ᠲᠣᠪᠴᠢ ᠮᠡᠳᠡᠭᠡ
ᠨᠡᠶᠢᠲᠡᠯᠡᠭᠰᠡᠨ ᠴᠠᠭ᠄
2024/8/7
   ᠣᠷᠳᠣᠰ ᠬᠤᠲᠠ ᠠᠭᠠᠷ ᠠᠶᠠᠯᠠᠯ ᠢᠶᠠᠷ ᠲᠦᠮᠡᠨ ᠬᠥᠮᠦᠨ ᠢ ᠬᠢᠯᠢ ᠳᠤ ᠣᠷᠣᠵᠤ ᠵᠢᠭᠤᠯᠴᠢᠯᠠᠭᠤᠯᠬᠤ ᠬᠤᠲᠠ ᠶᠢ ᠳᠤᠯᠠᠭᠠᠴᠠᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ᠃ ᠤᠷᠢᠳ ᠬᠤᠵᠢᠳ ᠺᠣᠷᠢᠶᠠ ᠶᠢᠨ ᠰᠸᠦ᠋ᠯ᠂ ᠶᠢᠨ ᠴᠧᠨ᠂ ᠵᠧ ᠵᠤ᠂ ᠮᠦ ᠠᠨ᠂ ᠸᠢᠶᠧᠳ᠋ᠨᠠᠮ ᠤᠨ ᠬᠠᠨᠤᠢ ᠵᠡᠷᠭᠡ 6 ᠵᠣᠷᠪᠣᠰ ᠣᠯᠠᠨ ᠤᠯᠤᠰ ᠤᠨ ᠰᠢᠭᠤᠳ ᠨᠢᠰᠬᠦ ᠠᠶᠠᠯᠠᠯ ᠤᠨ ᠱᠤᠭᠤᠮ ᠢ ᠨᠡᠪᠲᠡᠷᠡᠭᠦᠯᠪᠡ᠃ ᠡᠭᠦᠨ ᠤ ᠬᠠᠮᠲᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠵᠣᠷᠢᠭᠵᠢᠭᠤᠯᠬᠤ ᠪᠠ ᠬᠥᠲᠥᠯᠦᠨ ᠵᠢᠯᠣᠭᠤᠳᠴᠤ ᠪᠠᠶᠢᠭᠠᠳ ᠠᠳᠠᠯᠢ ᠪᠤᠰᠤ ᠬᠥᠮᠦᠰ ᠲᠤ ᠴᠢᠭᠯᠡᠭᠦᠯᠦᠨ᠂ ᠬᠢᠯᠢ ᠪᠠᠷ ᠣᠷᠣᠵᠤ ᠢᠷᠡᠬᠦ ᠵᠢᠭᠤᠯᠴᠢᠯᠠᠯ ᠤᠨ ᠵᠣᠬᠢᠴᠠᠩᠭᠤᠶ ᠪᠦᠲᠦᠭᠡᠭᠳᠡᠬᠦᠨ ᠢ ᠭᠠᠷᠭᠠᠵᠤ᠂ ᠵᠢᠭᠤᠯᠴᠢᠯᠠᠯ ᠤᠨ ᠰᠣᠳᠣᠨ ᠵᠠᠮ ᠱᠤᠭᠤᠮ ᠢ ᠲᠥᠯᠥᠪᠯᠡᠵᠦ᠂ ᠬᠠᠷᠢᠯᠴᠠᠨ ᠬᠥᠳᠡᠯᠦᠯᠴᠡᠬᠦ ᠪᠡᠶᠡᠴᠢᠯᠡᠨ ᠣᠷᠣᠯᠴᠠᠬᠤ ᠲᠥᠷᠥᠯ ᠵᠦᠢᠯ ᠢ ᠬᠠᠩᠭᠠᠵᠤ᠂ ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠳᠡᠯᠡᠬᠡᠶᠢᠵᠢᠭᠰᠡᠨ ᠲᠦᠪᠰᠢᠨ ᠢ ᠳᠡᠭᠡᠭᠰᠢᠯᠡᠭᠦᠯᠦᠨ᠎ᠡ᠃ 7 ᠳ᠋ᠤᠭᠠᠷ ᠰᠠᠷ᠎ᠠ ᠳᠤ᠂ ᠣᠷᠳᠣᠰ ᠨᠢᠰᠬᠡᠯ ᠤᠨ ᠪᠠᠭᠤᠳᠠᠯ ᠨᠢ 39.2 ᠲᠦᠮᠡᠨ ᠬᠥᠮᠦᠨ ᠤᠳᠠᠭ᠎ᠠ ᠠᠶᠠᠨᠴᠢᠳ ᠢ ᠲᠤᠰᠤᠭᠰᠠᠨ ᠪᠠ ᠬᠦᠷᠭᠡᠵᠦ᠂ 3320 ᠤᠳᠠᠭ᠎ᠠ ᠶᠢᠨ ᠲᠡᠭᠡᠭᠡᠪᠦᠷᠢ ᠶᠢᠨ ᠨᠢᠰᠦᠯᠲᠡ ᠶᠢ ᠪᠠᠲᠤᠯᠠᠵᠤ᠂ ᠡᠳᠦᠷ ᠳᠤᠮᠳᠠᠴᠢ ᠪᠠᠷ ᠠᠶᠠᠨᠴᠢᠳ ᠢ ᠣᠷᠣᠭᠤᠯᠵᠤ ᠭᠠᠷᠭᠠᠭᠰᠠᠨ ᠬᠡᠮᠵᠢᠶ᠎ᠡ ᠨᠢ 1.26 ᠲᠦᠮᠡᠨ ᠬᠥᠮᠦᠨ ᠤᠳᠠᠭ᠎ᠠ ᠳᠤ ᠬᠦᠷᠴᠦ᠂ ᠡᠳᠡᠭᠡᠷ ᠨᠢ ᠴᠥᠮ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ ︵ᠤᠷᠳᠤᠰ ᠬᠤᠳᠠ ᠶᠢᠨ ᠵᠠᠰᠠᠭ ᠤᠨ ᠣᠷᠳᠣᠨ︶
 
ᠢᠷᠡᠯᠲᠡ᠄ ᠦᠪᠦᠷ ᠮᠤᠩᠭᠤᠯ ‍ᠤᠨ‌ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠦᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号