ᠬᠠᠷᠸᠠᠷᠳ᠋ ᠶᠡᠭᠡ ᠰᠤᠷᠭᠠᠭᠤᠯᠢ ᠶᠢᠨ ᠰᠢᠨ᠎ᠡ ᠰᠤᠳᠤᠯᠭᠠᠨ ᠳᠤ᠄ ᠡᠨᠡ 19 ᠵᠦᠢᠯ ᠤᠨ ᠢᠳᠡᠭᠡᠨ ᠢ ᠶᠣᠰᠣᠭᠠᠷ ᠢᠶᠠᠷ ᠨᠢ ᠢᠳᠡᠪᠡᠯ ᠰᠣᠯᠢᠯᠴᠠᠭᠠᠨ ᠤ ᠡᠷᠡᠭᠦᠯ ᠮᠡᠨᠳᠦ ᠶᠢ ᠰᠠᠶᠢᠵᠢᠷᠠᠭᠤᠯᠵᠤ ᠤᠳᠠᠭᠠᠨ ᠴᠢᠨᠠᠷᠲᠠᠶ ᠡᠪᠡᠳᠴᠢᠨ ᠤ ᠲᠦᠭᠰᠢᠭᠦᠷᠢ ᠶᠢ ᠪᠠᠭᠤᠷᠠᠭᠤᠯᠤᠨ᠎ᠠ ᠭᠡᠪᠡ
ᠨᠡᠶᠢᠲᠡᠯᠡᠭᠰᠡᠨ ᠴᠠᠭ᠄
2024/8/7
   2024 ᠣᠨ ᠤ 5 ᠰᠠᠷ᠎ᠠ ᠳᠤ᠂ ᠬᠠᠷᠸᠠᠷᠳ᠋ ᠶᠡᠭᠡ ᠰᠤᠷᠭᠠᠭᠤᠯᠢ ᠶᠢᠨ ᠰᠤᠳᠤᠯᠭᠠᠲᠠᠳ ︽ᠠᠮᠧᠷᠢᠺᠠ ᠶᠢᠨ ᠡᠮᠴᠢᠯᠡᠭᠡᠨ ᠤ ᠰᠢᠮ᠎ᠡ ᠲᠡᠵᠢᠭᠡᠯ ᠤᠨ ᠤᠬᠠᠭᠠᠨ︾ ᠰᠡᠳᠬᠦᠯ ᠳᠡᠭᠡᠷ᠎ᠡ ᠨᠢᠭᠡ ᠬᠤᠪᠢ ᠰᠤᠳᠤᠯᠭᠠᠨ ᠨᠡᠶᠢᠲᠡᠯᠡᠵᠦ᠂ 19 ᠵᠦᠢᠯ ᠤᠨ ︽ᠪᠣᠳᠠᠰ ᠤᠨ ᠰᠣᠯᠢᠯᠴᠠᠭ᠎ᠠ ᠰᠠᠶᠢᠳᠠᠢ ᠢᠳᠡᠰᠢᠨ ᠨᠣᠭᠤᠭ᠎ᠠ ᠵᠢᠮᠢᠰ︾ ᠢ ᠰᠢᠯᠭᠠᠷᠠᠭᠤᠯᠤᠨ ᠭᠠᠷᠭᠠᠵᠤ᠂ ᠢᠳᠡᠰᠢᠨ ᠨᠣᠭᠤᠭ᠎ᠠ ᠵᠢᠮᠢᠰ ᠢᠯᠡᠭᠦᠦ ᠢᠳᠡᠬᠦ ᠨᠢ ᠤᠳᠠᠭᠠᠨ ᠴᠢᠨᠠᠷᠲᠠᠶ ᠡᠪᠡᠳᠴᠢᠨ ᠢ ᠰᠡᠷᠭᠡᠶᠢᠯᠡᠬᠦ ᠳᠤ ᠵᠥᠪ ᠲᠠᠯ᠎ᠠ ᠶᠢᠨ ᠦᠢᠯᠡᠳᠦᠯ ᠦᠵᠡᠭᠦᠯᠬᠦ ᠶᠢ ᠨᠠᠩ ᠭᠡᠷᠡᠴᠢᠯᠡᠪᠡ᠃    ᠦᠷ᠎ᠡ ᠳ᠋ᠦᠩ ᠳᠤ ᠢᠯᠡᠷᠡᠭᠦᠯᠦᠭᠰᠡᠨ ᠢᠶᠠᠷ᠄ 52 ᠵᠦᠢᠯ ᠤᠨ ᠢᠳᠡᠰᠢᠨ ᠨᠣᠭᠤᠭ᠎ᠠ ᠵᠢᠮᠢᠰ ᠤᠨ ᠲᠤᠳᠤᠷᠠᠬᠢ 19 ᠵᠦᠢᠯ ᠢ ᠨᠢ ︽ᠪᠣᠳᠠᠰ ᠤᠨ ᠰᠣᠯᠢᠯᠴᠠᠭ᠎ᠠ ᠰᠠᠶᠢᠲᠠᠶ ᠢᠳᠡᠰᠢᠨ ᠨᠣᠭᠤᠭ᠎ᠠ ᠵᠢᠮᠢᠰ︾ ᠢᠶᠠᠷ ᠲᠣᠭᠳᠠᠭᠠᠪᠠ᠂ ᠲᠡᠳᠡᠭᠡᠷ ᠨᠢ᠄    5 ᠳ᠋ᠤᠭᠠᠷ ᠬᠤᠪᠢᠶᠠᠷᠢ ᠳᠤᠭᠤᠶᠢᠯᠠᠩ᠄ ᠠᠯᠮᠤᠷᠠᠳ / ᠠᠯᠢᠮ᠎ᠠ    4 ᠳ᠋ᠤᠭᠡᠷ ᠬᠤᠪᠢᠶᠠᠷᠢ ᠳᠤᠭᠤᠶᠢᠯᠠᠩ᠄ ᠲᠦᠭᠦᠬᠡᠶ ᠨᠣᠭᠤᠭ᠎ᠠ᠂ ᠲᠦᠭᠦᠬᠡᠶ ᠪᠦᠸᠧᠼᠠᠢ᠂ ᠴᠠᠷᠭᠠᠰᠤ ᠶᠢᠨ ᠰᠤᠶᠤᠭ᠎ᠠ᠂ ᠬᠠᠰᠢ / ᠵᠢᠶᠦᠦᠭᠤᠸᠠ᠂ ᠦᠵᠦᠮ / ᠦᠵᠦᠮ ᠤᠨ ᠬᠠᠲᠠᠭᠠᠮᠠᠯ᠂ ᠨᠣᠭᠤᠭᠠᠨ ᠴᠡᠴᠡᠭᠲᠦ ᠨᠣᠭᠤᠭ᠎ᠠ᠂ ᠴᠤᠭᠤᠷ ᠨᠣᠭᠤᠭ᠎ᠠ᠂ ᠰᠡᠪᠰᠡᠭᠡᠷ ᠴᠠᠭᠠᠨ ᠨᠤᠭᠤᠭ᠎ᠠ᠂ ᠯᠠᠵᠤᠤ / ᠤᠯᠠᠭᠠᠨ ᠯᠠᠵᠤᠤ    3 ᠳ᠋ᠤᠭᠠᠷ ᠬᠤᠪᠢᠶᠠᠷᠢ ᠳᠤᠭᠤᠶᠢᠯᠠᠩ᠄ ᠲᠦᠭᠦᠬᠡᠢ ᠰᠢᠷ᠎ᠠ ᠯᠤᠤᠪᠠᠩ᠂ ᠴᠡᠴᠡᠭᠲᠦ ᠴᠠᠭᠠᠨ ᠨᠣᠭᠤᠭ᠎ᠠ᠂ ᠰᠢᠯᠦᠬᠡᠢ ᠨᠣᠭᠤᠭ᠎ᠠ ᠪᠤᠶᠤ ᠭᠡᠷ ᠤᠨ ᠢᠳᠡᠷ᠎ᠡ    2 ᠳ᠋ᠤᠭᠠᠷ ᠬᠤᠪᠢᠶᠠᠷᠢ ᠳᠤᠭᠤᠶᠢᠯᠠᠩ᠄ ᠬᠥᠬᠡ ᠵᠢᠮᠢᠰᠭᠡᠨ᠎ᠡ᠂ ᠦᠵᠦᠮ ᠤᠨ ᠵᠦᠷᠵᠢᠯᠢᠭ᠂ ᠵᠦᠷᠵᠢ᠂ ᠰᠢ ᠮᠧᠶ᠂ ᠮᠥᠭᠦ᠂ ᠪᠠᠨᠠᠨᠠ    ᠡᠨᠡ ᠨᠢ ᠳᠠᠷᠤᠶ ᠢᠳᠡᠭᠡᠨ ᠤᠮᠳᠠᠭᠠᠨ ᠤ ᠳᠤᠮᠳᠠ᠂ ︽ᠪᠣᠳᠠᠰ ᠤᠨ ᠰᠣᠯᠢᠯᠴᠠᠭ᠎ᠠ ᠰᠠᠶᠢᠲᠠᠶ ᠢᠳᠡᠰᠢᠨ ᠨᠣᠭᠤᠭ᠎ᠠ ᠵᠢᠮᠢᠰ︾ ᠢ ᠬᠡᠳᠦᠶ ᠠᠷᠪᠢᠨ ᠢᠳᠡᠬᠦ ᠲᠤᠲᠤᠮ ᠤᠳᠠᠭᠠᠨ ᠴᠢᠨᠠᠷᠲᠠᠶ ᠡᠪᠡᠳᠴᠢᠨ ᠳᠤ ᠨᠡᠷᠪᠡᠭᠳᠡᠬᠦ ᠲᠦᠭᠰᠢᠭᠦᠷᠢ ᠨᠢ ᠲᠡᠳᠦᠶ ᠪᠠᠭᠤᠷᠠᠬᠤ ᠶᠢ ᠬᠠᠷᠠᠭᠤᠯᠵᠤ ᠪᠤᠢ᠂ ᠡᠳᠡᠭᠡᠷ ᠨᠣᠭᠤᠭ᠎ᠠ ᠵᠢᠮᠢᠰ ᠲᠤ ᠴᠥᠮ ᠺᠠᠯᠢ᠂ ᠮᠠᠭᠨᠢ᠂ β — ᠬᠤᠯᠤᠤᠪᠠᠩ ᠤᠨ ᠡᠳ᠋᠂ ᠰᠢᠷ᠎ᠠ ᠺᠧᠲ᠋ᠣᠨ ᠪᠠ ᠢᠳᠡᠭᠡᠨ ᠤ ᠰᠢᠷᠬᠡᠭᠯᠢᠭ ᠵᠡᠷᠭᠡ ᠰᠢᠮ᠎ᠡ ᠲᠡᠵᠢᠭᠡᠯ ᠤᠨ ᠪᠦᠷᠢᠯᠳᠦᠬᠦᠨ ᠡᠯᠪᠡᠭ ᠠᠭᠤᠯᠤᠭᠳᠠᠵᠦ ᠪᠠᠶᠢᠬᠤ ᠮᠥᠷᠲᠡᠭᠡᠨ ᠰᠢᠬᠢᠷ ᠤᠨ ᠠᠭᠤᠯᠤᠭᠳᠠᠴᠠ ᠨᠢ ᠳᠤᠤᠷ᠎ᠠ ᠪᠠᠶᠢᠵᠤ᠂ ᠡᠯ᠎ᠡ ᠵᠦᠢᠯ ᠤᠨ ᠬᠠᠮᠠᠭᠠᠯᠠᠬᠤ ᠲᠣᠭᠲᠠᠴᠠ ᠪᠠᠷ ᠳᠠᠮᠵᠢᠭᠤᠯᠤᠨ ᠤᠳᠠᠭᠠᠨ ᠴᠢᠨᠠᠷᠲᠠᠶ ᠡᠪᠡᠳᠴᠢᠨ ᠳᠤ ᠨᠡᠷᠪᠡᠭᠳᠡᠬᠦ ᠲᠦᠭᠰᠢᠭᠦᠷᠢ ᠶᠢ ᠪᠠᠭᠤᠷᠠᠭᠤᠯᠬᠤ ᠳᠤ ᠠᠰᠢᠭᠲᠠᠶ ᠪᠠᠶᠢᠳᠠᠭ᠂ ᠡᠭᠦᠨ ᠳᠤ ᠢᠰᠦᠯᠳᠦᠬᠦ ᠶᠢ ᠡᠰᠡᠷᠭᠦᠴᠡᠬᠦ᠂ ᠦᠷᠪᠢᠰᠦᠯ ᠢ ᠲᠠᠷᠤᠬᠤ᠂ ᠴᠢᠰᠤᠨ ᠳᠠᠷᠤᠯᠲᠠ ᠶᠢ ᠪᠠᠭᠤᠷᠠᠭᠤᠯᠬᠤ ᠵᠡᠷᠭᠡ ᠪᠠᠭᠲᠠᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号