ᠭᠤᠷᠪᠠᠨ ᠹᠦ᠋ ᠶᠢᠨ ᠬᠠᠯᠠᠭᠤᠨ ᠳᠤ᠂ ᠮᠠᠰᠢ ᠣᠯᠠᠨ ᠬᠥᠮᠦᠨ ᠬᠠᠯᠠᠭᠤᠨ ᠠᠴᠠ ᠵᠠᠶᠢᠯᠠᠵᠤ ᠭᠡᠷ ᠲᠡᠭᠡᠨ ᠰᠠᠭᠤᠵᠤ | ᠪᠠᠶᠢᠳᠠᠭ᠃ ᠲᠤᠰᠬᠠᠶ ᠮᠡᠷᠭᠡᠵᠢᠯᠲᠡᠨ᠄ ᠬᠡᠷ ᠲᠡᠭᠡᠨ ᠪᠠᠶᠢᠭᠰᠠᠨ ᠴᠤ ᠨᠠᠷᠠᠰᠢᠬᠤ ᠠᠴᠠ ᠰᠡᠷᠭᠡᠶᠢᠯᠡᠬᠦ ᠬᠡᠷᠡᠭᠲᠡᠶ᠃ ᠭᠡᠷ | ᠳᠣᠲᠣᠷᠠᠬᠢ ᠬᠠᠯᠠᠭᠤᠨ ᠤ ᠬᠡᠮᠵᠢᠶ᠎ᠡ ᠨᠢ 32 °C ᠠᠴᠠ ᠳᠡᠭᠡᠭᠰᠢ᠂ ᠴᠢᠭᠢᠭ ᠤᠨ ᠬᠡᠮᠵᠢᠶ᠎ᠡ ᠨᠢ 60 % ᠠᠴᠠ | ᠳᠡᠭᠡᠭᠰᠢ ᠪᠤᠯᠵᠤ᠂ ᠠᠭᠠᠷ ᠨᠡᠪᠲᠡᠷᠡᠬᠦ ᠦᠭᠡᠶ ᠦᠶ᠎ᠡ ᠳᠤ ᠠᠮᠠᠷᠬᠠᠨ ᠨᠠᠷᠠᠰᠢᠬᠤ ᠪᠠᠶᠢᠳᠠᠯ ᠭᠠᠷᠳᠠᠭ᠃ ᠨᠠᠷᠠᠰᠢᠬᠰᠠᠨ | ᠢᠯᠡᠷᠡᠯ ᠰᠢᠨᠵᠢ ᠭᠠᠷᠪᠠᠯ ᠳᠠᠷᠤᠢ ᠲᠦᠷᠭᠡᠨ ᠨᠠᠷᠠᠰᠢᠬᠤ ᠶᠢ ᠪᠠᠭᠤᠷᠠᠭᠤᠯᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃ | ᠶᠡᠷᠦ ᠶᠢᠨ ᠬᠠᠯᠠᠭᠤᠨ ᠢ ᠪᠠᠭᠤᠷᠠᠭᠤᠯᠬᠤ ᠡᠮ ᠤᠤᠭᠤᠬᠤ ᠨᠢ ᠶᠠᠮᠠᠷᠴᠤ ᠦᠢᠯᠡᠳᠦᠯ ᠲᠤᠰᠠ ᠭᠠᠷᠬᠤ ᠦᠭᠡᠢ᠃ | ᠬᠠᠷᠢᠨ ᠥᠨᠳᠥᠷ ᠬᠠᠯᠠᠭᠤᠨ ᠣᠷᠴᠢᠨ ᠲᠣᠭᠤᠷᠢᠨ ᠠᠴᠠ ᠨᠢ ᠠᠯᠢ ᠪᠤᠯᠬᠤ ᠪᠠᠷ ᠲᠦᠷᠭᠡᠨ ᠵᠠᠶᠢᠯᠠᠭᠤᠯᠵᠤ᠂ | ᠤᠷᠢᠳ ᠢᠶᠠᠷ ᠡᠪᠡᠳᠴᠢᠲᠡᠨ ᠢ ᠰᠠᠯᠬᠢ ᠨᠡᠪᠲᠡᠷᠡᠬᠦ ᠭᠠᠵᠠᠷ ᠲᠤ ᠰᠢᠯᠵᠢᠭᠦᠯᠵᠦ᠂ ᠡᠪᠡᠳᠴᠢᠲᠡᠨ ᠳᠤ ᠲᠦᠷᠭᠡᠨ ᠤᠰᠤ | ᠪᠠ ᠡᠷᠦᠳᠡᠰᠦ ᠨᠥᠬᠦᠪᠥᠷᠢᠯᠡᠬᠦ ᠬᠡᠷᠡᠭᠲᠡᠶ᠃ ᠹᠢᠽᠢᠺ ᠤᠨ ᠠᠷᠭ᠎ᠠ ᠪᠠᠷ ᠬᠠᠯᠠᠭᠤᠨ ᠢ ᠨᠢ ᠪᠠᠭᠤᠷᠠᠭᠤᠯᠵᠤ᠂ ᠬᠦᠢᠲᠡᠨ | ᠤᠰᠤ ᠪᠠᠷ ᠪᠡᠶ᠎ᠡ ᠶᠢ ᠨᠢ ᠵᠦᠯᠭᠦᠬᠦ ᠪᠤᠶᠤ ᠪᠦᠯᠢᠶᠡᠨ ᠤᠰᠤ ᠪᠠᠷ ᠪᠡᠶ᠎ᠡ ᠶᠢ ᠨᠢ ᠤᠬᠢᠶᠠᠬᠤ ᠬᠡᠷᠡᠭᠳᠡᠢ᠂ ᠬᠦᠨᠳᠦ | ᠨᠠᠷᠠᠰᠢᠬᠰᠠᠨ ᠪᠠᠶᠢᠪᠠᠯ ᠮᠥᠰᠥᠨ ᠤᠭᠤᠲᠠ ᠶᠢ ᠡᠪᠡᠳᠴᠢᠲᠡᠨ ᠤ ᠮᠠᠩᠨᠠᠢ᠂ ᠬᠦᠵᠦᠭᠦᠨ ᠤ ᠬᠡᠰᠡᠭ᠂ ᠰᠤᠭᠤ ᠪᠠ | ᠴᠠᠪᠢᠨ ᠳᠤᠨᠢ ᠲᠠᠯᠪᠢᠵᠤ᠂ ᠡᠪᠡᠳᠴᠢᠲᠡᠨ ᠤ ᠪᠡᠶ᠎ᠡ ᠶᠢᠨ ᠢᠯᠴᠢ ᠶᠢ ᠲᠠᠷᠬᠠᠭᠠ᠊ ᠬᠨ ᠪᠠᠭᠤᠷᠠᠭᠤᠯᠬᠤ ᠶᠢ ᠲᠦᠷᠭᠡᠳᠬᠡᠬᠦ | ᠭᠡᠷᠡᠭᠳᠡᠢ ᠭᠡᠵᠦ ᠰᠠᠨᠠᠭᠤᠯᠪᠠ᠃ | ᠪᠢᠲᠡᠭᠦᠦ ᠣᠷᠣᠨ ᠵᠠᠶ ᠳᠤ ᠣᠷᠳᠣ ᠬᠤᠭᠤᠴᠠᠭ᠎ᠠ ᠪᠠᠷ ᠠᠭᠠᠷ ᠲᠣᠬᠢᠷᠠᠭᠤᠯᠤᠭᠴᠢ ᠶᠢ ᠬᠡᠷᠡᠭᠯᠡᠬᠦ᠂ ᠴᠢᠨᠠᠭᠰᠢᠯᠠᠪᠠᠯ | ᠵᠠᠷᠢᠮ ᠦᠶ᠎ᠡ ᠳᠤ ᠠᠭᠠᠷ ᠲᠣᠬᠢᠷᠠᠭᠤᠯᠤᠭᠴᠢ ᠶᠢᠨ ᠬᠠᠯᠠᠭᠤᠨ ᠤ ᠬᠡᠮᠵᠢᠶ᠎ᠡ ᠨᠡᠯᠢᠶᠡᠳ ᠳᠤᠤᠷ᠎ᠠ ᠪᠠᠶᠢᠬᠤ ᠳᠤ ᠬᠦᠷᠪᠡᠯ | ᠪᠡᠶ᠎ᠡ ᠡᠪ ᠦᠭᠡᠶᠢᠷᠡᠬᠦ ᠪᠠᠶᠢᠳᠠᠯ ᠰᠢᠨᠵᠢ ᠨᠤᠭᠤᠳ ᠭᠠᠷᠴᠤ ᠮᠡᠳᠡᠨ᠎ᠡ᠂ ᠡᠭᠦᠨ ᠳᠤ ᠠᠮᠢᠰᠬᠤᠯ ᠤᠨ ᠰᠢᠰᠲ᠋ᠧᠮ ᠤᠨ | ᠡᠪᠡᠳᠴᠢᠨ᠂ ᠬᠠᠯᠳᠠᠪᠤᠷᠢᠯᠠᠯ ᠤᠨ ᠴᠢᠨᠠᠷᠲᠠᠶ ᠡᠪᠡᠳᠴᠢᠨ᠂ ᠬᠠᠷᠰᠢᠮᠠᠲᠠᠭᠠᠶ ᠴᠢᠨᠠᠷᠲᠠᠶ ᠡᠪᠡᠳᠴᠢᠨ ᠵᠡᠷᠭᠡ ᠪᠤᠢ᠂ | ᠡᠭᠦᠨ ᠢ ᠶᠡᠷᠦᠩᠬᠡᠶᠢᠯᠡᠭᠡᠳ ︽ᠠᠭᠠᠷ ᠲᠣᠬᠢᠷᠠᠭᠤᠯᠤᠭᠴᠢ ᠶᠢᠨ ᠡᠪᠡᠳᠴᠢᠨ︾ ᠭᠡᠳᠡᠭ᠃ |