᠨ ᠥᠳᠥᠨ ᠪᠥᠮᠪᠦᠭᠡ ᠶᠢᠨ ᠮᠠᠩᠯᠠᠶ ᠰᠢᠯᠭᠠᠷᠠᠭᠤᠯᠬᠤ ᠤᠷᠤᠯᠳᠤᠭᠠᠨ ᠲᠦᠴᠢᠦᠸᠠᠨ ᠰᠢᠶᠠᠨ ᠳᠤ ᠡᠬᠢᠯᠡᠪᠡ᠃
   ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠤᠯᠳᠤᠭᠠᠨ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠭᠤᠤᠯᠯᠠᠨ ᠡᠷᠭᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠤᠯᠳᠤᠭᠠᠨ ᠤ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠲᠥᠪ᠂ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠳᠠᠭᠠᠭᠠᠴᠢᠯᠠᠨ ᠡᠷᠭᠢᠯᠡᠵᠦ᠂ ᠲᠦᠴᠢᠦᠸᠠᠨ ᠰᠢᠶᠠᠨ ᠤ ᠰᠣᠶᠣᠯ ᠵᠢᠭᠤᠯᠴᠢᠯᠠᠯ ᠪᠡᠶ᠎ᠡ  ᠶᠢᠨ ᠲᠠᠮᠢᠷ ᠤᠨ ᠲᠣᠪᠴᠢᠶ᠎ᠠ᠂ ᠲᠦᠴᠢᠦᠸᠠᠨ ᠰᠢᠶᠠᠨ ᠤ ᠪᠡᠶ᠎ᠡ ᠶᠢᠨ ᠲᠠᠮᠢᠷ ᠤᠨ ᠲᠠᠯᠠᠪᠠᠶ ᠣᠷᠳᠣᠨ ᠤ ᠦᠶᠯᠡᠴᠢᠯᠡᠭᠡᠨ  ᠤ ᠲᠥᠪ ᠬᠠᠮᠵᠢᠨ ᠡᠷᠭᠢᠯᠡᠪᠡ᠃
   ᠤᠷᠤᠯᠳᠤᠭᠠᠨ 6 ᠡᠳᠦᠷ ᠶᠠᠪᠤᠭᠳᠠᠵᠤ᠂ ᠪᠦᠬᠦ ᠣᠷᠣᠨ ᠤ 12 ᠠᠶᠢᠮᠠᠭ ᠬᠤᠲᠠ ᠶᠢᠨ ᠲᠥᠯᠥᠭᠡᠯᠡᠭᠴᠢᠳ ᠤᠨ ᠠᠩᠭᠢ ᠶᠢᠨ 421 ᠲᠠᠮᠢᠷᠴᠢᠨ ᠤᠷᠤᠯᠳᠤᠭᠠᠨ ᠳᠤ ᠣᠷᠣᠯᠴᠠᠪᠠ᠃ ᠤᠷᠤᠯᠳᠤᠭᠠᠨ ᠳᠤ ᠳᠤᠭᠤᠢᠯᠠᠩ ᠬᠤᠪᠢᠶᠠᠨ ᠳᠠᠩ ᠡᠭᠡᠯᠵᠢᠲᠦ ᠤᠷᠤᠯᠳᠤᠭᠠᠨ + ᠣᠷᠣᠨ ᠪᠠᠶᠢᠷᠢ ᠲᠣᠭᠲᠠᠭᠠᠨ ᠰᠢᠭᠰᠢᠬᠦ ᠨᠡᠮᠡᠯᠲᠡ ᠤᠷᠤᠯᠳᠤᠭᠠᠨ ᠤ ᠳᠦᠷᠢᠮ ᠢ ᠬᠡᠷᠡᠭᠯᠡᠵᠦ᠂ ᠤᠷᠤᠯᠳᠤᠭᠠᠨ ᠳᠤ ᠣᠷᠣᠯᠴᠠᠭᠰᠠᠨ ᠲᠠᠮᠢᠷᠴᠢᠳ ᠢ ᠨᠠᠰᠤ ᠪᠠᠷ ᠨᠢ ᠬᠥᠬᠡ ᠬᠥᠬᠡᠭᠴᠢᠨ ᠤᠯᠠᠭᠠᠨ ᠳᠤᠭᠤᠢᠯᠠᠩ ᠬᠤᠪᠢᠶᠠᠵᠤ᠂ ᠤᠷᠤᠯᠳᠤᠭᠠᠨ ᠤ ᠲᠥᠷᠥᠯ ᠵᠦᠢᠯ ᠳᠤ ᠡᠷᠡᠭᠲᠡᠶ ᠶᠢᠨ ᠭᠠᠭᠴᠠᠭᠠᠷ ᠴᠣᠬᠢᠬᠤ᠂ ᠡᠮᠡᠭᠲᠡᠶ  ᠶᠢᠨ ᠭᠠᠭᠴᠠᠭᠠᠷ ᠴᠣᠬᠢᠬᠤ᠂ ᠡᠷᠡᠭᠲᠡᠶ ᠶᠢᠨ ᠬᠤᠣᠰᠯᠠᠨ ᠴᠣᠬᠢᠬᠤ᠂ ᠡᠮᠡᠭᠲᠡᠶ ᠶᠢᠨ ᠬᠤᠣᠰᠯᠠᠨ ᠴᠣᠬᠢᠬᠤ᠂ ᠬᠤᠯᠢᠮᠠᠭ ᠬᠤᠣᠰᠯᠠᠨ ᠴᠣᠬᠢᠬᠤ ᠵᠢᠴᠢ ᠪᠦᠯᠬᠦᠮ ᠤᠨ ᠵᠢᠷᠭᠤᠭᠠᠨ ᠶᠡᠭᠡ ᠬᠡᠰᠡᠭ ᠢ ᠬᠠᠮᠤᠷᠴᠠᠶ᠃
   ︽ᠥᠲᠥᠨ ᠪᠥᠮᠪᠦᠭᠡ ᠪᠣᠯᠪᠠᠰᠤᠷᠠᠭᠠᠳ ᠨᠢᠭᠡᠨᠲᠡ ᠲᠠᠪᠤᠳᠤᠭᠠᠷ ᠵᠢᠯ ᠪᠣᠯᠵᠠᠶ᠂ ᠥᠲᠥᠨ ᠪᠥᠮᠪᠦᠭᠡ ᠭᠡᠬᠦ ᠡᠨᠡ ᠬᠦ ᠬᠥᠳᠡᠯᠭᠡᠭᠡᠨ ᠳᠤ ᠮᠠᠰᠢ ᠳᠤᠷᠠᠲᠠᠶ᠃ ᠮᠢᠨᠦ ᠬᠠᠮᠤᠭ ᠤᠨ ᠰᠠᠶᠢᠨ ᠬᠢᠷᠢ ᠪᠦᠲᠦᠮᠵᠢ ᠪᠣᠯ ᠮᠠᠨ ᠤ ᠨᠤᠲᠤᠭ ᠬᠥᠯᠥᠨ ᠪᠣᠶᠢᠷ ᠬᠤᠲᠠ ᠶᠢᠨ ︿ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ﹀ ᠵᠠᠯᠠᠭᠤᠴᠤᠳ ᠪᠠᠭᠠᠴᠤᠳ ᠤᠨ ᠥᠳᠥᠨ ᠪᠥᠮᠪᠦᠭᠡ ᠶᠢᠨ ᠮᠠᠩᠯᠠᠶ ᠰᠢᠯᠭᠠᠷᠠᠭᠤᠯᠬᠤ ᠤᠷᠤᠯᠳᠤᠭᠠᠨ ᠳᠤ ᠨᠢᠭᠡᠳᠦᠭᠡᠷ ᠲᠤ ᠣᠷᠣᠵᠤ᠂ ᠡᠨᠡ ᠤᠳᠠᠭᠠᠨ ᠤ ᠤᠷᠤᠯᠳᠤᠭᠠᠨ ᠳᠤ ᠪᠠᠰᠠ ᠨᠢᠭᠡᠨ ᠰᠠᠶᠢᠨ ᠬᠢᠷᠢ ᠪᠦᠲᠦᠮᠵᠢ ᠣᠯᠵᠤ᠂ ᠨᠤᠲᠤᠭ ᠤᠰᠤᠨ ᠤ ᠪᠠᠨ ᠢᠷᠠᠭᠤ ᠠᠯᠳᠠᠷ ᠢ ᠨᠡᠮᠡᠭᠳᠡᠭᠦᠯᠬᠦ ᠶᠢ ᠬᠦᠰᠡᠵᠦ ᠪᠠᠶᠢᠨ᠎ᠠ᠃︾ ᠭᠡᠵᠦ ᠬᠥᠯᠥᠨ ᠪᠣᠶᠢᠷ ᠬᠤᠲᠠ ᠶᠢᠨ ᠲᠥᠯᠥᠭᠡᠯᠡᠭᠴᠢᠳ ᠤᠨ ᠠᠩᠭᠢ ᠶᠢᠨ ᠤᠯᠠᠭᠠᠨ ᠳᠤᠭᠤᠶᠢᠯᠠᠩ ᠤᠨ ᠭᠡᠰᠢᠭᠦᠨ ᠱᠠᠨ ᠴᠢᠤᠸᠠᠨ ᠯᠢᠨ ᠢᠲᠡᠭᠡᠯ ᠳᠦᠭᠦᠷᠡᠩ ᠬᠡᠯᠡᠪᠡ᠃
   ᠲᠠᠮᠢᠷᠴᠢᠳ ᠥᠳᠥᠨ ᠪᠥᠮᠪᠦᠭᠡ ᠶᠢᠨ ᠲᠤᠬᠠᠶ ᠬᠢᠵᠠᠭᠠᠯᠠᠰᠢ ᠦᠭᠡᠢ ᠬᠠᠯᠠᠭᠤᠨ ᠰᠡᠳᠬᠢᠯᠭᠡ ᠪᠠ ᠬᠦᠰᠡᠯ ᠡᠷᠡᠮᠡᠯᠵᠡᠯ ᠢ ᠡᠪᠦᠷᠯᠡᠨ᠂ ᠡᠨᠡ ᠤᠳᠠᠭᠠᠨ ᠤ ᠵᠠᠯᠠᠭᠤ ᠨᠠᠰᠤᠨ ᠤ ᠦᠪᠡᠳᠡᠭᠰᠢ ᠳᠠᠶᠢᠯᠠᠯᠭ᠎ᠠ ᠳᠤ ᠬᠠᠮᠲᠤ ᠪᠠᠷ ᠣᠷᠣᠯᠴᠠᠪᠠ᠃ ᠤᠷᠤᠯᠳᠤᠭᠠᠨ ᠤ ᠲᠤᠬᠠᠶ ᠶᠢᠨ ᠲᠠᠯᠠᠪᠠᠢ ᠳᠤ᠂ ᠵᠠᠯᠠᠭᠤ ᠪᠠᠭᠠᠴᠤᠳ ᠪᠡᠶ᠎ᠡ ᠲᠠᠮᠢᠷ ᠤᠨ ᠬᠤᠪᠴᠠᠰᠤ ᠡᠮᠦᠰᠴᠦ᠂ ᠪᠥᠮᠪᠥᠭᠡᠨ ᠫᠠᠶᠢᠰᠠ ᠠᠳᠬᠤᠨ᠂ ᠥᠳᠥᠨ ᠪᠥᠮᠪᠦᠭᠡ ᠬᠡᠢ ᠳᠡᠭᠡᠷ᠎ᠡ ᠭᠤᠶᠤ ᠰᠠᠢᠬᠠᠨ ᠨᠤᠮᠤ ᠶᠢᠨ ᠱᠤᠭᠤᠮ ᠰᠡᠯᠢᠵᠦ᠂ ᠪᠥᠮᠪᠦᠭᠡ ᠴᠣᠬᠢᠬᠤ ᠳᠠᠭᠤᠨ ᠢ ᠳᠠᠭᠠᠯᠳᠤᠨ᠂ ᠲᠠᠮᠢᠷᠴᠢᠳ ᠠᠮᠢᠳᠤᠯᠢᠭ ᠢᠶᠠᠷ ᠲᠠᠯᠠᠪᠠᠢ ᠳᠡᠭᠡᠷ᠎ᠡ ᠭᠦᠶᠦᠵᠦ ᠂ ᠵᠠᠷᠢᠮ ᠳᠠᠭᠠᠨ ᠫᠠᠶᠢᠰᠠ ᠬᠤᠷᠤᠶᠢᠯᠠᠨ ᠬᠦᠴᠦᠲᠡᠶ ᠴᠣᠬᠢᠵᠤ᠂ ᠵᠠᠷᠢᠮ ᠳᠠᠭᠠᠨ ᠬᠥᠩᠭᠡᠨ ᠪᠥᠮᠪᠦᠭᠡ ᠳᠠᠮᠨᠠᠨ᠎ᠠ᠃
   ︽ᠡᠨᠡ ᠪᠣᠯ ᠮᠢᠨᠦ ᠣᠷᠣᠨ ᠤ ᠲᠡᠰ ᠤᠨ ᠥᠳᠥᠨ ᠪᠥᠮᠪᠦᠭᠡ ᠶᠢᠨ ᠮᠠᠩᠯᠠᠶ ᠰᠢᠯᠭᠠᠷᠠᠭᠤᠯᠬᠤ ᠤᠷᠤᠯᠳᠤᠭᠠᠨ ᠳᠤ ᠭᠤᠷᠪᠠᠳᠠᠬᠢ ᠤᠳᠠᠭ᠎ᠠ ᠣᠷᠣᠯᠴᠠᠵᠤ ᠪᠠᠶᠢᠭ᠎ᠠ ᠶᠠᠪᠤᠳᠠᠯ ᠪᠣᠯᠤᠨ᠎ᠠ᠂ ᠲᠦᠷᠦᠭᠦᠦ ᠬᠤᠶᠠᠷ ᠤᠳᠠᠭᠠᠨ ᠤ ᠬᠢᠷᠢ ᠪᠦᠲᠦᠮᠵᠢ ᠴᠦ ᠮᠠᠰᠢ ᠰᠠᠶᠢᠨ᠂ ᠡᠨᠡ ᠤᠳᠠᠭᠠᠨ ᠤ ᠤᠷᠤᠯᠳᠤᠭᠠᠨ ᠳᠤ ᠨᠠᠩ ᠰᠠᠶᠢᠨ ᠬᠢᠷᠢ ᠪᠦᠲᠦᠮᠵᠢ ᠣᠯᠬᠤ ᠶᠢ ᠬᠦᠰᠡᠵᠦ ᠪᠠᠶᠢᠨ᠎ᠠ᠂ ᠲᠦᠴᠢᠦᠸᠠᠨ ᠤ ᠲᠠᠯᠠᠪᠤᠷ ᠮᠠᠰᠢ ᠰᠠᠶᠢᠨ᠂ ᠰᠠᠶ᠋ᠢ ᠬᠤᠶᠠᠷ ᠤᠳᠠᠭ᠎ᠠ ᠲᠤᠷᠰᠢᠵᠤ ᠪᠣᠯᠪᠠᠰᠤᠷᠠᠪᠠ᠂ ᠨᠡᠯᠢᠶᠡᠳ ᠤᠷᠤᠭᠰᠢᠲᠠᠶ᠃︾ ᠭᠡᠵᠦ ᠲᠦᠩᠯᠢᠶᠣᠤ ᠬᠤᠲᠠ ᠶᠢᠨ ᠲᠥᠯᠥᠭᠡᠯᠡᠭᠴᠢᠳ ᠤᠨ ᠠᠩᠭᠢ ᠶᠢᠨ ᠬᠥᠬᠡᠭᠴᠢᠨ ᠳᠤᠭᠤᠶᠢᠯᠠᠩ ᠤᠨ ᠭᠡᠰᠢᠭᠦᠨ ᠪᠤᠤ ᠢ ᠬᠤᠤ ᠬᠡᠯᠡᠪᠡ᠃
   ᠲᠦᠴᠢᠦᠸᠠᠨ ᠰᠢᠶᠠᠨ ᠲᠣᠰ ᠤᠳᠠᠭᠠᠨ ᠤ ᠤᠷᠤᠯᠳᠤᠭᠠᠨ ᠤ ᠬᠠᠮᠵᠢᠨ ᠭᠦᠶᠴᠡᠳᠬᠡᠬᠦ ᠲᠠᠯ᠎ᠠ ᠪᠣᠯᠤᠭᠰᠠᠨ ᠤ ᠬᠤᠪᠢ ᠳᠤ᠂ ᠣᠶᠢᠷ᠎ᠠ ᠶᠢᠨ ᠵᠢᠯ ᠳᠤ᠂ ᠲᠦᠴᠢᠦᠸᠠᠨ ᠰᠢᠶᠠᠨ ᠣᠯᠠᠨ ᠲᠦᠮᠡᠨ ᠤ ᠪᠡᠶ᠎ᠡ ᠶᠢᠨ ᠲᠠᠮᠢᠷ ᠤᠨ ᠠᠵᠢᠯᠯᠠᠭ᠎ᠠ  ᠶᠢ ᠶᠡᠬᠡᠪᠡᠷ ᠥᠷᠨᠢᠭᠦᠯᠵᠦ᠂ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠣᠪᠣᠶᠢᠮ᠎ᠠ ᠰᠠᠶᠢᠲᠤᠷ ᠠᠳᠬᠤᠵᠤ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢ ᠲᠠᠰᠤᠷᠠᠯᠲᠠ ᠥᠬᠡᠶ ᠪᠦᠷᠢᠨᠰᠢᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ᠂ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠲᠠᠯᠠᠪᠠᠶ ᠶᠢᠨ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ᠂ ᠤᠷᠤᠯᠳᠤᠭᠠᠨ ᠤ ᠪᠡᠶ᠎ᠡ ᠶᠢᠨ ᠲᠠᠮᠢᠷ᠂ ᠪᠡᠶ᠎ᠡ ᠶᠢᠨ ᠲᠠᠮᠢᠷ ᠤᠨ ᠠᠵᠤ ᠦᠶᠯᠡᠰ ᠵᠡᠷᠭᠡ ᠲᠠᠯ᠎ᠠ ᠪᠠᠷ ᠲᠦᠷᠭᠡᠨ ᠳᠠᠪᠰᠢᠯᠲᠠ ᠲᠠᠢ ᠪᠣᠯᠪᠠ᠃
   ︽ᠲᠦᠴᠢᠦᠸᠠᠨ ᠰᠢᠶᠠᠨ ᠤ ᠪᠡᠶ᠎ᠡ ᠶᠢᠨ ᠲᠠᠮᠢᠷ ᠤᠨ ᠣᠷᠳᠣᠨ ᠢ 2019 ᠣᠨ ᠳᠤ ᠠᠰᠢᠭᠯᠠᠯᠲᠠ ᠳᠤ ᠣᠷᠣᠭᠤᠯᠤᠭᠰᠠᠨ ᠶᠤᠮ᠂ ᠡᠨᠡ ᠪᠣᠯ ᠣᠳᠣᠬᠠᠨ ᠤ ᠪᠥᠬᠦ ᠣᠷᠣᠨ ᠤ ᠰᠢᠶᠠᠨ ᠤ ᠱᠠᠲᠤᠨ ᠤ ᠬᠤᠲᠠ ᠶᠢᠨ ᠳᠣᠲᠣᠷᠠᠬᠢ ᠲᠠᠩ ᠪᠡᠶ᠎ᠡ ᠶᠢᠨ ᠲᠠᠯᠠᠪᠠᠶ ᠪᠠᠷ ᠬᠠᠮᠤᠭ ᠤᠨ ᠶᠡᠭᠡ ᠶᠡᠷᠦᠩᠬᠡᠶᠢᠯᠡᠭᠰᠡᠨ ᠴᠢᠨᠠᠷᠲᠠᠶ ᠪᠡᠶ᠎ᠡ ᠶᠢᠨ ᠲᠠᠮᠢᠷ ᠤᠨ ᠣᠷᠳᠣᠨ ᠪᠣᠯᠤᠨ᠎ᠠ᠂ ᠪᠥᠬᠦ ᠣᠷᠣᠨ ᠤ ︿ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ﹀ ᠵᠠᠯᠠᠭᠤᠴᠤᠳ ᠪᠠᠭᠠᠴᠤᠳ ᠤᠨ ᠥᠲᠥᠨ ᠪᠥᠮᠪᠦᠭᠡ ᠶᠢᠨ ᠮᠠᠩᠯᠠᠶ ᠰᠢᠯᠭᠠᠷᠠᠭᠤᠯᠬᠤ ᠤᠷᠤᠯᠳᠤᠭᠠᠨ ᠢ ᠬᠤᠶᠠᠳᠠᠬᠢ ᠤᠳᠠᠭ᠎ᠠ ᠡᠷᠭᠢᠯᠡᠵᠦ ᠪᠠᠶᠢᠭ᠎ᠠ ᠶᠠᠪᠤᠳᠠᠯ ᠪᠣᠯᠤᠨ᠎ᠠ᠂ 2019 ᠣᠨ ᠠᠴᠠ ᠣᠲᠣ ᠪᠣᠯᠲᠠᠯ᠎ᠠ᠂ ᠡᠯ᠎ᠡ ᠱᠠᠲᠤᠨ ᠤ ᠡᠯ᠎ᠡ ᠲᠥᠷᠥᠯ ᠤᠨ ᠤᠷᠤᠯᠳᠤᠭᠠᠨ ᠢ ᠨᠡᠶᠢᠲᠡ 300 ᠭᠠᠷᠤᠶ ᠲᠠᠯᠠᠪᠠᠶ ᠳᠠᠭᠠᠭᠠᠨ ᠡᠷᠭᠢᠯᠡᠪᠡ᠃︾ ᠭᠡᠵᠦ ᠲᠦᠴᠢᠦᠸᠠᠨ ᠰᠢᠶᠠᠨ ᠤ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠤ ᠦᠶᠯᠡᠴᠢᠯᠡᠭᠡᠨ ᠤ ᠲᠥᠪ ᠤᠨ ᠡᠷᠬᠢᠯᠡᠭᠴᠢ ᠱᠢ ᠵᠢᠶᠦ᠋ᠨ ᠲᠠᠨᠢᠯᠴᠠᠭᠤᠯᠪᠠ᠃
   ᠲᠤᠰ ᠤᠳᠠᠭᠠᠨ ᠤ ᠮᠠᠩᠯᠠᠶ ᠰᠢᠯᠭᠠᠷᠠᠭᠤᠯᠬᠤ ᠤᠷᠤᠯᠳᠤᠭᠠᠨ ᠢ ᠡᠷᠬᠢᠯᠡᠭᠰᠡᠨ ᠨᠢ ᠪᠦᠬᠦ ᠣᠷᠣᠨ ᠤ ᠵᠠᠯᠠᠭᠤᠴᠤᠳ ᠪᠠᠭᠠᠴᠤᠳ ᠤᠨ ᠥᠳᠥᠨ ᠪᠥᠮᠪᠦᠭᠡ ᠶᠢᠨ ᠲᠠᠮᠢᠷᠴᠢᠳ ᠤᠨ ᠤᠷᠤᠯᠳᠤᠭᠠᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠪᠦᠬᠦ ᠣᠷᠣᠨ ᠤ ᠵᠠᠯᠠᠭᠤᠴᠤᠳ ᠪᠠᠭᠠᠴᠤᠳ ᠤᠨ ᠥᠳᠥᠨ ᠪᠥᠮᠪᠦᠭᠡ ᠶᠢᠨ ᠬᠥᠳᠡᠯᠭᠡᠭᠡᠨ ᠤ ᠤᠯᠠᠮ ᠨᠢᠭᠡ ᠠᠯᠬᠤᠮ ᠬᠥᠭᠵᠢᠬᠦ ᠶᠢ ᠠᠬᠢᠭᠤᠯᠵᠤ᠂ ᠡᠯ᠎ᠡ ᠠᠶᠢᠮᠠᠭ ᠬᠤᠲᠠ ᠶᠢᠨ ᠲᠥᠯᠥᠭᠡᠯᠡᠭᠴᠢᠳ ᠤᠨ ᠠᠩᠭᠢ ᠶᠢᠨ ᠬᠤᠭᠤᠷᠣᠨᠳᠣᠬᠢ ᠰᠣᠯᠢᠯᠴᠠᠭ᠎ᠠ ᠨᠡᠪᠲᠡᠷᠡᠯᠴᠡᠭᠡ ᠶᠢ ᠨᠡᠮᠡᠭᠳᠡᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠪᠠᠭᠠᠴᠤᠳ ᠤᠨ ᠥᠳᠥᠨ ᠪᠥᠮᠪᠦᠭᠡ ᠶᠢᠨ ᠬᠥᠳᠡᠯᠭᠡᠭᠡᠨ ᠳᠤ ᠨᠠᠩ ᠣᠯᠠᠨ ᠴᠤᠭ ᠵᠢᠪᠬᠤᠭ᠎ᠠ ᠶᠢ ᠢᠯᠡᠷᠡᠭᠦᠯᠦᠭᠰᠡᠨ ᠪᠠᠶᠢᠨ᠎ᠠ᠃
   ︽ᠲᠤᠰ ᠤᠳᠠᠭᠠᠨ ᠤ ᠥᠳᠥᠨ ᠪᠥᠮᠪᠦᠭᠡ ᠶᠢᠨ ᠮᠠᠩᠯᠠᠶ ᠰᠢᠯᠭᠠᠷᠠᠭᠤᠯᠬᠤ ᠤᠷᠤᠯᠳᠤᠭᠠᠨ ᠨᠢ ᠪᠦᠬᠦ ᠤᠯᠤᠰ ᠤᠨ 15 ᠳ᠋ᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠳᠤ ᠬᠦᠴᠦᠨ ᠨᠡᠮᠡᠷᠢᠯᠡᠬᠦ ᠶᠢᠨ ᠲᠥᠯᠥᠭᠡ ᠶᠤᠮ᠂ ᠡᠨᠡ ᠤᠳᠠᠭᠠᠨ ᠤ ᠤᠷᠤᠯᠳᠤᠭᠠᠨ ᠳᠤ ᠠᠩᠬ᠎ᠠ ᠤᠳᠠᠭ᠎ᠠ ᠤᠯᠠᠭᠠᠨ ᠳᠤᠭᠤᠢᠯᠠᠩ ᠨᠡᠮᠡᠭᠳᠡᠵᠦ᠂ ᠣᠷᠣᠯᠴᠠᠭᠰᠠᠨ ᠬᠥᠮᠦᠨ ᠤ ᠲᠤᠭ᠎ᠠ ᠨᠢ ᠮᠠᠰᠢ ᠣᠯᠠᠨ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠪᠠᠭᠠᠴᠤᠳ ᠤᠨ ᠥᠳᠥᠨ ᠪᠥᠮᠪᠦᠭᠡ ᠶᠢᠨ ᠬᠥᠳᠡᠯᠭᠡᠭᠡᠨ ᠢ ᠲᠦᠭᠡᠮᠡᠯᠵᠢᠭᠦᠯᠬᠦ ᠵᠢᠴᠢ ᠪᠡᠯᠡᠳᠬᠡᠯ ᠴᠢᠳᠠᠪᠤᠷᠢᠲᠠᠨ ᠢ ᠬᠥᠮᠦᠵᠢᠭᠦᠯᠬᠦ ᠴᠢᠬᠤᠯᠠ ᠲᠠᠪᠴᠠᠩ ᠪᠣᠯᠵᠤ᠂ ᠨᠠᠩ ᠣᠯᠠᠨ ᠵᠠᠯᠠᠭᠤᠴᠤᠳ ᠪᠠᠭᠠᠴᠤᠳ ᠲᠤ ᠤᠷᠤᠯᠳᠤᠭᠠᠨ ᠤ ᠰᠣᠯᠢᠯᠴᠠᠭ᠎ᠠ ᠬᠢᠬᠦ ᠲᠣᠬᠢᠶᠠᠯ ᠬᠠᠩᠭᠠᠭᠰᠠᠨ ᠮᠥᠷᠲᠡᠭᠡᠨ ᠪᠠᠰᠠ ᠥᠪᠡᠷᠲᠡᠭᠡᠨ ᠵᠠᠰᠠᠬᠤ ᠣᠷᠣᠨ ᠤ ᠥᠳᠥᠨ ᠪᠥᠮᠪᠦᠭᠡ ᠶᠢᠨ ᠪᠡᠯᠡᠳᠬᠡᠯ ᠴᠢᠳᠠᠪᠤᠷᠢᠲᠠᠨ ᠤ ᠪᠦᠬᠦᠯᠢ ᠴᠣᠭᠴᠠ ᠶᠢᠨ ᠪᠣᠳᠠᠲᠤ ᠬᠦᠴᠦᠨ ᠢ ᠰᠢᠯᠭᠠᠵᠤ᠂ ᠥᠪᠡᠷᠲᠡᠭᠡᠨ ᠵᠠᠰᠠᠬᠤ ᠣᠷᠣᠨ ᠤ ᠲᠤᠰᠬᠠᠶ ᠮᠡᠷᠭᠡᠵᠢᠯ ᠤᠨ ᠰᠢᠯᠢᠳᠡᠭ ᠵᠠᠯᠭᠠᠮᠵᠢᠯᠠᠭᠴᠢ ᠶᠢ ᠰᠣᠩᠭᠤᠬᠤ ᠳᠤ ᠴᠢᠬᠤᠯᠠ ᠯᠠᠪᠯᠠᠯᠲᠠ ᠬᠠᠩᠭᠠᠪᠠ᠃︾ ᠭᠡᠵᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠮᠪᠦᠭᠡ ᠶᠢᠨ ᠲᠦᠷᠦᠯ ᠤᠨ ᠬᠥᠳᠡᠯᠭᠡᠭᠡᠨ ᠤ ᠲᠥᠪ ᠤᠨ ᠳᠡᠳ᠋ ᠡᠷᠬᠢᠯᠡᠭᠴᠢ ᠯᠢᠶᠣᠤ ᡁᠢ ᠫᠧᠩ ᠲᠠᠨᠢᠯᠴᠠᠭᠤᠯᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号